2026-04-04 12:35:00
ᠵᠡᠬᠦᠨ ᠬᠤᠢᠳᠤ ᠪᠠᠶ᠎ᠠ ᠳ᠋ᠤ ᠶᠡᠬᠡ ᠴᠠᠰᠤ ᠪᠤᠶᠤ ᠤᠨᠴᠠ ᠶᠡᠬᠡ ᠴᠠᠰᠤ ᠤᠷᠤᠨ᠎ᠠ
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠬᠦᠢᠲᠡᠨ ᠠᠭᠠᠷ ᠤ᠋ᠨ ᠨᠥᠯᠥᠭᠡᠯᠡᠯ ᠢ᠋ᠢᠡᠷ ᠬᠠᠩᠰᠢ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠤᠷᠤᠨ ᠤ᠋ ᠶᠡᠬᠡᠡᠭᠭᠢ ᠭᠠᠵᠠᠷ ᠲᠤ᠌ ᠶᠡᠬᠡ ᠰᠠᠯᠬᠢ ᠰᠠᠯᠬᠢᠯᠡᠨ ᠠᠭᠠᠷ ᠤ᠋ᠨ ᠳᠤᠯᠠᠭᠠᠨ ᠪᠠᠭᠤᠷᠠᠵᠤ᠂ ᠵᠡᠬᠦᠨ ᠬᠤᠢᠳᠤ ᠪᠠᠶ᠎ᠠ ᠳ᠋ᠤ ᠶᠡᠬᠡ ᠴᠠᠰᠤ ᠪᠤᠶᠤ ᠤᠨᠴᠠ ᠶᠡᠬᠡ ᠴᠠᠰᠤ ᠤᠷᠤᠨ᠎ᠠ᠃
4 ᠰᠠᠷ᠎ᠠ ᠢ᠋ᠢᠨ 4 — 6 ᠤ᠋ ᠡᠳᠦᠷ ᠪᠤᠯᠲᠠᠯ᠎ᠠ᠂ ᠱᠢᠯᠢ ᠢ᠋ᠢᠨ ᠭᠤᠤᠯ ᠠᠢᠮᠠᠭ ᠤ᠋ᠨ ᠵᠡᠭᠦᠨ ᠪᠡᠶ᠎ᠠ᠂ ᠤᠯᠠᠭᠠᠨᠬᠠᠳᠠ ᠬᠣᠲᠠ ᠢ᠋ᠢᠨ ᠬᠣᠢᠲᠤ ᠪᠡᠶ᠎ᠠ᠂ ᠲᠦᠩᠯᠢᠶᠣᠤ ᠬᠣᠲᠠ ᠢ᠋ᠢᠨ ᠪᠠᠷᠠᠭᠤᠨ ᠬᠣᠢᠲᠤ ᠪᠡᠶ᠎ᠠ᠂ ᠬᠢᠩᠭᠠᠨ ᠠᠢᠮᠠᠭ ᠤ᠋ᠨ ᠶᠡᠬᠡᠩᠬᠢ ᠭᠠᠵᠠᠷ᠂ ᠬᠥᠯᠥᠨ ᠪᠣᠢᠷ ᠬᠣᠲᠠ ᠢ᠋ᠢᠨ ᠶᠡᠬᠡᠡᠭᠬᠢ ᠭᠠᠵᠠᠷ ᠲᠤ᠌ ᠳᠤᠮᠳᠠ ᠵᠡᠷᠭᠡ ᠢ᠋ᠢᠨ ᠴᠠᠰᠤ ᠤᠷᠤᠵᠤ᠂ ᠰᠢᠯᠢ ᠢ᠋ᠢᠨ ᠭᠤᠤᠯ ᠠᠢᠮᠠᠭ ᠤ᠋ᠨ ᠵᠡᠭᠦᠨ ᠬᠣᠢᠲᠤ ᠪᠡᠶ᠎ᠠ᠂ ᠬᠢᠩᠭᠠᠨ ᠠᠢᠮᠠᠭ ᠤ᠋ᠨ ᠪᠠᠷᠠᠭᠤᠨ ᠪᠡᠶ᠎ᠠ ᠪᠤᠯᠤᠨ ᠬᠣᠢᠲᠤ ᠪᠡᠶ᠎ᠠ᠂ ᠬᠥᠯᠥᠨ ᠪᠣᠢᠷ ᠬᠣᠲᠠ ᠢ᠋ᠢᠨ ᠡᠮᠦᠨ᠎ᠠ ᠪᠡᠶ᠎ᠠ ᠳ᠋ᠤ ᠶᠡᠬᠡ ᠴᠠᠰᠤ ᠪᠤᠶᠤ ᠤᠨᠴᠠ ᠶᠡᠬᠡ ᠴᠠᠰᠤ ᠣᠷᠣᠨ᠎ᠠ; ᠦᠪᠦᠷ ᠮᠤᠡᠭᠭᠤᠯ ᠤ᠋ᠨ ᠪᠠᠷᠠᠭᠤᠨ ᠪᠡᠶ᠎ᠠ ᠢ᠋ᠢᠨ ᠵᠡᠭᠦᠨ ᠬᠣᠢᠲᠤ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠪᠡᠶ᠎ᠠ ᠢ᠋ᠢᠨ ᠪᠠᠷᠠᠭᠤᠨ ᠬᠡᠰᠡᠭᠦᠨ ᠠᠭᠠᠷ ᠤ᠋ᠨ ᠳᠤᠯᠠᠭᠠᠨ 8 —10 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 10 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃
4 ᠰᠠᠷ᠎ᠠ ᠢ᠋ᠢᠨ 4 — 6 ᠤ᠋ ᠡᠳᠦᠷ ᠪᠤᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠲᠤ᠌ ᠪᠠᠷᠠᠭᠤᠨ ᠬᠣᠢᠨ᠎ᠠ ᠪᠤᠶᠤ ᠪᠠᠷᠠᠭᠤᠨ ᠡᠴᠡ 4 — 5 ᠲᠠᠰ᠂ ᠣᠬᠣᠷ ᠬᠤᠭᠤᠴᠠᠭᠠᠨ ᠳ᠋ᠤ 7 — 8 ᠲᠠᠰ ᠤ᠋ᠨ ᠶᠡᠬᠡ ᠰᠠᠯᠬᠢ ᠰᠠᠯᠬᠢᠯᠠᠨ᠎ᠠ᠃ ᠡᠭᠦᠨ ᠳ᠋ᠤ᠂ ᠪᠠᠷᠠᠭᠤᠨ ᠪᠡᠶ᠎ᠠ ᠢ᠋ᠢᠨ ᠵᠡᠭᠦᠨ ᠬᠣᠢᠲᠤ ᠬᠡᠰᠡᠭ᠂ ᠳᠤᠮᠳᠠ ᠪᠡᠶ᠎ᠠ ᠢ᠋ᠢᠨ ᠪᠠᠷᠠᠭᠤᠨ ᠬᠣᠢᠲᠤ ᠬᠡᠰᠡᠭ᠂ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠤ᠋ᠨ ᠭᠠᠵᠠᠷ ᠣᠷᠣᠨ ᠳ᠋ᠤ 9 ᠲᠠᠰ ᠡᠴᠡ ᠳᠡᠭᠡᠭ᠌ᠰᠢᠬᠢ ᠶᠡᠬᠡ ᠰᠠᠯᠬᠢ ᠰᠠᠯᠬᠢᠯᠡᠵᠤ᠂ ᠪᠠᠷᠠᠭᠤᠨ ᠪᠡᠶ᠎ᠠ ᠢ᠋ᠢᠨ ᠵᠡᠭᠦᠨ ᠬᠣᠢᠲᠤ ᠬᠡᠰᠡᠭ᠂ ᠳᠤᠮᠳᠠ ᠪᠡᠶ᠎ᠠ ᠢ᠋ᠢᠨ ᠪᠠᠷᠠᠭᠤᠨ ᠬᠡᠰᠡᠭ ᠲᠤ᠌ ᠲᠤᠭᠤᠰᠤ ᠳᠡᠭᠳᠡᠵᠤ᠂ ᠬᠡᠰᠡᠭ ᠭᠠᠵᠠᠷ ᠲᠤ᠌ ᠡᠯᠡᠰᠦᠨ ᠱᠢᠭᠤᠷᠭᠠᠳᠡᠭᠳᠡᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃