2026-11-04 11:31:29
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠲᠦᠷᠦᠭᠦᠬᠡᠨ ᠪᠤᠭᠤᠲᠤ ᠢ᠋ᠢᠨ ᠳ᠋ᠦᠩ ᠾᠧ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠤ᠋ᠨ ᠰᠦᠯᠵᠢᠶ᠎ᠡ ᠪᠡᠷ ᠲᠡᠷᠭᠡ ᠪᠣᠯᠵᠣᠬᠤ ᠲᠤᠰᠬᠠᠶ ᠲᠡᠷᠭᠡᠨ ᠵᠣᠭᠰᠣᠭᠠᠯ ᠠᠰᠢᠭᠯᠠᠯᠲᠠ ᠳ᠋ᠤ ᠣᠷᠣᠬᠤ ᠢ᠋ᠢ ᠳᠠᠭᠠᠯᠳᠤᠨ ᠬᠤᠤᠰ ᠦᠨᠡᠮᠯᠡᠯ ᠪᠦᠷᠢᠨ ᠬᠦᠢᠴᠡᠳ ᠪᠥᠬᠥᠶ ᠲᠣᠭᠲᠠᠭᠠᠯ ᠳ᠋ᠤ ᠨᠡᠶ᠋ᠢᠴᠡᠭᠰᠡᠨ ᠰᠦᠯᠵᠢᠶ᠎ᠡ ᠪᠡᠷ ᠪᠣᠯᠵᠣᠬᠰᠠᠨ ᠲᠡᠷᠭᠡ ᠲᠣᠰ ᠲᠡᠷᠭᠡᠨ ᠵᠣᠭᠰᠣᠭᠠᠯ ᠳ᠋ᠤ ᠣᠷᠣᠵᠤ᠂ ᠨᠢᠭᠡ ᠤᠳᠠᠭ᠎ᠠ ᠳ᠋ᠤ 30 ᠮᠢᠨᠦ᠋ᠲ ᠤ᠋ᠨ ᠳᠤᠲᠤᠷ᠎ᠠ ᠰᠦᠢᠳᠬᠡᠯ ᠲᠤᠰᠢᠶᠠᠬᠤ ᠥᠬᠡᠶ ᠪᠡᠷ ᠵᠤᠭᠰᠤᠭᠠᠵᠤ ᠪᠤᠯᠬᠤ ᠮᠦᠷᠲᠡᠭᠡᠨ ᠲᠤᠬᠠᠢ ᠢ᠋ᠢᠨ ᠡᠳᠦᠷ ᠲᠤ᠌ ᠲᠤᠰ ᠬᠠᠷᠠᠭᠠᠯᠵᠡᠯ ᠢ᠋ ᠤᠳᠠᠭ᠎ᠠ ᠬᠢᠵᠠᠭᠠᠷᠯᠠᠬᠤ ᠦᠭᠡᠢ ᠪᠡᠷ ᠭᠥᠷᠳᠡᠵᠦ ᠪᠤᠯᠬᠤ ᠪᠤᠯᠭᠠᠪᠠ᠃
ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠲᠦᠷᠭᠡᠨ ᠤ᠋ ᠲᠡᠮᠦᠷ ᠵᠠᠮ ᠤ᠋ᠨ ᠥᠷᠲᠡᠭᠡ᠂ ᠨᠢᠰᠬᠡᠯ ᠤ᠋ᠨ ᠪᠠᠭᠤᠳᠠᠯ ᠵᠡᠷᠭᠡ ᠬᠦᠢᠰᠤ ᠲᠠᠯᠠᠪᠤᠷ ᠥᠷᠲᠡᠭᠡ ᠢ᠋ᠢᠨ ᠰᠦᠯᠵᠢᠶ᠎ᠡ ᠪᠡᠷ ᠲᠡᠷᠭᠡ ᠪᠣᠯᠵᠣᠬᠤ ᠲᠤᠰᠬᠠᠶ ᠲᠡᠷᠭᠡᠨ ᠵᠣᠭᠰᠣᠭᠠᠯ ᠤ᠋ᠨ ᠪᠠᠶ᠋ᠢᠭᠤᠯᠤᠯᠲᠠ ᠢ᠋ᠢ ᠢᠳᠡᠪᠬᠢᠲᠡᠶ ᠠᠬᠢᠭᠤᠯᠪᠠ᠃ ᠣᠳᠣᠬᠠᠨ ᠳ᠋ᠤ ᠪᠥᠬᠥ᠌ ᠣᠷᠣᠨ ᠤ᠋ ᠨᠥᠬᠥᠴᠡᠯ ᠪᠥᠷᠢᠳᠦᠭᠰᠡᠨ ᠬᠦᠢᠰᠤ ᠲᠠᠯᠠᠪᠤᠷ ᠥᠷᠲᠡᠭᠡ ᠢ᠋ᠢᠨ ᠰᠦᠯᠵᠢᠶ᠎ᠡ ᠪᠡᠷ ᠲᠡᠷᠭᠡ ᠪᠣᠯᠵᠣᠬᠤ ᠲᠤᠰᠬᠠᠶ ᠲᠡᠷᠭᠡᠨ ᠵᠣᠭᠰᠣᠭᠠᠯ ᠤ᠋ᠨ ᠪᠠᠶ᠋ᠢᠭᠤᠯᠤᠯᠲᠠ ᠡᠮᠬᠢ ᠵᠢᠷᠤᠮ ᠲᠠᠢ ᠠᠭᠢᠵᠤ᠂ ᠬᠥᠬᠡᠬᠣᠲᠠ ᠢ᠋ᠢᠨ ᠱᠧᠩ ᠯᠧ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠤ᠋ᠨ ᠰᠦᠯᠵᠢᠶ᠎ᠡ ᠪᠡᠷ ᠲᠡᠷᠭᠡ ᠪᠣᠯᠵᠣᠬᠤ ᠲᠤᠰᠬᠠᠶ ᠲᠡᠷᠭᠡᠨ ᠵᠣᠭᠰᠣᠭᠠᠯ ᠢ᠋ ᠨᠢᠭᠡᠨᠲᠡ ᠪᠠᠶ᠋ᠢᠭᠤᠯᠵᠤ ᠳᠠᠭᠤᠰᠬᠠᠭᠰᠠᠨ ᠪᠥᠭᠡᠳ ᠨᠢᠰᠬᠡᠯ ᠤ᠋ᠨ ᠪᠠᠭᠤᠳᠠᠯ ᠲᠠᠢ ᠵᠡᠷᠭᠡ ᠪᠡᠷ ᠠᠰᠢᠭᠯᠠᠯᠲᠠ ᠳ᠋ᠤ ᠣᠷᠣᠭᠤᠯᠬᠤ ᠪᠡᠷ ᠪᠤᠢ; ᠤᠯᠠᠭᠠᠨᠬᠠᠳᠠ ᠢ᠋ᠢᠨ ᠲᠦᠷᠭᠡᠨ ᠤ᠋ ᠲᠡᠮᠦᠷ ᠵᠠᠮ ᠤ᠋ᠨ ᠥᠷᠲᠡᠭᠡ ᠢ᠋ᠢᠨ ᠰᠦᠯᠵᠢᠶ᠎ᠡ ᠪᠡᠷ ᠲᠡᠷᠭᠡ ᠪᠣᠯᠵᠣᠬᠤ ᠲᠤᠰᠬᠠᠶ ᠲᠡᠷᠭᠡᠨ ᠵᠣᠭᠰᠣᠭᠠᠯ ᠢ᠋ ᠨᠢᠭᠡᠨᠲᠡ ᠥᠭᠡᠷᠡᠴᠢᠯᠡᠨ ᠰᠢᠨᠡᠳᠬᠡᠬᠦ᠌ ᠲᠥᠯᠥᠪᠵᠢᠭᠦᠯᠭᠡ ᠳ᠋ᠤ ᠣᠷᠣᠭᠤᠯᠵᠤ᠂ ᠥᠭᠡᠷᠡᠴᠢᠯᠡᠨ ᠰᠢᠨᠡᠳᠬᠡᠬᠦ᠌ ᠲᠥᠷᠥᠯ ᠵᠦᠢᠯ ᠳ᠋ᠤ ᠲᠦᠰᠢᠭᠯᠡᠨ ᠵᠡᠷᠭᠡ ᠪᠡᠷ ᠠᠬᠢᠭᠤᠯᠵᠤ ᠪᠣᠶ᠃
ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠤ᠋ ᠲᠠᠨᠢᠯᠴᠠᠭᠤᠯᠤᠬᠰᠠᠨ ᠢ᠋ᠢᠡᠷ᠂ ᠨᠥᠬᠥᠴᠡᠯ ᠪᠥᠷᠢᠳᠦᠭᠰᠡᠨ ᠬᠦᠢᠰᠤ ᠲᠠᠯᠠᠪᠤᠷ ᠥᠷᠲᠡᠭᠡ ᠢ᠋ᠢᠨ ᠰᠦᠯᠵᠢᠶ᠎ᠡ ᠪᠡᠷ ᠲᠡᠷᠭᠡ ᠪᠣᠯᠵᠣᠬᠤ ᠲᠤᠰᠬᠠᠶ ᠲᠡᠷᠭᠡᠨ ᠵᠣᠭᠰᠣᠭᠠᠯ ᠤ᠋ᠨ ᠪᠠᠶ᠋ᠢᠭᠤᠯᠤᠯᠲᠠ ᠢ᠋ᠢ ᠦᠷᠭᠦᠯᠵᠢᠯᠡᠨ ᠠᠬᠢᠭᠤᠯᠵᠤ᠂ ᠰᠦᠯᠵᠢᠶ᠎ᠡ ᠪᠡᠷ ᠲᠡᠷᠭᠡ ᠪᠣᠯᠵᠣᠬᠤ ᠡᠵᠡᠩᠨᠡᠯᠲᠡ ᠢ᠋ᠢᠨ ᠦᠢᠯᠡᠴᠢᠯᠡᠭᠡᠨ ᠤ᠋ ᠠᠵᠢᠯᠯᠠᠭ᠎ᠠ ᠢ᠋ᠢ ᠤᠯᠠᠮ ᠨᠢᠭᠡ ᠠᠯᠬᠤᠮ ᠵᠢᠷᠤᠮᠵᠢᠭᠤᠯᠤᠨ᠂ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠵᠠᠯᠭᠠᠯᠲᠠ ᠢ᠋ᠢᠨ ᠦᠷ᠎ᠡ ᠪᠦᠲᠦᠮᠵᠢ ᠢ᠋ᠢ ᠳᠡᠭᠡᠭᠰᠢᠯᠡᠭᠦᠯᠵᠦ᠍᠂ ᠠᠶᠠᠨᠴᠢᠳ ᠲᠤ᠌ ᠨᠡᠩ ᠠᠮᠤᠷ ᠲᠦᠪᠰᠢᠨ᠂ ᠳᠥᠭᠥᠮ ᠳᠥᠲᠡ᠂ ᠡᠮᠬᠢ ᠵᠢᠷᠤᠮ ᠲᠠᠢ ᠶᠠᠪᠤᠵᠤ ᠰᠠᠭᠤᠬᠤ ᠣᠷᠴᠢᠨ ᠨᠥᠬᠥᠴᠡᠯ ᠢ᠋ ᠪᠣᠶ ᠪᠣᠯᠭᠠᠵᠤ ᠦᠭᠭᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃