2026-10-29 11:26:13
ᠰᠤᠷᠪᠤᠯᠵᠢᠯᠠᠬᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ ᠂ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠲᠥᠪ ᠤ᠋ᠨ ᠬᠢᠨ ᠣᠶ᠋ᠢᠷ᠎ᠠ ᠳ᠋ᠤ ᠮᠣᠩᠭᠣᠯ ᠤᠯᠤᠰ ᠤ᠋ᠨ ᠴᠠᠭ ᠠᠭᠤᠷ ᠬᠢᠭᠡᠳ ᠣᠷᠴᠢᠨ ᠲᠣᠭᠣᠷᠢᠨ ᠢ᠋ ᠬᠢᠨᠠᠨ ᠬᠡᠮᠵᠢᠬᠦ᠌ ᠶᠠᠮᠤᠨ᠂ ᠥᠪᠥᠷ ᠮᠣᠩᠭᠣᠯ ᠤ᠋ᠨ ᠪᠠᠭᠰᠢ ᠢ᠋ᠢᠨ ᠶᠡᠬᠡ ᠰᠤᠷᠭᠠᠭᠤᠯᠢ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠬᠣᠷᠢᠶ᠎ᠠ ᠲᠠᠢ ᠬᠠᠮᠲᠤᠷᠠᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠢ᠋ᠢ ᠡᠭᠦᠳᠬᠦ᠌ ᠴᠢᠳᠠᠪᠤᠷᠢ ᠢ᠋ᠢ ᠳᠡᠭᠡᠭᠰᠢᠯᠡᠭᠦᠯᠬᠦ᠌ ᠲᠥᠯᠥᠪᠯᠡᠭᠡ ᠢ᠋ᠢᠨ ᠲᠥᠷᠥᠯ ᠵᠦᠢᠯ — 《 ᠬᠢᠯᠢ ᠠᠯᠤᠰᠯᠠᠨ ᠬᠠᠮᠵᠢᠯᠴᠠᠵᠤ ᠭᠠᠩ ᠬᠠᠭᠰᠠᠷᠠᠭᠠᠨ ᠲᠠᠢ ᠲᠡᠮᠡᠴᠡᠨ ᠮᠣᠩᠭᠣᠯ ᠤ᠋ᠨ ᠥᠨᠳᠥᠷᠯᠢᠭ ᠲᠡᠬᠢ ᠪᠣᠷᠣᠭᠠᠨ ᠨᠡᠮᠡᠵᠤ ᠤᠷᠤᠭᠤᠯᠬᠤ ᠨᠥᠬᠥᠴᠡᠯ ᠢ᠋ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠮᠡᠷᠭᠡᠵᠢᠯ ᠢ᠋ ᠰᠤᠳᠤᠯᠤᠨ ᠨᠡᠭᠡᠭᠡᠬᠦ᠌ ᠪᠠ ᠬᠡᠷᠡᠭᠯᠡᠬᠦ᠌ 》 ᠲᠦᠷᠦᠯ ᠵᠤᠢᠯ ᠢ᠋ ᠡᠬᠢᠯᠡᠭᠦᠯᠪᠡ᠃
ᠲᠣᠰ ᠲᠥᠷᠥᠯ ᠵᠦᠢᠯ ᠳ᠋ᠤ ᠬᠢᠯᠢ ᠠᠯᠤᠰᠯᠠᠨ ᠬᠠᠮᠵᠢᠯᠴᠠᠵᠤ ᠭᠠᠩ ᠬᠠᠭᠰᠠᠷᠠᠭᠠᠨ ᠲᠠᠢ ᠲᠡᠮᠡᠴᠡᠬᠦ᠌᠂ᠪᠣᠷᠣᠭᠠᠨ ᠨᠡᠮᠡᠵᠤ ᠤᠷᠤᠭᠤᠯᠬᠤ ᠨᠥᠬᠥᠴᠡᠯ ᠢ᠋ ᠨᠠᠷᠢᠯᠢᠭ ᠬᠢᠨᠠᠨ ᠬᠡᠮᠵᠢᠬᠦ᠌᠂ ᠥᠨᠳᠥᠷᠯᠢᠭ ᠤ᠋ᠨ ᠡᠭᠦᠯᠡ ᠤᠰᠤᠨ ᠤ᠋ ᠡᠬᠢ ᠪᠠᠶᠠᠯᠢᠭ ᠢ᠋ ᠤᠷᠢᠳᠴᠢᠯᠠᠨ ᠮᠡᠳᠡᠭᠡᠯᠡᠬᠦ᠌᠂ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠮᠡᠷᠭᠡᠵᠢᠯ ᠢ᠋ ᠲᠣᠬᠢᠷᠠᠭᠤᠯᠤᠨ ᠬᠡᠷᠡᠭᠯᠡᠬᠦ᠌ ᠵᠡᠷᠬᠡ 4 ᠶᠡᠬᠡ ᠭᠤᠤᠯ ᠴᠢᠭᠯᠡᠯ ᠲᠡᠶ ᠨᠢᠭᠲᠠ ᠤᠶᠠᠯᠳᠤᠭᠤᠯᠵᠤ᠂ ᠣᠯᠠᠨ ᠡᠭᠦᠰᠦᠯᠳᠦ ᠲᠣᠭ᠎ᠠ ᠪᠠᠷᠢᠮᠲᠠ ᠢ᠋ᠢ ᠠᠭᠤᠰᠤᠯᠴᠠᠭᠤᠯᠤᠨ᠂ ᠨᠡᠭᠦᠯᠭᠡᠨ ᠰᠢᠯᠵᠢᠭᠦᠯᠵᠦ᠍ ᠰᠤᠷᠤᠯᠴᠠᠬᠤ ᠵᠡᠷᠭᠡ ᠠᠷᠭ᠎ᠠ ᠪᠡᠷ ᠮᠣᠩᠭᠣᠯ ᠤᠯᠤᠰ ᠤ᠋ᠨ ᠬᠢᠯᠢ ᠳᠣᠲᠣᠷᠠᠬᠢ ᠠᠵᠢᠭᠯᠠᠨ ᠬᠡᠮᠵᠢᠬᠦ ᠮᠠᠲ᠋ᠧᠷᠢᠶᠠᠯ ᠬᠠᠷᠢᠴᠠᠩᠭᠤᠶ ᠬᠢᠵᠠᠭᠠᠷ ᠲᠠᠢ ᠪᠠᠶ᠋ᠢᠬᠤ ᠬᠦᠴᠢᠷ ᠠᠰᠠᠭᠤᠳᠠᠯ ᠢ᠋ ᠰᠢᠢᠳᠪᠦᠷᠢᠯᠡᠵᠤ᠂ ᠮᠣᠩᠭᠣᠯ ᠤ᠋ᠨ ᠥᠨᠳᠥᠷᠯᠢᠭ ᠤ᠋ᠨ ᠠᠭᠤᠷ ᠠᠮᠢᠰᠬᠤᠯ ᠤ᠋ᠨ ᠣᠨᠴᠠᠯᠢᠭ ᠲᠤ᠌ ᠳᠣᠭᠢᠷᠠᠭᠰᠠᠨ ᠪᠣᠷᠣᠭᠠᠨ ᠨᠡᠮᠡᠵᠤ ᠤᠷᠤᠭᠤᠯᠬᠤ᠂ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠮᠡᠷᠭᠡᠵᠢᠯ ᠤ᠋ᠨ ᠰᠢᠰᠲ᠋ᠧᠮ ᠢ᠋ ᠰᠤᠳᠤᠯᠤᠨ ᠨᠡᠭᠡᠭᠡᠬᠦ ᠪᠤᠯᠤᠨ᠎ᠠ᠃
ᠳᠤᠮᠳᠠᠳᠤ ᠤᠯᠤᠰ ᠪᠣᠯᠤᠨ ᠮᠣᠩᠭᠣᠯ ᠤᠯᠤᠰ ᠠᠭᠤᠯᠠ ᠤᠰᠤ ᠪᠡᠷ ᠵᠢᠡᠨ ᠵᠠᠯᠭᠠᠯᠳᠤᠵᠤ᠂ ᠭᠠᠩ ᠬᠠᠭᠰᠠᠷᠠᠭᠠᠨ᠂ ᠡᠯᠡᠰᠦ ᠲᠣᠭᠣᠰᠣ ᠵᠡᠷᠭᠡ ᠬᠢᠯᠢ ᠠᠯᠤᠰᠯᠠᠭᠰᠠᠨ ᠬᠠᠴᠢᠨ ᠠᠭᠤᠷ ᠠᠮᠢᠰᠬᠤᠯ ᠣᠯᠠᠨ ᠡᠭᠦᠰᠳᠡᠭ᠃ ᠭᠠᠩ ᠬᠠᠭᠰᠠᠷᠠᠭᠠᠨ ᠲᠠᠢ ᠲᠡᠮᠡᠴᠡᠵᠦ᠍ ᠭᠠᠮᠰᠢᠭ ᠢ᠋ ᠪᠠᠭᠠᠰᠬᠠᠬᠤ᠂ ᠠᠮᠢ ᠠᠬᠤᠢ ᠢ᠋ᠢ ᠰᠡᠷᠭᠦᠭᠡᠬᠦ᠌ ᠪᠣᠯ ᠬᠣᠶᠠᠷ ᠤᠯᠤᠰ ᠤ᠋ᠨ ᠬᠢᠯᠢ ᠬᠢᠵᠠᠭᠠᠷ ᠣᠷᠣᠨ ᠤ᠋ ᠠᠷᠠᠳ ᠤ᠋ᠨ ᠠᠮᠢᠳᠤᠷᠠᠯ ᠪᠠ ᠠᠮᠢ ᠠᠬᠤᠢ ᠢ᠋ᠢᠨ ᠴᠢᠬᠤᠯᠠ ᠰᠡᠳᠦᠪ ᠶᠤᠮ᠃ ᠬᠤᠶᠠᠷ ᠲᠠᠯ᠎ᠠ ᠢ᠋ᠢᠨ ᠬᠢᠨ 《ᠬᠢᠯᠢ ᠠᠯᠤᠰᠯᠠᠨ ᠬᠠᠮᠵᠢᠯᠴᠠᠵᠤ ᠭᠠᠩ ᠬᠠᠭᠰᠠᠷᠠᠭᠠᠨ ᠲᠠᠢ ᠲᠡᠮᠡᠴᠡᠨ ᠮᠣᠩᠭᠣᠯ ᠤ᠋ᠨ ᠥᠨᠳᠥᠷᠯᠢᠭ ᠲᠡᠬᠢ ᠪᠣᠷᠣᠭᠠᠨ ᠨᠡᠮᠡᠵᠤ ᠤᠷᠤᠭᠤᠯᠬᠤ ᠨᠥᠬᠥᠴᠡᠯ ᠢ᠋ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠮᠡᠷᠭᠡᠵᠢᠯ ᠢ᠋ ᠰᠤᠳᠤᠯᠤᠨ ᠨᠡᠭᠡᠭᠡᠬᠦ᠌ ᠪᠠ ᠬᠡᠷᠡᠭᠯᠡᠬᠦ》 ᠲᠦᠷᠦᠯ ᠵᠤᠢᠯ ᠵᠢᠡᠷ ᠭᠠᠷᠳᠠᠴᠠ ᠪᠤᠯᠭᠠᠨ ᠭᠤᠤᠯ ᠪᠣᠭᠣᠮᠲᠠ ᠰᠢᠪᠲᠤᠯᠬᠤ ᠡᠭᠦᠷᠭᠡ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠮᠣᠩᠭᠣᠯ ᠤ᠋ᠨ ᠥᠨᠳᠥᠷᠯᠢᠭ ᠤ᠋ᠨ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠠᠵᠢᠯ ᠤ᠋ᠨ ᠰᠢᠨ᠎ᠡ ᠵᠠᠭᠪᠤᠷ ᠢ᠋ ᠪᠣᠶ ᠪᠣᠯᠭᠠᠨ᠂ ᠬᠢᠯᠢ ᠠᠯᠤᠰᠯᠠᠨ ᠬᠣᠯᠪᠣᠭᠠᠯᠠᠨ ᠬᠥᠳᠡᠯᠦᠯᠴᠡᠬᠦ᠌ ᠢ᠋ᠢ ᠭᠦᠨᠵᠡᠭᠡᠶ᠋ᠢᠷᠡᠭᠦᠯᠵᠦ᠍᠂ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠪᠠᠢ᠌ᠨᠭᠭᠤᠵᠢᠬᠰᠡᠨ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠠᠮᠲᠤᠷᠠᠯᠴᠠᠭᠠᠨ ᠤ᠋ ᠲᠣᠭᠲᠠᠴᠠ ᠢ᠋ᠢ ᠪᠠᠶ᠋ᠢᠭᠤᠯᠤᠨ᠎ᠠ; ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠪᠣᠳᠠᠲᠠᠢ ᠳ᠋ᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠢ᠋ᠢ ᠠᠬᠢᠭᠤᠯᠵᠤ᠂ ᠬᠢᠯᠢ ᠠᠯᠤᠰᠯᠠᠭᠰᠠᠨ ᠬᠠᠮᠲᠤᠷᠠᠯᠴᠠᠭᠠᠨ ᠤ᠋ ᠰᠢᠰᠲ᠋ᠧᠮ ᠳ᠋ᠤ ᠰᠠᠭᠤᠷᠢᠯᠠᠨ ᠳᠤᠮᠳᠠᠳᠤ ᠮᠣᠩᠭᠣᠯ ᠤ᠋ᠨ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠬᠦᠷᠢᠶᠡᠨ ᠤ᠋ ᠣᠷᠳᠣ ᠬᠤᠭᠤᠴᠠᠭᠠᠨ ᠤ᠋ ᠪᠦᠲᠦᠮᠵᠢᠲᠡᠶ ᠬᠠᠮᠵᠢᠯᠴᠠᠭᠠᠨ ᠤ᠋ ᠬᠥᠭᠥᠷᠭᠡ ᠢ᠋ᠢ ᠪᠠᠶ᠋ᠢᠭᠤᠯᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃