2024-09-07 12:44:01
ᠬᠦᠬᠡᠬᠤᠲᠠ ᠢ᠋ᠢᠨ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠬᠥᠬᠡᠬᠣᠲᠠ ᠪᠣᠯᠤᠨ ᠲᠦᠮᠡᠳ ᠵᠡᠭᠦᠨ ᠬᠣᠱᠢᠭᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠤᠯᠠᠨ ᠵᠤᠢᠯ ᠤ᠋ᠨ ᠠᠷᠭ᠎ᠠ ᠬᠡᠯᠪᠡᠷᠢ ᠪᠡᠷ ᠴᠠᠷᠭᠠᠰᠤ ᠢ᠋ᠢᠨ ᠦᠶ᠋ᠯᠡᠳᠪᠦᠷᠢᠯᠡᠯ ᠳ᠋ᠤ ᠪᠥᠬᠥ᠌ ᠬᠡᠯᠬᠢᠶ᠎ᠡ᠂ ᠪᠥᠬᠥ᠌ ᠦᠶᠡᠯᠡᠯ ᠤ᠋ᠨ ᠬᠤᠭᠤᠴᠠᠭᠠᠨ ᠤ᠋ ᠴᠠᠭ ᠠᠭᠤᠷ ᠤ᠋ᠨ ᠦᠶ᠋ᠯᠡᠴᠢᠯᠡᠭᠡ ᠬᠠᠩᠭᠠᠵᠤ᠂ ᠲᠠᠷᠢᠵᠤ ᠬᠤᠷᠢᠶᠠᠬᠤ ᠵᠢᠴᠢ ᠲᠠᠷᠢᠶᠠᠨ ᠭᠠᠵᠠᠷ ᠤ᠋ᠨ ᠬᠠᠮᠢᠶᠠᠷᠤᠯᠲᠠ ᠢ᠋ᠢᠨ ᠲᠤᠰᠭᠠᠶ ᠵᠦᠶ᠋ᠯ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠦᠶ᠋ᠯᠡᠳᠬᠦᠨ ᠢ᠋ ᠬᠠᠩᠭᠠᠬᠤ ᠢ᠋ᠢᠨ ᠬᠠᠮᠲᠤ᠂ ᠭᠠᠮᠱᠢᠭ ᠤ᠋ᠨ ᠴᠢᠨᠠᠷᠲᠠᠶ ᠴᠠᠭ ᠠᠭᠤᠷ ᠤ᠋ᠨ ᠤᠷᠢᠳᠴᠢᠯᠠᠭ᠍ᠰᠠᠨ ᠰᠡᠷᠡᠮᠵᠢᠯᠡᠭᠦᠯᠦᠯ ᠨᠡᠢᠲᠡᠯᠡᠵᠦ᠍ ᠴᠠᠷᠭᠠᠰᠤ ᠢ᠋ᠢᠨ ᠤᠨᠠᠯᠲᠠ ᠢ᠋ᠢ ᠪᠠᠲᠤᠯᠠᠵᠤ ᠪᠠᠢᠨ᠎ᠠ᠃
2023 ᠣᠨ ᠳ᠋ᠤ ᠬᠥᠬᠡᠬᠣᠲᠠ ᠢ᠋ᠢᠨ ᠴᠠᠭ ᠠᠭᠤᠷ ᠤ᠋ᠨ ᠲᠣᠪᠴᠢᠶ᠎ᠠ ᠳᠤᠮᠳᠠᠳᠤ ᠤᠯᠤᠰ ᠤ᠋ᠨ ᠴᠠᠭ ᠠᠭᠤᠷ ᠤ᠋ᠨ ᠲᠣᠪᠴᠢᠶ᠎ᠠ ᠢ᠋ᠢᠨ ᠴᠠᠭ ᠠᠭᠤᠷ ᠤ᠋ᠨ ᠬᠠᠢᠨ ᠬᠡᠮᠵᠢᠬᠦ᠌ ᠲᠥᠪ ᠪᠤᠯᠤᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠲᠠᠶ ᠬᠠᠮᠲᠤᠷᠠᠨ ᠲᠦᠮᠡᠳ ᠵᠠᠭᠦᠨ ᠬᠤᠰᠢᠭᠤᠨ ᠳ᠋ᠤ ᠤᠯᠤᠰ ᠤ᠋ᠨ ᠲᠠᠰ ᠤ᠋ᠨ ᠡᠪᠡᠰᠦ ᠪᠣᠷᠳᠣᠭ᠎ᠠ ᠢ᠋ᠢ ᠠᠵᠢᠭ᠍ᠯᠠᠨ ᠬᠡᠮᠵᠢᠬᠦ᠌ ᠰᠠᠭᠤᠷᠢᠨ ᠢ᠋ ᠪᠠᠢᠭᠤᠯᠵᠤ᠂ ᠠᠭᠤᠷᠱᠢᠯᠳᠠ ᠵᠢᠨ ᠬᠡᠮᠵᠢᠶ᠎ᠡ ᠢ᠋ᠢ ᠠᠵᠢᠭ᠍ᠯᠠᠨ ᠬᠡᠮᠵᠢᠬᠦ᠌ ᠬᠡᠮᠵᠢᠭᠦᠷᠯᠢᠭ᠂ ᠲᠣᠭᠣᠷᠢᠯᠲᠠ ᠢ᠋ᠢᠨ ᠵᠠᠮ ᠤ᠋ᠨ ᠤᠷᠭᠤᠮᠠᠯ ᠤ᠋ᠨ ᠬᠤᠴᠢᠯᠭ᠎ᠠ ᠢ᠋ᠢ ᠠᠵᠢᠭ᠍ᠯᠠᠨ ᠬᠡᠮᠵᠢᠬᠦ᠌ ᠬᠡᠮᠵᠢᠭᠦᠷᠯᠢᠭ᠂ ᠲᠠᠷᠢᠮᠠᠯ ᠤ᠋ᠨ ᠤᠷᠭᠤᠯᠲᠠ ᠢ᠋ᠢᠨ ᠬᠤᠭᠤᠴᠠᠭᠠᠨ ᠤ᠋ ᠣᠶᠤᠨᠴᠢ ᠬᠢᠨᠠᠨ ᠬᠡᠮᠵᠢᠬᠦ᠌ ᠬᠡᠮᠵᠢᠭᠦᠷᠯᠢᠭ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠲᠤᠷᠱᠢᠯᠲᠠ ᠢ᠋ᠢᠨ ᠬᠡᠮᠵᠢᠭᠦᠷᠯᠢᠭ ᠵᠡᠷᠭᠡ ᠲᠤᠨᠤᠭ ᠲᠥᠬᠥᠭᠡᠷᠦᠮᠵᠢ ᠢ᠋ᠢ ᠤᠭ᠍ᠰᠠᠷᠠᠬᠤ ᠢ᠋ᠢᠨ ᠬᠠᠮᠲᠤ ᠪᠣᠳᠠᠲᠤ ᠪᠠᠢᠳᠠᠯ ᠢ᠋ ᠠᠵᠢᠭ᠍ᠯᠠᠨ ᠬᠡᠮᠵᠢᠵᠤ ᠮᠠᠲ᠋ᠧᠷᠢᠶᠠᠯ ᠢ᠋ ᠬᠠᠷᠢᠴᠠᠭᠤᠯᠬᠤ ᠲᠤᠷᠱᠢᠯᠲᠠ ᠥᠷᠨᠢᠭᠦᠯᠵᠦ᠍᠂ ᠠᠵᠢᠭ᠍ᠯᠠᠨ ᠬᠡᠮᠵᠢᠬᠦ᠌ ᠲᠣᠭ᠎ᠠ ᠪᠠᠷᠢᠮᠲᠠ ᠢ᠋ᠢᠨ ᠬᠡᠷᠡᠭ᠌ᠯᠡᠭᠡᠨ ᠤ᠋ ᠴᠢᠳᠠᠪᠤᠷᠢ ᠪᠠ ᠲᠦᠪᠱᠢᠨ ᠢ᠋ ᠳᠡᠭᠡᠭ᠌ᠰᠢᠯᠡᠭᠦᠯᠵᠦ᠍᠂ ᠴᠠᠷᠭᠠᠰᠤ ᠢ᠋ᠢᠨ ᠤᠷᠭᠤᠯᠲᠠ ᠢ᠋ᠢ ᠬᠠᠮᠠᠭᠠᠯᠠᠪᠠ᠃
《ᠪᠢᠳᠡ ᠡᠪᠡᠰᠦ ᠳᠠᠷᠢᠬᠤ ᠪᠥᠬᠥ᠌ ᠤᠷᠭᠤᠯᠲᠠ ᠵᠢᠨ ᠬᠤᠭᠤᠴᠠᠭᠠᠨ ᠤ᠋ ᠠᠵᠢᠭ᠍ᠯᠠᠯᠲᠠ ᠢ᠋ᠢᠨ ᠲᠤᠷᠱᠢᠯᠲᠠ ᠢ᠋ᠢ ᠡᠬᠢᠯᠡᠭᠦᠯᠵᠦ᠍᠂ ᠤᠷᠭᠤᠯᠲᠠ ᠢ᠋ᠢᠨ ᠬᠤᠭᠤᠴᠠᠭ᠎ᠠ᠂ ᠤᠷᠭᠤᠯᠲᠠ ᠢ᠋ᠢᠨ ᠪᠠᠢᠳᠠᠯ ᠵᠢᠴᠢ ᠦᠶ᠋ᠯᠡᠳᠪᠦᠷᠢᠯᠡᠯ ᠤ᠋ᠨ ᠴᠢᠳᠠᠪᠬᠢ ᠢ᠋ᠢᠨ ᠬᠠᠮᠢᠶ᠎ᠠ ᠪᠥᠬᠥᠶ ᠭᠦᠶ᠋ᠴᠡᠳᠭᠡᠯ ᠲᠣᠭ᠎ᠠ ᠢ᠋ᠢᠨ ᠠᠵᠢᠭ᠍ᠯᠠᠯᠲᠠ᠂ ᠱᠢᠮ᠎ᠡ ᠲᠡᠵᠢᠭᠡᠯ ᠤ᠋ᠨ ᠪᠦᠷᠢᠯᠳᠦᠬᠦᠨ ᠤ᠋ ᠬᠡᠮᠵᠢᠯᠲᠡ ᠢ᠋ᠢ ᠬᠢᠭᠰᠡᠨ ᠪᠥᠭᠡᠳ ᠠᠳᠠᠯᠢ ᠪᠤᠰᠤ ᠴᠠᠷᠭᠠᠰᠤ ᠢ᠋ᠢᠨ ᠡᠭᠦᠯᠳᠡᠷ ᠤ᠋ᠨ ᠬᠦᠶ᠋ᠲᠡᠨ ᠢ᠋ ᠳᠠᠭᠠᠭᠠᠬᠤ ᠴᠢᠳᠠᠪᠤᠷᠢ᠂ ᠭᠠᠩ ᠬᠠᠭ᠍ᠰᠠᠷᠠᠭᠠᠨ ᠢ᠋ ᠡᠰᠡᠷᠭᠦᠴᠡᠬᠦ᠌ ᠴᠢᠳᠠᠪᠤᠷᠢ ᠢ᠋ᠢᠨ ᠬᠠᠮᠢᠶ᠎ᠠ ᠪᠥᠬᠥᠶ ᠲᠤᠷᠱᠢᠯᠲᠠ ᠦᠷᠨᠢᠭᠦᠯᠵᠤ᠂〈ᠡᠭᠦᠯᠡ + ᠰᠢᠯᠵᠢᠶ᠎ᠠ〉 ᠢ᠋ᠢᠨ ᠮᠡᠷᠭᠡᠵᠢᠯ ᠳ᠋ᠤ ᠰᠠᠭᠤᠷᠢᠯᠠᠨ ᠣᠶᠤᠨᠴᠢ ᠴᠠᠭ ᠠᠭᠤᠷ ᠤ᠋ᠨ ᠤᠰᠤ ᠠᠷᠪᠢᠯᠠᠬᠤ ᠤᠰᠤᠯᠠᠯᠲᠠ ᠢ᠋ᠢᠨ ᠮᠡᠷᠭᠡᠵᠢᠯ ᠢ᠋ ᠳᠡᠯᠭᠡᠷᠡᠭᠦᠯᠤᠨ ᠬᠡᠷᠡᠭᠯᠡᠵᠤ᠂ ᠨᠠᠷᠢᠯᠢᠭ ᠣᠨᠣᠴᠠᠲᠠᠢ ᠤᠰᠤᠯᠠᠯᠲᠠ ᠬᠢᠬᠦ ᠢ᠋ᠢ ᠪᠡᠶᠡᠯᠡᠭᠦᠯᠪᠡ》 ᠭᠡᠵᠤ ᠬᠥᠬᠡᠬᠣᠲᠠ ᠢ᠋ᠢᠨ ᠴᠠᠭ ᠠᠭᠤᠷ ᠤ᠋ᠨ ᠲᠣᠪᠴᠢᠶ᠎ᠠ ᠢ᠋ᠢᠨ ᠳᠡᠭᠡᠳᠦ ᠵᠡᠷᠭᠡ ᠢ᠋ᠢᠨ ᠢᠨᠵᠧᠨᠧᠷ ᠰᠦ ᠯᠢ ᠵᠢᠶᠦ᠋ᠨ ᠲᠠᠨᠢᠯᠴᠠᠭᠤᠯᠪᠠ᠃ ᠬᠥᠬᠡᠬᠣᠲᠠ ᠢ᠋ᠢᠨ ᠴᠠᠭ ᠠᠭᠤᠷ ᠤ᠋ᠨ ᠰᠠᠯᠠᠭ᠎ᠠ ᠮᠥᠴᠢᠷ ᠴᠠᠷᠭᠠᠰᠤ ᠵᠡᠷᠭᠡ ᠡᠪᠡᠰᠦᠨ ᠤ᠋ ᠦᠶ᠋ᠯᠡᠰ ᠤ᠋ᠨ ᠴᠠᠭ ᠠᠭᠤᠷ ᠤ᠋ᠨ ᠦᠶ᠋ᠯᠡᠳᠬᠦᠨ ᠪᠠ ᠦᠶ᠋ᠯᠡᠴᠢᠯᠡᠭᠡᠨ ᠤ᠋ ᠪᠠᠢᠷᠢᠱᠢᠯ ᠢ᠋ ᠤᠯᠠᠮ ᠥᠷᠭᠡᠳᠭᠡᠵᠦ᠍᠂ ᠬᠥᠬᠡᠬᠣᠲᠠ ᠢ᠋ᠢᠨ ᠤᠶᠤᠨᠲᠤ ᠡᠪᠡᠰᠦᠨ ᠤ᠋ ᠦᠶ᠋ᠯᠡᠰ ᠤ᠋ᠨ ᠱᠢᠰᠲ᠋ᠧᠮ ᠤ᠋ᠨ ᠪᠠᠢᠭᠤᠯᠤᠯᠲᠠ ᠢ᠋ᠢ ᠠᠬᠢᠭᠤᠯᠤᠨ᠂ ᠡᠪᠡᠰᠦᠨ ᠤ᠋ ᠦᠶ᠋ᠯᠡᠰ ᠤ᠋ᠨ ᠴᠠᠭ ᠠᠭᠤᠷ ᠤ᠋ᠨ ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠵᠤ ᠭᠠᠮᠱᠢᠭ ᠡᠴᠡ ᠠᠪᠤᠷᠬᠠᠸ᠋ ᠴᠢᠳᠠᠪᠤᠷᠢ ᠢ᠋ᠢ ᠳᠡᠭᠡᠭ᠌ᠰᠢᠯᠡᠭᠦᠯᠵᠦ᠍ ᠂《ᠰᠢᠷᠬᠡᠭ ᠡᠪᠡᠰᠦ ᠡᠴᠡ ᠴᠣᠮᠣ ᠰᠦ ᠬᠦᠷᠲᠡᠯᠡᠬᠢ》 ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠬᠥᠭ᠌ᠵᠢᠯᠲᠡ ᠳ᠋ᠤ ᠪᠥᠬᠥ᠌ ᠲᠠᠯ᠎ᠠ ᠢ᠋ᠢᠨ ᠴᠠᠭ ᠠᠭᠤᠷ ᠤ᠋ᠨ ᠪᠠᠲᠤᠯᠠᠭ᠎ᠠ ᠬᠠᠡᠭᠭᠠᠬᠤ ᠪᠡᠷ ᠴᠢᠷᠮᠠᠢᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃