2026-10-01 11:02:34
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠤᠯᠤᠰ ᠤ᠋ᠨ ᠪᠠᠶᠠᠷ ᠤ᠋ᠨ ᠠᠮᠠᠷᠠᠯᠳᠠ ᠵᠢᠨ ᠬᠤᠭᠤᠴᠠᠭᠠᠨ ᠳ᠋ᠤ 3 ᠤᠳᠠᠭ᠎ᠠ ᠵᠢᠨ ᠬᠦᠢᠳᠡᠨ ᠠᠭᠠᠷ ᠮᠠᠨ ᠤ᠋ ᠤᠷᠤᠨ ᠢ᠋ ᠨᠦᠯᠦᠬᠡᠯᠡᠨ᠎ᠠ᠃ ᠡᠬᠦᠨ ᠳ᠋ᠤ 10 ᠰᠠᠷ᠎ᠠ ᠢ᠋ᠢᠨ 2 — 4 ᠤ᠋ ᠡᠳᠦᠷ ᠤ᠋ᠨ ᠬᠦᠢᠲᠡᠨ ᠠᠭᠠᠷ ᠬᠠᠮᠤᠭ ᠤ᠋ᠨ ᠬᠦᠴᠦᠳᠠᠢ ᠪᠠᠢᠵᠤ᠂ ᠪᠦᠬᠦ ᠤᠷᠤᠨ ᠤ᠋ ᠤᠯᠠᠨ ᠭᠠᠵᠠᠷ ᠲᠤ᠌ ᠳᠤᠮᠳᠠ ᠡᠴᠡ ᠶᠡᠬᠡ ᠪᠤᠷᠤᠭᠠᠨ ᠤᠷᠤᠵᠤ᠂ ᠠᠭᠠᠷ ᠤ᠋ᠨ ᠳᠤᠯᠠᠭᠠᠨ 4 — 10 ᠭᠷᠠᠳᠦ᠋ᠰ ᠪᠠᠭᠤᠷᠠᠵᠤ᠂ ᠶᠡᠬᠡ ᠰᠠᠯᠬᠢ ᠰᠠᠯᠬᠢᠯᠠᠨ᠎ᠠ᠃
10 ᠰᠠᠷ᠎ᠠ ᠵᠢᠨ 2 ᠤ᠋ᠨ ᠡᠳᠦᠷ ᠤ᠋ᠨ 8 ᠴᠠᠭ ᠡᠴᠡ 3 ᠤ᠋ ᠡᠳᠦᠷ ᠤ᠋ᠨ 8 ᠴᠠᠭ ᠪᠣᠯᠲᠠᠯ᠎ᠠ᠂ ᠦᠪᠦᠷ ᠮᠤᠡᠭᠭᠤᠯ ᠤ᠋ᠨ ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ ᠪᠤᠯᠤᠨ ᠵᠡᠭᠦᠨ ᠡᠮᠦᠨ᠎ᠠ ᠪᠡᠶ᠎ᠠ ᠢ᠋ᠢᠨᠭᠠᠵᠠᠷ ᠣᠷᠣᠨ ᠳ᠋ᠤ ᠪᠠᠭ᠎ᠠ ᠪᠣᠷᠣᠭᠠᠨ ᠤᠷᠤᠵᠤ᠂ ᠰᠢᠯᠢ ᠢ᠋ᠢᠨ ᠭᠤᠤᠯ ᠠᠶ᠋ᠢᠮᠠᠭ ᠤ᠋ᠨ ᠵᠡᠭᠦᠨ ᠪᠡᠶ᠎ᠠ ᠢ᠋ᠢᠨ ᠬᠡᠰᠡᠭ ᠭᠠᠵᠠᠷ᠂ ᠤᠯᠠᠭᠠᠨᠬᠠᠳᠠ ᠬᠣᠲᠠ ᠢ᠋ᠢᠨ ᠪᠠᠷᠠᠭᠤᠨ ᠬᠣᠶ᠋ᠢᠲᠤ᠌ ᠪᠡᠶ᠎ᠠ ᠳ᠋ᠤ ᠪᠤᠷᠤᠭᠠᠨ ᠴᠠᠰᠤ ᠬᠣᠯᠢᠯᠳᠤᠨ ᠣᠷᠣᠵᠤ᠂ ᠣᠷᠳᠣᠰ ᠬᠣᠲᠠ ᠢ᠋ᠢᠨ ᠵᠡᠭᠦᠨ ᠬᠣᠶ᠋ᠢᠲᠤ᠌ ᠪᠡᠶ᠎ᠠ᠂ ᠪᠤᠭᠤᠲᠤ᠌ ᠬᠣᠲᠠ ᠢ᠋ᠢᠨ ᠡᠮᠦᠨ᠎ᠡ ᠪᠡᠶ᠎ᠠ᠂ ᠬᠥᠬᠡᠬᠣᠲᠠ ᠢ᠋ᠢᠨ ᠳᠤᠮᠳᠠ ᠪᠡᠶ᠎ᠠ ᠪᠤᠯᠤᠨ ᠡᠮᠦᠨ᠎ᠡ ᠪᠡᠶ᠎ᠠ᠂ ᠤᠯᠠᠭᠠᠨᠴᠠᠪ ᠬᠣᠲᠠ ᠢ᠋ᠢᠨ ᠡᠮᠦᠨ᠎ᠠ ᠪᠡᠶ᠎ᠠ᠂ ᠰᠢᠯᠢ ᠢ᠋ᠢᠨ ᠭᠤᠤᠯ ᠠᠶ᠋ᠢᠮᠠᠭ ᠤ᠋ᠨ ᠵᠡᠭᠦᠨ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ ᠳ᠋ᠤ ᠳᠤᠮᠳᠠ ᠵᠡᠷᠭᠡ ᠢ᠋ᠢᠨ ᠪᠣᠷᠣᠭᠠᠨ ᠣᠷᠣᠵᠤ᠂ ᠬᠡᠰᠡᠭ ᠭᠠᠵᠠᠷ ᠲᠤ᠌ ᠶᠡᠬᠡ ᠪᠣᠷᠣᠭᠠᠨ ᠣᠷᠣᠨ᠎ᠠ; ᠪᠠᠷᠠᠭᠤᠨ ᠪᠡᠶ᠎ᠠ ᠢ᠋ᠢᠨ ᠬᠣᠶ᠋ᠢᠲᠤ᠌ ᠬᠡᠰᠡᠭ ᠪᠤᠯᠤᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠪᠠᠷᠠᠭᠤᠨ ᠬᠡᠰᠡᠭ ᠲᠤ᠌ ᠪᠠᠷᠠᠭᠤᠨ ᠬᠤᠢᠨ᠎ᠠ ᠪᠤᠶᠤ ᠪᠠᠷᠠᠭᠤᠨ ᠡᠮᠦᠨ᠎ᠠ ᠡᠴᠡ 4 — 5 ᠲᠠᠰ᠂ ᠤᠬᠤᠷ ᠬᠤᠭᠤᠴᠠᠭᠠᠨ ᠳ᠋ᠤ 8 ᠳᠡᠰ ᠤ᠋ᠨ ᠶᠡᠬᠡ ᠰᠠᠯᠬᠢ ᠰᠠᠯᠬᠢᠯᠠᠨ᠎ᠠ; ᠪᠠᠷᠠᠭᠤᠨ ᠪᠡᠶ᠎ᠠ ᠢ᠋ᠢᠨ ᠬᠣᠶ᠋ᠢᠲᠤ᠌ ᠬᠡᠰᠡᠭ ᠤ᠋ᠨ ᠠᠭᠠᠷ ᠤ᠋ᠨ ᠳᠤᠯᠠᠭᠠᠨ 4 — 6 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 6 ᠭᠷᠠᠳᠦ᠋ᠰ ᠡᠴᠡ ᠳᠡᠭᠡᠭᠰᠢ ᠪᠠᠭᠤᠷᠠᠨ᠎ᠠ᠃
10 ᠰᠠᠷ᠎ᠠ ᠵᠢᠨ 3 ᠤ᠋ ᠡᠳᠦᠷ ᠤ᠋ᠨ 8 ᠴᠠᠭ ᠡᠴᠡ 4 ᠤ᠋ ᠡᠳᠦᠷ ᠤ᠋ᠨ 8 ᠴᠠᠭ ᠪᠣᠯᠲᠠᠯ᠎ᠠ᠂ ᠦᠪᠦᠷ ᠮᠤᠡᠭᠭᠤᠯ ᠤ᠋ᠨ ᠪᠠᠷᠠᠭᠤᠨ ᠪᠡᠶ᠎ᠠ ᠢ᠋ᠢᠨ ᠵᠡᠭᠦᠨ ᠬᠣᠶ᠋ᠢᠲᠤ᠌ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠡᠮᠦᠨ᠎ᠠ ᠪᠡᠶ᠎ᠠ ᠢ᠋ᠢᠨ ᠭᠠᠵᠠᠷ ᠣᠷᠣᠨ ᠳ᠋ᠤ ᠪᠠᠭ᠎ᠠ ᠪᠣᠷᠣᠭᠠᠨ ᠤᠷᠤᠵᠤ᠂ ᠰᠢᠯᠢ ᠢ᠋ᠢᠨ ᠭᠤᠤᠯ ᠠᠶ᠋ᠢᠮᠠᠭ ᠤ᠋ᠨ ᠵᠡᠭᠦᠨ ᠪᠡᠶ᠎ᠠ ᠢ᠋ᠢᠨ ᠬᠡᠰᠡᠭ ᠭᠠᠵᠠᠷ᠂ ᠤᠯᠠᠭᠠᠨᠬᠠᠳᠠ ᠬᠣᠲᠠ ᠢ᠋ᠢᠨ ᠪᠠᠷᠠᠭᠤᠨ ᠬᠣᠶ᠋ᠢᠲᠤ᠌ ᠪᠡᠶ᠎ᠠ ᠳ᠋ᠤ ᠪᠤᠷᠤᠭᠠᠨ ᠴᠠᠰᠤ ᠬᠣᠯᠢᠯᠳᠤᠨ ᠣᠷᠣᠵᠤ᠂ ᠰᠢᠯᠢ ᠢ᠋ᠢᠨ ᠭᠤᠤᠯ ᠠᠶ᠋ᠢᠮᠠᠭ ᠤ᠋ᠨ ᠵᠡᠭᠦᠨ ᠪᠡᠶ᠎ᠠ᠂ ᠤᠯᠠᠭᠠᠨᠬᠠᠳᠠ ᠬᠣᠲᠠ ᠢ᠋ᠢᠨ ᠬᠣᠶ᠋ᠢᠲᠤ᠌ ᠪᠡᠶ᠎ᠠ ᠪᠣᠯᠤᠨ ᠵᠡᠭᠦᠨ ᠪᠡᠶ᠎ᠠ᠂ ᠲᠦᠩᠯᠢᠶᠣᠤ ᠬᠣᠲᠠ ᠢ᠋ᠢᠨ ᠶᠡᠬᠡᠩᠬᠢ ᠭᠠᠵᠠᠷ᠂ ᠬᠢᠩᠭᠠᠨ ᠠᠶ᠋ᠢᠮᠠᠭ ᠤ᠋ᠨ ᠵᠡᠭᠦᠨ ᠡᠮᠦᠨ᠎ᠠ ᠪᠡᠶ᠎ᠠ ᠳ᠋ᠤ ᠳᠤᠮᠳᠠ ᠡᠴᠡ ᠶᠡᠬᠡ ᠪᠣᠷᠣᠭᠠᠨ ᠣᠷᠣᠵᠤ᠂ ᠬᠡᠰᠡᠭ ᠭᠠᠵᠠᠷ ᠲᠤ᠌ ᠰᠢᠷᠦᠭᠦᠨ ᠪᠣᠷᠣᠭᠠᠨ ᠤᠷᠤᠨ᠎ᠠ; ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠡᠮᠦᠨ᠎ᠠ ᠪᠡᠶ᠎ᠠ ᠢ᠋ᠢᠨ ᠭᠠᠵᠠᠷ ᠣᠷᠣᠨ ᠳ᠋ᠤ ᠬᠤᠢᠨ᠎ᠠ ᠡᠴᠡ 5 — 6 ᠲᠠᠰ᠂ ᠣᠬᠣᠷ ᠬᠤᠭᠤᠴᠠᠭᠠᠨ ᠳ᠋ᠤ 8 ᠲᠠᠰ ᠤ᠋ᠨ ᠶᠡᠬᠡ ᠰᠠᠯᠬᠢ ᠰᠠᠯᠬᠢᠯᠠᠨ᠎ᠠ; ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠡᠮᠦᠨ᠎ᠠ ᠪᠡᠶ᠎ᠠ ᠢ᠋ᠢᠨ ᠪᠠᠷᠠᠭᠤᠨ ᠬᠡᠰᠡᠭ ᠤ᠋ᠨ ᠠᠭᠠᠷ ᠤ᠋ᠨ ᠳᠤᠯᠠᠭᠠᠨ 4 — 8 ᠭᠷᠠᠳᠦ᠋ᠰ ᠪᠠᠭᠤᠷᠠᠵᠤ᠂ ᠪᠠᠷᠠᠭᠤᠨ ᠪᠡᠶ᠎ᠠ ᠢ᠋ᠢᠨ ᠬᠣᠶ᠋ᠢᠲᠤ᠌ ᠬᠡᠰᠡᠭ ᠪᠤᠯᠤᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠵᠡᠭᠦᠨ ᠡᠮᠦᠨ᠎ᠡ ᠬᠡᠰᠡᠭ ᠤ᠋ᠨ ᠠᠭᠠᠷ ᠤ᠋ᠨ ᠳᠤᠯᠠᠭᠠᠨ 8 — 10 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 10 ᠭᠷᠠᠳᠦ᠋ᠰ ᠡᠴᠡ ᠳᠡᠭᠡᠭᠰᠢ ᠪᠠᠭᠤᠷᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃