ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2026-09-23 11:07:02

ᠵᠣᠬᠢᠶᠠᠭ᠍ᠴᠢ᠄ ​ᠦᠨᠢᠷ ᠣᠩᠱᠢᠭ᠍ᠰᠠᠨ ᠣᠳᠠᠭ᠎ᠠ᠄ 3

ᠦᠪᠤᠷ ᠮᠤᠩᠭᠤᠯ ᠤ᠋ᠨ ᠤᠯᠠᠨ ᠭᠠᠵᠠᠷ ᠲᠦ᠍ ᠪᠤᠷᠤᠭᠠᠨ ᠤᠷᠤᠵᠤ ᠶᠡᠬᠡ ᠰᠠᠯᠬᠢ ᠰᠠᠯᠬᠢᠯᠠᠨ᠎ᠠ

ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠵᠢᠡᠷ᠂ 9 ᠰᠠᠷ᠎ᠠ ᠵᠢᠨ 24 — 25 ᠤ᠋ ᠡᠳᠤᠷ ᠪᠤᠯᠳᠠᠯ᠎ᠠ᠂ ᠬᠦᠢᠳᠡᠨ ᠠᠭᠠᠷ ᠤ᠋ᠨ ᠨᠦᠯᠦᠬᠡᠯᠡᠯ ᠵᠢᠡᠷ ᠮᠠᠨ ᠤ᠋ ᠤᠷᠤᠨ ᠤ᠋ ᠪᠠᠷᠠᠭᠤᠨ ᠪᠡᠶ᠎ᠠ ᠵᠢᠨ ᠵᠡᠬᠦᠨ ᠬᠡᠰᠡᠭ᠂ ᠲᠤᠮᠳᠠ ᠪᠠᠶ᠎ᠠ ᠪᠤᠯᠤᠨ ᠵᠡᠬᠦᠨ ᠪᠠᠶ᠎ᠠ ᠵᠢᠨ ᠶᠡᠬᠡᠩᠬᠢ ᠭᠠᠵᠠᠷ ᠲᠦ᠍ ᠪᠤᠷᠤᠭᠠᠨ ᠤᠷᠤᠵᠤ ᠶᠡᠬᠡ ᠰᠠᠯᠬᠢ ᠰᠠᠯᠬᠢᠯᠠᠨ᠎ᠠ᠃

24 — 25 ᠤ᠋ ᠡᠳᠤᠷ ᠪᠤᠯᠳᠠᠯ᠎ᠠ᠂ ᠪᠠᠶᠠᠠᠨᠠᠭᠤᠷ ᠬᠤᠳᠠ ᠵᠢᠨ ᠵᠡᠬᠦᠨ ᠪᠠᠶ᠎ᠠ᠂ ᠤᠷᠳᠤᠰ ᠬᠤᠳᠠ ᠵᠢᠨ ᠵᠡᠬᠦᠨ ᠪᠠᠶ᠎ᠠ᠂ ᠪᠤᠭᠤᠳᠤ ᠬᠤᠳᠠ᠂ ᠬᠦᠬᠡᠬᠤᠳᠠ᠂ ᠤᠯᠠᠭᠠᠨᠴᠠᠪ ᠬᠤᠳᠠ ᠵᠢᠨ ᠶᠡᠬᠡᠩᠬᠢ ᠭᠠᠵᠠᠷ᠂ ᠰᠢᠯᠢ ᠵᠢᠨ ᠭᠤᠤᠯ ᠠᠢᠮᠠᠭ ᠤ᠋ᠨ ᠡᠮᠤᠨ᠎ᠠ ᠪᠠᠶ᠎ᠠ ᠪᠤᠯᠤᠨ ᠵᠡᠬᠦᠨ ᠪᠠᠶ᠎ᠠ᠂ ᠤᠯᠠᠭᠠᠨᠬᠠᠳᠠ ᠬᠤᠳᠠ ᠵᠢᠨ ᠶᠡᠬᠡᠩᠬᠢ ᠭᠠᠵᠠᠷ᠂ ᠲᠦᠩᠯᠢᠶᠤᠤ ᠬᠤᠳᠠ ᠵᠢᠨ ᠶᠡᠬᠡᠩᠬᠢ ᠭᠠᠵᠠᠷ᠂ ᠬᠢᠩᠭᠠᠨ ᠠᠢᠮᠠᠭ᠂ ᠬᠦᠯᠦᠨ ᠪᠤᠢᠷ ᠬᠤᠳᠠ ᠵᠢᠨ ᠡᠮᠤᠨ᠎ᠠ ᠪᠠᠶ᠎ᠠ ᠳ᠋ᠤ ᠪᠠᠭ᠎ᠠ ᠪᠤᠷᠤᠭᠠᠨ ᠤᠷᠤᠨ᠎ᠠ᠃ ᠡᠬᠦᠨ ᠳ᠋ᠤ᠂ ᠬᠦᠬᠡᠬᠤᠳᠠ ᠵᠢᠨ ᠵᠡᠬᠦᠨ ᠬᠤᠢᠳᠤ ᠪᠠᠶ᠎ᠠ᠂ ᠤᠯᠠᠭᠠᠨᠴᠠᠪ ᠬᠤᠳᠠ ᠵᠢᠨ ᠪᠠᠷᠠᠭᠤᠨ ᠪᠠᠶ᠎ᠠ᠂ ᠰᠢᠯᠢ ᠵᠢᠨ ᠭᠤᠤᠯ ᠠᠢᠮᠠᠭ ᠤ᠋ᠨ ᠵᠡᠬᠦᠨ ᠪᠠᠶ᠎ᠠ᠂ ᠤᠯᠠᠭᠠᠨᠬᠠᠳᠠ ᠬᠤᠳᠠ ᠵᠢᠨ ᠪᠠᠷᠠᠭᠤᠨ ᠡᠮᠤᠨ᠎ᠠ ᠪᠠᠶ᠎ᠡ ᠪᠤᠯᠤᠨ ᠵᠡᠬᠦᠨ ᠬᠤᠢᠳᠤ ᠪᠠᠶ᠎ᠠ᠂ ᠲᠦᠩᠯᠢᠶᠤᠤ ᠬᠤᠳᠠ ᠵᠢᠨ ᠪᠠᠷᠠᠭᠤᠨ ᠬᠤᠢᠳᠤ ᠪᠠᠶ᠎ᠠ᠂ ᠬᠢᠩᠭᠠᠨ ᠠᠢᠮᠠᠭ ᠤ᠋ᠨ ᠡᠮᠤᠨ᠎ᠠ ᠪᠠᠶ᠎ᠠ ᠪᠤᠯᠤᠨ ᠬᠤᠢᠳᠤ ᠪᠠᠶ᠎ᠠ ᠵᠢᠨ ᠬᠤᠢᠳᠤ ᠬᠡᠰᠡᠭ ᠲᠦ᠍ ᠲᠤᠮᠳᠠ ᠵᠡᠷᠬᠡ ᠵᠢᠨ ᠪᠤᠷᠤᠭᠠᠨ ᠤᠷᠤᠵᠤ᠂ ᠰᠢᠯᠢ ᠵᠢᠨ ᠭᠤᠤᠯ ᠠᠢᠮᠠᠭ ᠤ᠋ᠨ ᠵᠡᠬᠦᠨ ᠬᠤᠢᠳᠤ ᠪᠠᠶ᠎ᠠ ᠳ᠋ᠤ ᠶᠡᠬᠡ ᠪᠤᠷᠤᠭᠠᠨ ᠤᠷᠤᠵᠤ᠂ ᠰᠢᠯᠢ ᠵᠢᠨ ᠭᠤᠤᠯ ᠠᠢᠮᠠᠭ ᠤ᠋ᠨ ᠵᠡᠬᠦᠨ ᠬᠤᠢᠳᠤ ᠪᠠᠶ᠎ᠠ᠂ ᠬᠢᠩᠭᠠᠨ ᠠᠢᠮᠠᠭ ᠤ᠋ᠨ ᠪᠠᠷᠠᠭᠤᠨ ᠬᠤᠢᠳᠤ ᠪᠠᠶ᠎ᠠ᠂ ᠬᠦᠯᠦᠨ ᠪᠤᠢᠷ ᠬᠤᠳᠠ ᠵᠢᠨ ᠡᠮᠤᠨ᠎ᠠ ᠪᠠᠶ᠎ᠠ ᠵᠢᠨ ᠬᠡᠰᠡᠭ ᠭᠠᠵᠠᠷ ᠲᠦ᠍ ᠪᠤᠷᠤᠭᠠᠨ ᠴᠠᠰᠤ ᠬᠤᠯᠢᠯᠳᠤᠵᠤ ᠤᠷᠤᠨ᠎ᠠ ᠃

24 — 25 ᠤ᠋ ᠡᠳᠤᠷ ᠪᠤᠯᠳᠠᠯ᠎ᠠ᠂ ᠦᠪᠤᠷ ᠮᠤᠩᠭᠤᠯ ᠤ᠋ᠨ ᠪᠠᠷᠠᠭᠤᠨ ᠪᠠᠶ᠎ᠠ ᠵᠢᠨ ᠵᠡᠬᠦᠨ ᠬᠤᠢᠳᠤ ᠬᠡᠰᠡᠭ᠂ ᠲᠤᠮᠳᠠ ᠪᠠᠶ᠎ᠠ ᠵᠢᠨ ᠶᠡᠬᠡᠩᠬᠢ ᠭᠠᠵᠠᠷ ᠪᠤᠯᠤᠨ ᠵᠡᠬᠦᠨ ᠡᠮᠤᠨ᠎ᠠ ᠪᠠᠶ᠎ᠠ ᠵᠢᠨ ᠭᠠᠵᠠᠷ ᠤᠷᠤᠨ ᠳ᠋ᠤ ᠡᠮᠤᠨ᠎ᠠ ᠪᠤᠶᠤ ᠪᠠᠷᠠᠭᠤᠨ ᠡᠴᠡ 4 — 5 ᠲᠡᠰ᠂ ᠤᠬᠤᠷ ᠬᠤᠭᠤᠴᠠᠭᠠᠨ ᠳ᠋ᠤ 6 ᠲᠡᠰ ᠤ᠋ᠨ ᠰᠠᠯᠬᠢ ᠰᠠᠯᠬᠢᠯᠠᠨ᠎ᠠ᠃ ᠡᠬᠦᠨ ᠳ᠋ᠤ ᠪᠠᠶᠠᠠᠨᠠᠭᠤᠷ ᠬᠤᠳᠠ ᠵᠢᠨ ᠬᠤᠢᠳᠤ ᠪᠠᠶ᠎ᠠ᠂ ᠪᠤᠭᠤᠳᠤ ᠬᠤᠳᠠ ᠵᠢᠨ ᠬᠤᠢᠳᠤ ᠪᠠᠶ᠎ᠠ᠂ ᠤᠯᠠᠭᠠᠨᠴᠠᠪ ᠬᠤᠳᠠ ᠵᠢᠨ ᠬᠤᠢᠳᠤ ᠪᠠᠶ᠎ᠠ᠂ ᠰᠢᠯᠢ ᠵᠢᠨ ᠭᠤᠤᠯ ᠠᠢᠮᠠᠭ ᠤ᠋ᠨ ᠪᠠᠷᠠᠭᠤᠨ ᠬᠤᠢᠳᠤ ᠪᠠᠶ᠎ᠠ ᠪᠤᠯᠤᠨ ᠡᠮᠤᠨ᠎ᠠ ᠪᠠᠶ᠎ᠠ᠂ ᠤᠯᠠᠭᠠᠨᠬᠠᠳᠠ ᠬᠤᠳᠠ ᠵᠢᠨ ᠪᠠᠷᠠᠭᠤᠨ ᠪᠠᠶ᠎ᠡ ᠳ᠋ᠤ ᠬᠡᠰᠡᠭ ᠲᠠᠬᠡᠨ 7 — 8 ᠲᠡᠰ ᠤ᠋ᠨ ᠶᠡᠬᠡ ᠰᠠᠯᠬᠢ ᠰᠠᠯᠬᠢᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面