2025-08-01 10:22:46
ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠬᠤᠷᠢᠶ᠎ᠠ ᠡᠴᠡ ᠣᠢᠯᠠᠭᠠᠭ᠍ᠰᠠᠨ ᠵᠢᠡᠷ᠂ 8 ᠰᠠᠷ᠎ᠠ ᠢ᠋ᠢᠨ 2 — 5 ᠤ᠋ ᠡᠳᠦᠷ ᠪᠣᠯᠲᠠᠯ᠎ᠠ ᠮᠠᠨ ᠤ᠋ ᠣᠷᠣᠨ ᠤ᠋ ᠶᠡᠬᠡᠩᠬᠢ ᠭᠠᠵᠠᠷ ᠲᠦ᠍ ᠬᠡᠰᠡᠭ ᠪᠤᠰᠠᠭ ᠵᠢᠡᠷ ᠬᠡᠳᠤᠨ ᠡᠳᠤᠷ ᠪᠣᠷᠣᠭᠠᠨ ᠦᠷᠬᠦᠯᠵᠢᠯᠡᠵᠤ᠂ ᠣᠯᠠᠨ ᠭᠠᠵᠠᠷ ᠲᠤ᠌ ᠳᠤᠮᠳᠠ ᠡᠴᠡ ᠶᠡᠬᠡ ᠪᠣᠷᠣᠭᠠᠨ ᠪᠤᠶᠤ ᠰᠢᠷᠦᠭᠦᠨ ᠪᠣᠷᠣᠭᠠᠨ ᠣᠷᠣᠨ᠎ᠠ᠃
2 ᠤ᠋ᠨ ᠡᠳᠦᠷ ᠤ᠋ᠨ 8 ᠴᠠᠭ ᠡᠴᠡ 5 ᠤ᠋ ᠡᠳᠦᠷ ᠤ᠋ᠨ 20 ᠴᠠᠭ ᠪᠣᠯᠲᠠᠯ᠎ᠠ᠂ ᠠᠯᠠᠱᠠ ᠠᠢᠮᠠᠭ ᠤ᠋ᠨ ᠡᠮᠦᠨ᠎ᠠ ᠪᠡᠶ᠎ᠠ᠂ ᠪᠠᠶᠠᠨᠨᠠᠭᠤᠷ ᠬᠣᠲᠠ ᠢ᠋ᠢᠨ ᠵᠡᠭᠦᠨ ᠪᠡᠶ᠎ᠠ᠂ ᠣᠷᠳᠣᠰ ᠬᠣᠲᠠ ᠢ᠋ᠢᠨ ᠶᠡᠬᠡᠩᠬᠢ ᠭᠠᠵᠠᠷ᠂ ᠪᠤᠭᠤᠲᠤ ᠬᠣᠲᠠ ᠢ᠋ᠢᠨ ᠶᠡᠬᠡᠩᠬᠢ ᠭᠠᠵᠠᠷ᠂ ᠬᠥᠬᠡᠬᠣᠲᠠ᠂ ᠤᠯᠠᠭᠠᠨᠴᠠᠪ ᠬᠣᠲᠠ ᠢ᠋ᠢᠨ ᠶᠡᠬᠡᠩᠬᠢ ᠭᠠᠵᠠᠷ᠂ ᠱᠢᠯᠢ ᠢ᠋ᠢᠨ ᠭᠤᠤᠯ ᠠᠢᠮᠠᠭ ᠤ᠋ᠨ ᠡᠮᠦᠨ᠎ᠠ ᠪᠡᠶ᠎ᠠ ᠪᠣᠯᠤᠨ ᠵᠡᠭᠦᠨ ᠬᠣᠢᠲᠤ ᠪᠡᠶ᠎ᠠ᠂ ᠤᠯᠠᠭᠠᠨᠬᠠᠳᠠ ᠬᠣᠲᠠ ᠢ᠋ᠢᠨ ᠶᠡᠬᠡᠩᠬᠢ ᠭᠠᠵᠠᠷ᠂ ᠲᠦᠩᠯᠢᠶᠣᠤ ᠬᠣᠲᠠ᠂ ᠬᠢᠩᠭᠠᠨ ᠠᠢᠮᠠᠭ ᠤ᠋ᠨ ᠬᠣᠢᠲᠤ ᠪᠡᠶ᠎ᠠ ᠪᠣᠯᠤᠨ ᠡᠮᠦᠨ᠎ᠠ ᠪᠡᠶ᠎ᠠ ᠢ᠋ᠢᠨ ᠡᠮᠦᠨ᠎ᠠ ᠬᠡᠰᠡᠭ᠂ ᠬᠥᠯᠥᠨ ᠪᠣᠢᠷ ᠬᠣᠲᠠ ᠢ᠋ᠢᠨ ᠶᠡᠬᠡᠩᠬᠢ ᠭᠠᠵᠠᠷ ᠲᠤ᠌ ᠳᠤᠮᠳᠠ ᠡᠴᠡ ᠶᠡᠬᠡ ᠪᠣᠷᠣᠭᠠᠨ ᠣᠷᠣᠨ᠎ᠠ; ᠠᠯᠠᠱᠠ ᠠᠢᠮᠠᠭ ᠤ᠋ᠨ ᠵᠡᠭᠦᠨ ᠡᠮᠦᠨ᠎ᠠ ᠪᠡᠶ᠎ᠠ ᠢ᠋ᠢᠨ ᠬᠡᠰᠡᠭ ᠭᠠᠵᠠᠷ᠂ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠤᠯᠠᠭᠠᠨᠴᠠᠪ ᠬᠣᠲᠠ ᠢ᠋ᠢᠨ ᠵᠡᠭᠦᠨ ᠪᠡᠶ᠎ᠠ ᠢ᠋ᠢᠨ ᠬᠡᠰᠡᠭ ᠭᠠᠵᠠᠷ᠂ ᠱᠢᠯᠢ ᠢ᠋ᠢᠨ ᠭᠣᠣᠯ ᠠᠢᠮᠠᠭ ᠤ᠋ᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠡᠮᠦᠨ᠎ᠠ ᠪᠡᠶ᠎ᠠ᠂ ᠲᠦᠩᠯᠢᠶᠣᠤ ᠬᠣᠲᠠ ᠢ᠋ᠢᠨ ᠵᠡᠭᠦᠨ ᠡᠮᠦᠨ᠎ᠠ ᠪᠡᠶ᠎ᠠ᠂ ᠬᠥᠯᠥᠨ ᠪᠤᠢᠷ ᠬᠣᠲᠠ ᠢ᠋ᠢᠨ ᠵᠡᠭᠦᠨ ᠪᠡᠶ᠎ᠠ ᠢ᠋ᠢᠨ ᠬᠡᠰᠡᠭ ᠭᠠᠵᠠᠷ ᠲᠤ᠌ ᠱᠢᠷᠦᠭᠦᠨ ᠪᠣᠷᠣᠭᠠᠨ ᠣᠷᠣᠵᠤ᠂ ᠪᠣᠷᠣᠭᠠᠨ ᠤᠰᠤ ᠵᠢᠨ ᠬᠠᠮᠤᠭ ᠤ᠋ᠨ ᠶᠡᠬᠡ ᠬᠤᠷᠠᠮᠳᠤᠯ ᠤ᠋ᠨ ᠬᠡᠮᠵᠢᠶ᠎ᠡ 50 — 60 ᠮᠢᠯᠢᠮᠧᠲ᠋ᠷ ᠬᠦᠷᠴᠤ᠂ ᠬᠡᠰᠡᠭ ᠭᠠᠵᠠᠷ ᠲᠤ᠌ 80 ᠮᠢᠯᠢᠮᠧᠲ᠋ᠷ ᠬᠦᠷᠴᠦ ᠴᠢᠨᠠᠭᠰᠢᠯᠠᠨ 80 ᠮᠢᠯᠢᠮᠧᠲ᠋ᠷ ᠢ᠋ ᠲᠠᠪᠠᠨ᠎ᠠ᠃ ᠲᠡᠬᠡᠷᠡᠬᠢ ᠭᠠᠵᠠᠷ ᠤ᠋ᠨ ᠵᠠᠷᠢᠮ ᠬᠡᠰᠡᠭ ᠲᠦ᠍ ᠪᠠᠰᠠ ᠣᠬᠣᠷ ᠬᠤᠭᠤᠴᠠᠭᠠᠨ ᠤ᠋ ᠱᠢᠷᠦᠭᠦᠨ ᠪᠣᠷᠣᠭᠠᠨ᠂ ᠠᠶᠤᠩᠭᠠᠲᠤ ᠪᠣᠷᠣᠭᠠᠨ ᠶᠡᠬᠡ ᠰᠠᠯᠬᠢ᠂ ᠮᠥᠨᠳᠥᠷ ᠵᠡᠷᠭᠡ ᠴᠢᠡᠭᠭ᠎ᠠ ᠰᠣᠯᠢᠭ ᠤᠷᠤᠰᠭᠠᠯᠲᠤ ᠴᠠᠭ ᠠᠭᠤᠷ ᠳᠠᠭᠠᠯᠳᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃