ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2024-09-27 09:30:59

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠬᠤᠷᠢᠶ᠎ᠠ ᠡᠴᠡ ᠣᠢᠯᠠᠭᠠᠭ᠍ᠰᠠᠨ ᠵᠢᠡᠷ᠂ 9 ᠰᠠᠷ᠎ᠠ ᠢ᠋ᠢᠨ 27 ᠤ᠋ ᠤᠷᠤᠢ ᠡᠴᠡ 30 ᠤ᠋ ᠡᠳᠦᠷ ᠪᠣᠯᠲᠠᠯ᠎ᠠ ᠨᠡᠯᠢᠶᠡᠳ ᠴᠢᠩᠭ᠎ᠠ ᠬᠦᠶ᠋ᠲᠡᠨ ᠠᠭᠠᠷ ᠮᠠᠨ ᠤ᠋ ᠤᠷᠤᠨ ᠢ᠋ ᠨᠦᠯᠦᠬᠡᠯᠡᠵᠤ᠂ ᠪᠥᠬᠥ᠌ ᠣᠷᠣᠨ ᠳ᠋ᠤ ᠨᠡᠢᠳᠡᠮ ᠪᠣᠷᠣᠭᠠᠨ ᠣᠷᠣᠵᠤ᠂ ᠳᠤᠯᠠᠭᠠᠨ ᠤ᠋ ᠬᠡᠮᠵᠢᠶ᠎ᠠ ᠪᠠᠭᠤᠷᠠᠨ᠂ ᠶᠡᠬᠡ ᠰᠠᠯᠬᠢ ᠰᠠᠯᠬᠢᠯᠠᠵᠤ᠂ ᠵᠠᠷᠢᠮ ᠭᠠᠵᠠᠷ ᠲᠦ᠍ ᠪᠣᠷᠣᠭᠠᠨ ᠴᠠᠰᠤ ᠬᠣᠯᠢᠯᠳᠤᠵᠤ ᠤᠷᠤᠨ᠎ᠠ᠃

9 ᠰᠠᠷ᠎ᠠ ᠢ᠋ᠢᠨ 27 ᠤ᠋ ᠡᠳᠦᠷ ᠤ᠋ᠨ 20 ᠴᠠᠭ ᠡᠴᠡ 30 ᠤ᠋ ᠡᠳᠦᠷ ᠤ᠋ᠨ 8 ᠴᠠᠭ ᠪᠣᠯᠲᠠᠯ᠎ᠠ᠂ ᠠᠯᠠᠱᠠ ᠠᠢᠮᠠᠭ ᠤ᠋ᠨ ᠵᠡᠭᠦᠨ ᠪᠡᠶ᠎ᠠ᠂ ᠪᠠᠶᠠᠨᠨᠠᠭᠤᠷ ᠬᠣᠲᠠ ᠢ᠋ᠢᠨ ᠡᠮᠦᠨ᠎ᠡ ᠪᠡᠶ᠎ᠠ ᠪᠠ ᠵᠡᠭᠦᠨ ᠪᠡᠶ᠎ᠠ᠂ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ ᠢ᠋ᠢᠨ ᠶᠡᠬᠡᠩᠬᠢ ᠭᠠᠵᠠᠷ᠂ ᠱᠢᠯᠢ ᠢ᠋ᠢᠨ ᠭᠤᠤᠯ ᠠᠢᠮᠠᠭ ᠤ᠋ᠨ ᠶᠡᠬᠡᠩᠬᠢ ᠭᠠᠵᠠᠷ᠂ ᠤᠯᠠᠭᠠᠨᠬᠠᠳᠠ ᠬᠣᠲᠠ ᠢ᠋ᠢᠨ ᠶᠡᠬᠡᠩᠬᠢ ᠭᠠᠵᠠᠷ᠂ ᠲᠦᠩᠯᠢᠶᠣᠤ ᠬᠣᠲᠠ ᠢ᠋ᠢᠨ ᠪᠠᠷᠠᠭᠤᠨ ᠬᠣᠢᠲᠤ ᠪᠡᠶ᠎ᠠ᠂ ᠬᠢᠩᠭᠠᠨ ᠠᠢᠮᠠᠭ ᠤ᠋ᠨ ᠵᠡᠭᠦᠨ ᠪᠡᠶ᠎ᠠ ᠪᠠ ᠡᠮᠦᠨ᠎ᠡ ᠪᠡᠶ᠎ᠠ᠂ ᠬᠥᠯᠥᠨ ᠪᠣᠢᠷ ᠬᠣᠲᠠ ᠢ᠋ᠢᠨ ᠪᠠᠷᠠᠭᠤᠨ ᠬᠣᠢᠲᠤ ᠪᠡᠶ᠎ᠠ ᠳ᠋ᠤ ᠶᠡᠬᠡ ᠪᠣᠷᠣᠭᠠᠨ ᠤᠷᠤᠵᠤ᠂ ᠬᠡᠰᠡᠭ ᠭᠠᠵᠠᠷ ᠤ᠋ᠨ ᠬᠤᠷ᠎ᠠ ᠲᠣᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 50 ᠮᠢᠯᠢᠮᠧᠲ᠋ᠷ ᠢ᠋ ᠳᠡᠪᠡᠨ᠎ᠠ᠃ ᠵᠡᠬᠦᠨ ᠬᠤᠢᠳᠤ ᠪᠠᠶ᠎ᠠ ᠳ᠋ᠤ ᠶᠡᠬᠡ ᠪᠤᠷᠤᠭᠠᠨ ᠪᠤᠶᠤ ᠪᠣᠷᠣᠭᠠᠨ ᠴᠠᠰᠤ ᠬᠣᠯᠢᠯᠳᠤᠵᠤ ᠣᠷᠣᠨ᠎ᠠ᠃

9 ᠰᠠᠷ᠎ᠠ ᠢ᠋ᠢᠨ 28 ᠤ᠋ ᠡᠳᠦᠷ ᠤ᠋ᠨ 8 ᠴᠠᠭ ᠡᠴᠡ 30 ᠤ᠋ ᠡᠳᠦᠷ ᠤ᠋ᠨ 8 ᠴᠠᠭ ᠪᠣᠯᠲᠠᠯ᠎ᠠ᠂ ᠪᠥᠬᠥ᠌ ᠣᠷᠣᠨ ᠤ᠋ ᠶᠡᠬᠡᠩᠬᠢ ᠭᠠᠵᠠᠷ ᠤ᠋ᠨ ᠳᠤᠯᠠᠭᠠᠨ ᠤ᠋ ᠬᠡᠮᠵᠢᠶ᠎ᠠ 6 — 8 ᠭᠷᠠᠳᠦ᠋ᠰ ᠪᠠᠭᠤᠷᠠᠵᠤ ᠂ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠪᠠ ᠵᠡᠭᠦᠨ ᠪᠡᠶ᠎ᠠ ᠢ᠋ᠢᠨ ᠡᠮᠦᠨᠡᠲᠦ ᠬᠡᠰᠡᠭ ᠤ᠋ᠨ ᠭᠠᠵᠠᠷ ᠤ᠋ᠨ ᠳᠤᠯᠠᠭᠠᠨ ᠤ᠋ ᠬᠡᠮᠵᠢᠶ᠎ᠠ 8 — 12 ᠭᠷᠠᠳᠦ᠋ᠰ ᠪᠠᠭᠤᠷᠠᠨ᠎ᠠ; ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ ᠪᠣᠯᠤᠨ ᠵᠡᠭᠦᠨ ᠡᠮᠦᠨ᠎ᠠ ᠪᠡᠶ᠎ᠠ ᠢ᠋ᠢᠨ ᠳᠤᠯᠠᠭᠠᠨ ᠤ᠋ ᠬᠡᠮᠵᠢᠶ᠎ᠠ 10 — 14 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠳᠤᠯᠠᠭᠠᠨ ᠤ᠋ ᠬᠡᠮᠵᠢᠶ᠎ᠠ 14 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃ 9 ᠰᠠᠷ᠎ᠠ ᠢ᠋ᠢᠨ 30 ᠪᠤᠯᠤᠨ 10 ᠰᠠᠷ᠎ᠠ ᠢ᠋ᠢᠨ 1 ᠤ᠋ ᠥᠷᠯᠥᠭᠡᠬᠦᠷ ᠳᠤᠮᠳᠠ ᠪᠠᠶ᠎ᠠ ᠪᠠ ᠪᠠᠷᠠᠭᠤᠨ ᠪᠡᠶ᠎ᠠ ᠢ᠋ᠢᠨ ᠬᠣᠢᠲᠤ ᠬᠡᠰᠡᠭ ᠪᠣᠯᠤᠨ ᠵᠡᠭᠦᠨ ᠬᠣᠢᠲᠤ ᠪᠡᠶ᠎ᠠ ᠳ᠋ᠤ ᠬᠢᠷᠠᠭᠤ ᠤᠨᠠᠨ᠎ᠠ᠃

9 ᠰᠠᠷ᠎ᠠ ᠵᠢᠨ 27 ᠤ᠋ ᠡᠳᠦᠷ ᠤ᠋ᠨ 20 ᠴᠠᠭ ᠡᠴᠡ 30 ᠤ᠋ ᠡᠳᠦᠷ ᠤ᠋ᠨ 8 ᠴᠠᠭ ᠪᠣᠯᠲᠠᠯ᠎ᠠ᠂ ᠪᠥᠬᠥ᠌ ᠣᠷᠣᠨ ᠤ᠋ ᠶᠡᠬᠡᠩᠬᠢ ᠭᠠᠵᠠᠷ ᠲᠦ᠍ 4 — 5 ᠲᠠᠰ ᠤ᠋ᠨ ᠰᠠᠯᠬᠢ ᠰᠠᠯᠬᠢᠯᠠᠵᠤ᠂ ᠤᠬᠤᠷ ᠬᠤᠭᠤᠴᠠᠭᠠᠨ ᠳ᠋ᠤ 6 — 7 ᠳᠡᠰ ᠤ᠋ᠨ ᠶᠡᠬᠡ ᠰᠠᠯᠬᠢ ᠰᠠᠯᠬᠢᠯᠡᠨ᠎ᠠ; ᠳᠤᠮᠳᠠ ᠪᠠᠶ᠎ᠠ ᠪᠠ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠲᠦ᠍ 8 — 9 ᠲᠠᠰ ᠤ᠋ᠨ ᠶᠡᠬᠡ ᠰᠠᠯᠬᠢ ᠰᠠᠯᠬᠢᠯᠠᠵᠤ᠂ ᠬᠡᠰᠡᠭ ᠭᠠᠵᠠᠷ ᠲᠦ᠍ 10 ᠲᠠᠰ ᠡᠴᠡ ᠳᠡᠭᠡᠭ᠌ᠰᠢᠬᠢ ᠶᠡᠬᠡ ᠰᠠᠯᠬᠢ ᠰᠠᠯᠬᠢᠯᠠᠨ᠎ᠠ᠃ 27 ᠤ᠋ ᠰᠥᠨᠢ ᠡᠴᠡ 28 ᠤ᠋ ᠦᠳᠡ ᠢ᠋ᠢᠨ ᠡᠮᠦᠨ᠎ᠡ ᠪᠣᠯᠲᠠᠯ᠎ᠠ ᠪᠠᠷᠠᠭᠤᠨ ᠪᠡᠶ᠎ᠠ ᠢ᠋ᠢᠨ ᠪᠠᠷᠠᠭᠤᠨ ᠬᠡᠰᠡᠭ ᠤ᠋ᠨ ᠭᠠᠵᠠᠷ ᠲᠤ᠌ ᠲᠤᠭᠤᠰᠤ ᠮᠠᠨᠠᠷᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面