ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2025-01-23 11:42:26

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠵᠢᠡᠷ᠂ 1 ᠰᠠᠷ᠎ᠠ ᠵᠢᠨ 24 — 28 ᠤ᠋ ᠡᠳᠤᠷ ᠪᠤᠯᠳᠠᠯ᠎ᠠ ᠮᠠᠨ ᠤ᠋ ᠤᠷᠤᠨ ᠳ᠋ᠤ ᠪᠠᠷᠠᠭᠤᠨ ᠡᠴᠡ ᠵᠡᠬᠦᠨᠰᠢ ᠨᠡᠢᠳᠡᠮ ᠴᠠᠰᠤ ᠤᠷᠤᠵᠤ᠂ ᠬᠡᠰᠡᠭ ᠭᠠᠵᠠᠷ ᠲᠦ᠍ ᠶᠡᠬᠡ ᠴᠠᠰᠤ ᠪᠤᠶᠤ ᠤᠨᠴᠠ ᠶᠡᠬᠡ ᠴᠠᠰᠤ ᠤᠷᠤᠨ᠎ᠠ; ᠪᠦᠬᠦ ᠤᠷᠤᠨ ᠳ᠋ᠤ ᠶᠡᠬᠡ ᠰᠠᠯᠬᠢ ᠰᠠᠯᠬᠢᠯᠠᠵᠤ᠂ ᠠᠭᠠᠷ ᠤ᠋ᠨ ᠲᠤᠯᠠᠭᠠᠨ 4 — 10 ᠭᠷᠠᠳᠦ᠋ᠰ ᠪᠠᠭᠤᠷᠠᠨ᠎ᠠ᠃

24 ᠤ᠋ ᠡᠳᠦᠷ ᠤ᠋ᠨ 8 ᠴᠠᠭ ᠡᠴᠡ 25 ᠤ᠋ ᠡᠳᠦᠷ ᠤ᠋ᠨ 8 ᠴᠠᠭ ᠪᠤᠯᠲᠠᠯ᠎ᠠ᠂ ᠠᠯᠠᠱᠠ ᠠᠢᠮᠠᠭ ᠤ᠋ᠨ ᠵᠡᠭᠦᠨ ᠪᠡᠶ᠎ᠠ᠂ ᠪᠠᠶᠠᠨᠨᠠᠭᠤᠷ ᠬᠣᠲᠠ ᠢ᠋ᠢᠨ ᠶᠡᠬᠡᠩᠬᠢ ᠭᠠᠵᠠᠷ᠂ ᠦᠬᠠᠶ ᠬᠤᠳᠠ᠂ ᠣᠷᠳᠣᠰ ᠬᠣᠲᠠ ᠢ᠋ᠢᠨ ᠶᠡᠬᠡᠩᠬᠢ ᠭᠠᠵᠠᠷ᠂ ᠪᠤᠭᠤᠲᠤ ᠬᠣᠲᠠ ᠢ᠋ᠢᠨ ᠪᠠᠷᠠᠭᠤᠨ ᠡᠮᠦᠨ᠎ᠠ ᠪᠡᠶ᠎ᠠ ᠳ᠋ᠤ ᠳᠤᠮᠳᠠ ᠡᠴᠡ ᠶᠡᠬᠡ ᠴᠠᠰᠤ᠎ᠤᠷᠤᠵᠤ᠂ ᠣᠷᠳᠣᠰ ᠬᠣᠲᠠ ᠢ᠋ᠢᠨ ᠪᠠᠷᠠᠭᠤᠨ ᠡᠮᠦᠨ᠎ᠠ ᠪᠡᠶ᠎ᠠ ᠳ᠋ᠤ ᠤᠨᠴᠠ ᠶᠡᠬᠡ ᠴᠠᠰᠤ᠎ᠤᠷᠤᠨ᠎ᠠ᠃

25 ᠤ᠋ ᠡᠳᠦᠷ ᠤ᠋ᠨ 8 ᠴᠠᠭ ᠡᠴᠡ 26 ᠤ᠋ ᠡᠳᠦᠷ ᠤ᠋ᠨ 8 ᠴᠠᠭ ᠪᠤᠯᠲᠠᠯ᠎ᠠ᠂ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠪᠤᠭᠤᠲᠤ ᠬᠣᠲᠠ ᠢ᠋ᠢᠨ ᠵᠡᠭᠦᠨ ᠪᠡᠶ᠎ᠠ᠂ ᠬᠥᠬᠡᠬᠣᠲᠠ ᠢ᠋ᠢᠨ ᠶᠡᠬᠡᠩᠬᠢ ᠭᠠᠵᠠᠷ᠂ ᠤᠯᠠᠭᠠᠨᠴᠠᠪ ᠬᠣᠲᠠ ᠢ᠋ᠢᠨ ᠶᠡᠬᠡᠩᠬᠢ ᠭᠠᠵᠠᠷ᠂ ᠱᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ ᠳ᠋ᠤ ᠳᠤᠮᠳᠠ ᠡᠴᠡ ᠶᠡᠬᠡ ᠴᠠᠰᠤ᠎ᠤᠷᠤᠨ᠎ᠠ; ᠳᠤᠮᠳᠠ ᠪᠠ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠲᠤ᠌ 4 — 5 ᠲᠠᠰ ᠤ᠋ᠨ ᠰᠠᠯᠬᠢ ᠰᠠᠯᠬᠢᠯᠠᠨ ᠤᠬᠤᠷ ᠬᠤᠭᠤᠴᠠᠭᠠᠨ ᠳ᠋ᠤ 6 — 7 ᠲᠠᠰ ᠤ᠋ᠨ ᠶᠡᠬᠡ ᠰᠠᠯᠬᠢ ᠰᠠᠯᠬᠢᠯᠡᠵᠤ᠂ ᠬᠡᠰᠡᠭ ᠭᠠᠵᠠᠷ ᠲᠤ᠌ 8 ᠲᠠᠰ ᠤ᠋ᠨ ᠶᠡᠬᠡ ᠰᠠᠯᠬᠢ ᠰᠠᠯᠬᠢᠯᠠᠨ᠎ᠠ; ᠳᠤᠮᠳᠠ ᠪᠠ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 6 — 8 ᠭᠷᠠᠳᠦ᠋ᠰ ᠪᠠᠭᠤᠷᠠᠵᠤ᠂ ᠪᠠᠷᠠᠭᠤᠨ ᠪᠡᠶ᠎ᠠ ᠢ᠋ᠢᠨ ᠵᠡᠭᠦᠨ ᠬᠡᠰᠡᠭ ᠪᠤᠯᠤᠨ ᠳᠤᠮᠳᠠ ᠪᠡᠶ᠎ᠠ ᠢ᠋ᠢᠨ ᠪᠠᠷᠠᠭᠤᠨ ᠬᠡᠰᠡᠭ ᠤ᠋ᠨ ᠠᠭᠠᠷ ᠤ᠋ᠨ ᠳᠤᠯᠠᠭᠠᠨ 8 — 10 ᠭᠷᠠᠳᠦ᠋ᠰ ᠪᠠᠭᠤᠷᠠᠵᠤ ᠂ ᠪᠠᠷᠠᠭᠤᠨ ᠪᠡᠶ᠎ᠠ ᠢ᠋ᠢᠨ ᠵᠡᠭᠦᠨ ᠬᠣᠢᠲᠤ ᠬᠡᠰᠡᠭ ᠤ᠋ᠨ ᠠᠭᠠᠷ ᠤ᠋ᠨ ᠳᠤᠯᠠᠭᠠᠨ 10 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃

26 ᠤ᠋ ᠡᠳᠦᠷ ᠤ᠋ᠨ 8 ᠴᠠᠭ ᠡᠴᠡ 27 ᠤ᠋ ᠡᠳᠦᠷ ᠤ᠋ᠨ 8 ᠴᠠᠭ ᠪᠤᠯᠲᠠᠯ᠎ᠠ᠂ ᠲᠦᠩᠯᠢᠶᠣᠤ ᠬᠣᠲᠠ ᠢ᠋ᠢᠨ ᠵᠡᠭᠦᠨ ᠪᠡᠶ᠎ᠠ᠂ ᠬᠢᠩᠭᠠᠨ ᠠᠢᠮᠠᠭ ᠤ᠋ᠨ ᠶᠡᠬᠡᠩᠬᠢ ᠭᠠᠵᠠᠷ᠂ ᠬᠥᠯᠥᠨ ᠪᠤᠢᠷ ᠬᠣᠲᠠ ᠢ᠋ᠢᠨ ᠵᠡᠭᠦᠨ ᠪᠡᠶ᠎ᠠ ᠳ᠋ᠤ ᠳᠤᠮᠳᠠ ᠵᠡᠷᠭᠡ ᠢ᠋ᠢᠨ ᠴᠠᠰᠤ ᠤᠷᠤᠵᠤ᠂ ᠬᠡᠰᠡᠭ ᠭᠠᠵᠠᠷ ᠲᠤ᠌ ᠶᠡᠬᠡ ᠴᠠᠰᠤ ᠤᠷᠤᠨ᠎ᠠ; ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ ᠪᠤᠯᠤᠨ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠲᠤ᠌ 4 — 5 ᠲᠠᠰ ᠤ᠋ᠨ ᠰᠠᠯᠬᠢ ᠰᠠᠯᠬᠢᠯᠡᠨ ᠣᠬᠣᠷ ᠬᠤᠭᠤᠴᠠᠭᠠᠨ ᠳ᠋ᠤ 6 — 7 ᠲᠠᠰ ᠤ᠋ᠨ ᠶᠡᠬᠡ ᠰᠠᠯᠬᠢ ᠰᠠᠯᠬᠢᠯᠡᠵᠤ᠂ ᠬᠡᠰᠡᠭ ᠭᠠᠵᠠᠷ ᠲᠤ᠌ 8 ᠲᠠᠰ ᠤ᠋ᠨ ᠶᠡᠬᠡ ᠰᠠᠯᠬᠢ ᠰᠠᠯᠬᠢᠯᠠᠨ᠎ᠠ; ᠳᠤᠮᠳᠠ ᠪᠡᠶ᠎ᠠ ᠢ᠋ᠢᠨ ᠡᠮᠦᠨ᠎ᠡ ᠬᠡᠰᠡᠭ ᠪᠠ ᠵᠡᠭᠦᠨ ᠬᠡᠰᠡᠭ᠂ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠤ᠋ᠨ ᠠᠭᠠᠷ ᠤ᠋ᠨ ᠳᠤᠯᠠᠭᠠᠨ 6 — 8 ᠭᠷᠠᠳᠦ᠋ᠰ ᠪᠠᠭᠤᠷᠠᠵᠤ᠂ ᠳᠤᠮᠳᠠ ᠪᠡᠶ᠎ᠠ ᠢ᠋ᠢᠨ ᠡᠮᠦᠨ᠎ᠡ ᠬᠡᠰᠡᠭ ᠤ᠋ᠨ ᠠᠭᠠᠷ ᠤ᠋ᠨ ᠳᠤᠯᠠᠭᠠᠨ 8 — 10 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 10 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃

27 ᠤ᠋ ᠡᠳᠦᠷ ᠤ᠋ᠨ 8 ᠴᠠᠭ ᠡᠴᠡ 28 ᠤ᠋ ᠡᠳᠦᠷ ᠤ᠋ᠨ 8 ᠴᠠᠭ ᠪᠤᠯᠲᠠᠯ᠎ᠠ᠂ ᠤᠯᠠᠭᠠᠨᠬᠠᠳᠠ ᠬᠣᠲᠠ ᠢ᠋ᠢᠨ ᠵᠡᠭᠦᠨ ᠬᠣᠢᠲᠤ ᠪᠡᠶ᠎ᠠ᠂ ᠲᠦᠩᠯᠢᠶᠣᠤ ᠬᠣᠲᠠ ᠢ᠋ᠢᠨ ᠪᠠᠷᠠᠭᠤᠨ ᠬᠣᠢᠲᠤ ᠪᠡᠶ᠎ᠠ ᠪᠠ ᠵᠡᠭᠦᠨ ᠪᠡᠶ᠎ᠠ᠂ ᠬᠢᠩᠭᠠᠨ ᠠᠢᠮᠠᠭ ᠤ᠋ᠨ ᠶᠡᠬᠡᠩᠬᠢ ᠭᠠᠵᠠᠷ᠂ ᠬᠥᠯᠥᠨ ᠪᠣᠢᠷ ᠬᠣᠲᠠ ᠢ᠋ᠢᠨ ᠵᠡᠭᠦᠨ ᠡᠮᠦᠨ᠎ᠠ ᠪᠡᠶ᠎ᠠ ᠳ᠋ᠤ ᠳᠤᠮᠳᠠ ᠵᠡᠷᠭᠡ ᠢ᠋ᠢᠨ ᠴᠠᠰᠤ᠎ᠤᠷᠤᠵᠤ᠂ ᠬᠡᠰᠡᠭ ᠭᠠᠵᠠᠷ ᠲᠤ᠌ ᠶᠡᠬᠡ ᠴᠠᠰᠤ᠎ᠤᠷᠤᠨ᠎ᠠ; ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ ᠪᠤᠯᠤᠨ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠲᠤ᠌ 4 — 5 ᠲᠠᠰ ᠤ᠋ᠨ ᠰᠠᠯᠬᠢ ᠰᠠᠯᠬᠢᠯᠡᠵᠤ᠂ ᠣᠬᠣᠷ ᠬᠤᠭᠤᠴᠠᠭᠠᠨ ᠳ᠋ᠤ 6 — 7 ᠲᠠᠰ ᠤ᠋ᠨ ᠶᠡᠬᠡ ᠰᠠᠯᠬᠢ ᠰᠠᠯᠬᠢᠯᠡᠵᠤ᠂ ᠬᠡᠰᠡᠭ ᠭᠠᠵᠠᠷ ᠲᠤ᠌ 8 ᠲᠠᠰ ᠤ᠋ᠨ ᠶᠡᠬᠡ ᠰᠠᠯᠬᠢ ᠰᠠᠯᠬᠢᠯᠠᠨ᠎ᠠ; ᠳᠤᠮᠳᠠ ᠪᠡᠶ᠎ᠠ ᠢ᠋ᠢᠨ ᠵᠡᠭᠦᠨ ᠬᠣᠢᠲᠤ ᠬᠡᠰᠡᠭ᠂ ᠵᠡᠭᠦᠨ ᠪᠡᠶ᠎ᠠ ᠢ᠋ᠢᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 4 — 6 ᠭᠷᠠᠳᠦ᠋ᠰ ᠪᠠᠭᠤᠷᠠᠵᠤ᠂ ᠵᠡᠭᠦᠨ ᠬᠣᠢᠲᠤ ᠪᠡᠶ᠎ᠠ ᠢ᠋ᠢᠨ ᠪᠠᠷᠠᠭᠤᠨ ᠬᠡᠰᠡᠭ ᠤ᠋ᠨ ᠠᠭᠠᠷ ᠤ᠋ᠨ ᠳᠤᠯᠠᠭᠠᠨ 6 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面