ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2024-10-12 11:47:27

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ ᠂ ᠤᠢᠷ᠎ᠠ ᠳ᠋ᠤ ᠮᠠᠨ ᠤ᠋ ᠤᠷᠤᠨ ᠤ᠋ ᠨᠡᠢᠳᠡᠮ ᠤ᠋ᠨ ᠬᠡᠷᠡᠭ᠌ᠯᠡᠭᠡᠨ ᠤ᠋ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠤᠷᠢᠳᠴᠢᠯᠠᠨ ᠮᠡᠳᠡᠭᠡᠯᠡᠬᠦ᠌ ᠲᠥᠪ ᠬᠦᠯᠦᠨ ᠪᠤᠢᠷ ᠬᠤᠳᠠ ᠵᠢᠨ ᠱᠢᠨ᠎ᠡ ᠪᠠᠷᠭᠤ ᠪᠠᠷᠠᠭᠤᠨ ᠬᠣᠱᠢᠭᠤᠨ ᠤ᠋ ᠪᠣᠭ᠍ᠳᠠ ᠨᠡᠢᠳᠡᠮ ᠤ᠋ᠨ ᠬᠡᠷᠡᠭ᠌ᠯᠡᠭᠡᠨ ᠤ᠋ ᠨᠢᠰᠭᠡᠯ ᠤ᠋ᠨ ᠪᠠᠭᠤᠳᠠᠯ ᠤ᠋ᠨ YJ5666 ᠡᠭᠡᠯᠵᠢ ᠢ᠋ᠢᠨ ᠨᠢᠰᠭᠡᠯ ᠳ᠋ᠤ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠢ᠋ᠢᠨ ᠦᠢᠯᠡᠴᠢᠯᠡᠭᠡ ᠬᠠᠡᠭᠭᠠᠪᠠ᠃ ᠡᠭᠦᠪᠡᠷ ᠮᠠᠨ ᠤ᠋ ᠤᠷᠤᠨ ᠨᠡᠢᠳᠡᠮ ᠤ᠋ᠨ ᠬᠡᠷᠡᠭᠯᠡᠭᠡᠨ ᠤ᠋ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠲᠤᠰᠬᠠᠢ ᠦᠢᠯᠡᠴᠢᠯᠡᠬᠡ ᠡᠬᠢᠯᠡᠭᠰᠡᠨ ᠪᠠᠢᠨ᠎ᠠ᠃

ᠣᠢᠯᠠᠭᠠᠭ᠍ᠰᠠᠨ ᠵᠢᠡᠷ᠂ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠠᠵᠢᠯ ᠢ᠋ ᠢᠳᠡᠪᠬᠢᠲᠡᠶ ᠠᠬᠢᠭᠤᠯᠬᠤ ᠢ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠪᠣᠯᠤᠨ ᠥᠪᠥᠷ ᠮᠣᠩᠭᠣᠯ ᠤ᠋ᠨ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠬᠠᠮᠲᠤᠷᠠᠯᠴᠠᠭᠠᠨ ᠤ᠋ ᠵᠥᠪᠯᠡᠯᠴᠡᠭᠡᠷ ᠵᠢᠴᠢ ᠪᠦᠯᠦᠭ᠌ᠯᠡᠯ ᠤ᠋ᠨ ᠬᠠᠷᠢᠶᠠᠨ ᠳ᠋ᠠᠬᠢ ᠨᠡᠢᠳᠡᠮ ᠤ᠋ᠨ ᠬᠡᠷᠡᠭ᠌ᠯᠡᠭᠡᠨ ᠤ᠋ ᠨᠢᠰᠭᠡᠯ ᠤ᠋ᠨ ᠪᠠᠭᠤᠳᠠᠯ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠭᠡᠷ᠎ᠡ ᠲᠤᠭᠲᠠᠨ᠂ 《ᠥᠪᠥᠷ ᠮᠣᠩᠭᠣᠯ ᠤ᠋ᠨ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠠᠵᠢᠯᠯᠠᠭᠠᠨ ᠤ᠋ ᠲᠥᠰᠦᠯ》 ᠢ᠋ ᠳᠠᠷᠤᠮᠠᠯᠯᠠᠨ ᠲᠠᠷᠬᠠᠭᠠᠵᠤ᠂ 《ᠠᠭᠠᠷ ᠤ᠋ᠨ ᠠᠶᠠᠯᠠᠯ ᠤ᠋ᠨ ᠨᠢᠰᠭᠡᠯ ᠤ᠋ᠨ ᠪᠠᠭᠤᠳᠠᠯ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠠᠵᠢᠯ ᠤ᠋ᠨ ᠬᠡᠷᠡᠭ᠌ᠵᠢᠭᠦᠯᠬᠦ᠌ ᠲᠥᠰᠦᠯ》ᠢ᠋ ᠨᠠᠢᠷᠠᠭᠤᠯᠤᠨ ᠵᠣᠬᠢᠶᠠᠵᠤ ᠂ ᠴᠠᠭ ᠠᠭᠤᠷ ᠤ᠋ᠨ ᠦᠶ᠋ᠯᠡᠴᠢᠯᠡᠭᠡᠨ ᠤ᠋ ᠱᠢᠰᠲ᠋ᠧᠮ ᠪᠣᠯᠤᠨ ᠲᠤᠬᠠᠢᠯᠠᠭ᠍ᠰᠠᠨ ᠠᠵᠢᠯ ᠤ᠋ᠨ ᠲᠠᠪᠴᠠᠩ ᠤ᠋ᠨ ᠪᠠᠢᠭᠤᠯᠤᠯᠲᠠ ᠢ᠋ᠢ ᠠᠬᠢᠭᠤᠯᠪᠠ᠃ ᠪᠠᠰᠠ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠬᠠᠮᠲᠤᠷᠠᠭ᠍ᠰᠠᠨ ᠲᠤᠷᠱᠢᠯᠲᠠ ᠢ᠋ᠢᠨ ᠲᠠᠰᠤᠭ ᠢ᠋ ᠪᠠᠢᠭᠤᠯᠵᠤ᠂ ᠷᠠᠳᠠᠷ ᠵᠡᠷᠭᠡ ᠴᠠᠭ ᠠᠭᠤᠷ ᠢ᠋ ᠠᠵᠢᠭ᠍ᠯᠠᠨ ᠬᠡᠮᠵᠢᠬᠦ᠌ ᠲᠤᠮᠤ ᠬᠡᠯᠪᠡᠷᠢ ᠢ᠋ᠢᠨ ᠴᠠᠭ ᠠᠭᠤᠷ ᠤ᠋ᠨ ᠠᠵᠢᠭᠯᠠᠯᠲᠠ ᠢ᠋ᠢᠨ ᠲᠥᠬᠥᠭᠡᠷᠦᠮᠵᠢ ᠢ᠋ᠢ ᠬᠠᠮᠲᠤ ᠪᠡᠷ ᠡᠳ᠋ᠯᠡᠵᠦ᠍ ᠬᠠᠮᠲᠤ ᠪᠡᠷ ᠬᠡᠷᠡᠭ᠌ᠯᠡᠨ᠂ ᠠᠷᠠᠳ ᠤ᠋ᠨ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠠᠵᠢᠭ᠍ᠯᠠᠨ ᠬᠡᠮᠵᠢᠬᠦ᠌ ᠱᠢᠰᠲ᠋ᠧᠮ ᠤ᠋ᠨ ᠬᠠᠷᠢᠴᠠᠭᠤᠯᠤᠭᠰᠠᠨ ᠲᠤᠷᠱᠢᠯᠲᠠ ᠪᠤᠯᠤᠨ ᠠᠵᠢᠯᠯᠠᠭᠠᠨ ᠢ᠋ ᠦᠨᠡᠯᠡᠨ ᠵᠢᠱ᠌ᠢᠬᠦ᠌ ᠵᠡᠷᠭᠡ ᠠᠵᠢᠯ ᠢ᠋ ᠬᠠᠮᠲᠤᠷᠠᠨ ᠦᠷᠨᠢᠭᠦᠯᠪᠠ ᠃

10 ᠰᠠᠷ᠎ᠠ ᠢ᠋ᠢᠨ 1 ᠤ᠋ ᠡᠳᠦᠷ ᠡᠴᠡ ᠡᠬᠢᠯᠡᠨ᠂ ᠮᠠᠨ ᠤ᠋ ᠤᠷᠤᠨ ᠤ᠋ ᠨᠡᠢᠳᠡᠮ ᠤ᠋ᠨ ᠬᠡᠷᠡᠭ᠌ᠯᠡᠭᠡᠨ ᠤ᠋ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠤᠷᠢᠳᠴᠢᠯᠠᠨ ᠮᠡᠳᠡᠭᠡᠯᠡᠬᠦ᠌ ᠲᠥᠪ ᠬᠦᠯᠦᠨ ᠪᠤᠢᠷ ᠬᠤᠳᠠ ᠵᠢᠨ ᠱᠢᠨ᠎ᠡ ᠪᠠᠷᠭᠤ ᠪᠠᠷᠠᠭᠤᠨ ᠬᠣᠱᠢᠭᠤ᠂ ᠬᠢᠩᠭᠠᠨ ᠠᠢᠮᠠᠭ ᠤ᠋ᠨ ᠲᠦᠴᠢᠦᠸᠠᠨ ᠱᠢᠶᠠᠨ ᠵᠡᠷᠭᠡ ᠭᠠᠵᠠᠷ ᠤ᠋ᠨ ᠨᠡᠢᠳᠡᠮ ᠤ᠋ᠨ ᠬᠡᠷᠡᠭᠯᠡᠭᠡᠨ ᠤ᠋ ᠠᠭᠠᠷ ᠤ᠋ᠨ ᠠᠶᠠᠯᠠᠯ ᠤ᠋ᠨ ᠨᠢᠰᠭᠡᠯ ᠤ᠋ᠨ ᠪᠠᠭᠤᠳᠠᠯ ᠳ᠋ᠤ ᠭᠠᠵᠠᠷ ᠳᠡᠭᠡᠷᠡᠬᠢ ᠴᠠᠭ ᠠᠭᠤᠷ ᠤ᠋ᠨ ᠬᠦᠴᠦᠨ ᠵᠦᠶ᠋ᠯ ᠤ᠋ᠨ ᠨᠠᠷᠢᠯᠢᠬ᠍ᠵᠢᠭᠤᠯᠤᠭ᠍ᠰᠠᠨ ᠤᠷᠢᠳᠴᠢᠯᠠᠭ᠍ᠰᠠᠨ ᠮᠡᠳᠡᠭᠡ᠂ ᠤᠢᠷ᠎ᠠ ᠲᠣᠭᠣᠷᠢᠭ ᠤ᠋ᠨ ᠠᠶᠤᠯᠲᠠᠢ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠪᠠ ᠠᠶᠠᠯᠠᠯ ᠤ᠋ᠨ ᠵᠠᠮ ᠤ᠋ᠨ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠢ᠋ᠢᠨ ᠨᠠᠷᠢᠯᠢᠬ᠍ᠵᠢᠭᠤᠯᠤᠭ᠍ᠰᠠᠨ ᠦᠶ᠋ᠯᠡᠴᠢᠯᠡᠭᠡ ᠢ᠋ᠢ ᠬᠠᠩᠭᠠᠵᠤ ᠪᠤᠢ᠃ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠲᠤᠬᠠᠢᠯᠠᠭ᠍ᠰᠠᠨ ᠠᠵᠢᠯ ᠤ᠋ᠨ ᠦᠶ᠋ᠯᠡᠴᠢᠯᠡᠭᠡᠨ ᠤ᠋ ᠴᠣᠭ᠍ᠴᠠ ᠢ᠋ᠢᠨ ᠪᠠᠢᠭᠤᠯᠤᠯᠲᠠ ᠢ᠋ᠢ ᠲᠠᠰᠤᠷᠠᠯᠲᠠ ᠦᠭᠡᠢ ᠠᠬᠢᠭᠤᠯᠵᠤ᠂ ᠨᠡᠢᠳᠡᠮ ᠤ᠋ᠨ ᠬᠡᠷᠡᠭᠯᠡᠬᠡᠨ ᠤ᠋ ᠨᠢᠰᠭᠡᠯ ᠤ᠋ᠨ ᠪᠠᠭᠤᠳᠠᠯ ᠤ᠋ᠨ ᠴᠠᠭ ᠠᠭᠤᠷ ᠤ᠋ᠨ ᠠᠵᠢᠭ᠍ᠯᠠᠯᠲᠠ᠂ ᠴᠠᠭ ᠠᠭᠤᠷ ᠤ᠋ᠨ ᠤᠷᠢᠳᠴᠢᠯᠠᠭ᠍ᠰᠠᠨ ᠮᠡᠳᠡᠭᠡ ᠂ ᠴᠠᠭ ᠠᠭᠤᠷ ᠤ᠋ᠨ ᠲᠥᠬᠥᠭᠡᠷᠦᠮᠵᠢ ᠢ᠋ᠢᠨ ᠱᠢᠯᠭᠠᠨ ᠲᠣᠭ᠍ᠲᠠᠭᠠᠯᠲᠠ᠂ ᠨᠢᠰᠭᠡᠯ ᠤ᠋ᠨ ᠪᠠᠭᠤᠳᠠᠯ ᠤ᠋ᠨ ᠠᠶᠤᠩᠭ᠎ᠠ ᠴᠠᠬᠢᠯᠭᠠᠨ ᠢ᠋ ᠰᠡᠷᠭᠡᠢᠯᠡᠬᠦ᠌ ᠪᠠᠢᠴᠠᠭᠠᠯᠳᠠ ᠬᠡᠮᠵᠢᠯᠲᠡ ᠵᠡᠷᠭᠡ ᠲᠠᠯ᠎ᠠ ᠪᠡᠷ ᠨᠠᠷᠢᠯᠢᠭ ᠤᠨᠤᠴᠠᠲᠠᠢ ᠴᠠᠭ ᠠᠭᠤᠷ ᠤ᠋ᠨ ᠦᠶ᠋ᠯᠡᠴᠢᠯᠡᠭᠡ ᠬᠠᠩᠭᠠᠵᠤ᠂ ᠪᠦᠬᠦ᠌ ᠬᠡᠯᠬᠢᠶ᠎ᠡ᠂ ᠪᠦᠬᠦ᠌ ᠶᠠᠪᠤᠴᠠ ᠢ᠋ᠢ ᠬᠠᠮᠤᠷᠤᠭᠰᠠᠨ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠲᠤᠤᠷ ᠢ᠋ ᠪᠠᠢᠭᠤᠯᠤᠨ ᠠᠭᠠᠷ ᠤ᠋ᠨ ᠠᠶᠠᠯᠠᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠳ᠋ᠤ ᠴᠢᠨᠠᠷ ᠰᠠᠢᠲᠠᠶ ᠴᠠᠭ ᠠᠭᠤᠷ ᠤ᠋ᠨ ᠦᠶ᠋ᠯᠡᠴᠢᠯᠡᠭᠡᠨ ᠤ᠋ ᠪᠠᠲᠤᠯᠠᠭ᠎ᠠ ᠬᠠᠩᠭᠠᠬᠤ ᠪᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面