ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2026-11-05 11:41:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠪᠥᠬᠥ ᠤᠯᠤᠰ᠎ᠤᠨ ᠰᠠᠨᠠᠭ᠎ᠠ ᠠᠮᠤᠷ ᠬᠡᠷᠡᠭᠯᠡᠭᠡᠨ᠎ᠦ ᠲᠠᠪᠴᠠᠩ ᠎ᠢ ᠪᠠᠢᠭᠤᠯᠵᠤ᠂ 3 ᠎ᠤ ᠡᠳᠦᠷ ᠵᠢᠩᠬᠢᠨᠢ᠎ᠪᠡᠷ ᠰᠦᠯᠵᠢᠶᠡᠨ᠎ᠳᠦ ᠭᠠᠷᠭᠠᠪᠠ᠃

ᠬᠤᠳᠠᠯᠳᠤᠭᠠᠴᠢᠨ ᠲᠠᠪᠴᠠᠩ ᠳᠡᠭᠡᠷ᠎ᠡ ᠳᠠᠩᠰᠠᠯᠠᠭᠤᠯᠵᠤ᠂ ᠰᠦᠯᠵᠢᠶᠡᠨ ᠳᠡᠭᠡᠷ᠎ᠡ ᠠᠮᠠᠯᠠᠯᠲᠠ ᠬᠢᠬᠦ᠎ᠶᠢᠨ ᠬᠠᠮᠲᠤ ᠬᠢᠨᠠᠨ ᠰᠢᠯᠭᠠᠭᠤᠯᠵᠤ ᠵᠠᠷᠯᠠᠨ ᠨᠡᠢᠲᠡᠯᠡᠭᠰᠡᠨ᠎ᠦ ᠳᠠᠷᠠᠭ᠎ᠠ ᠳᠠᠷᠤᠢ ᠰᠠᠨᠠᠭ᠎ᠠ ᠠᠮᠤᠷ ᠬᠡᠷᠡᠭᠯᠡᠭᠡᠨ᠎ᠦ ᠠᠮᠠᠯᠠᠯᠲᠠ᠎ᠳᠤ ᠣᠷᠣᠯᠴᠠᠵᠤ ᠪᠣᠯᠣᠨ᠎ᠠ᠃ ᠲᠠᠪᠴᠠᠩ ᠨᠢ ᠬᠤᠳᠠᠯᠳᠤᠭᠠᠴᠢᠳ᠎ᠲᠤ 《ᠨᠢᠭᠡ ᠳᠡᠯᠭᠡᠭᠦᠷ ᠨᠢᠭᠡ ᠺᠣᠳ᠋》᠎ᠤᠨ ᠰᠠᠨᠠᠭ᠎ᠠ ᠠᠮᠤᠷ ᠬᠡᠷᠡᠭᠯᠡᠭᠡᠨ᠎ᠦ ᠺᠣᠳ᠋ ᠪᠠ ᠪᠥᠬᠥ ᠤᠯᠤᠰ᠎ᠤᠨ ᠨᠢᠭᠡᠳᠦᠯᠲᠡᠢ ᠰᠠᠨᠠᠭ᠎ᠠ ᠠᠮᠤᠷ ᠬᠡᠷᠡᠭᠯᠡᠭᠡᠨ ᠎ᠦ ᠲᠡᠮᠳᠡᠭ ᠎ᠢ ᠤᠯᠭᠤᠨ᠎ᠠ᠃



ᠬᠡᠷᠡᠭᠯᠡᠭᠴᠢᠳ 《ᠬᠡᠷᠡᠭᠯᠡᠭᠡ᠎ᠶᠢ ᠪᠠᠢᠴᠠᠭᠠᠬᠤ》 ᠵᠢᠵᠢᠭ ᠫᠷᠣᠭ᠌ᠷᠠᠮ ᠪᠤᠶᠤ ᠪᠤᠲᠠᠲᠤ ᠴᠤᠬᠴᠠ ᠳ᠋ᠤ ᠺᠣᠳ᠋ ᠰᠢᠷᠪᠢᠬᠦ᠎ᠪᠡᠷ ᠳᠠᠮᠵᠢᠨ ᠲᠠᠪᠴᠠᠩ ᠳ᠋ᠤ ᠭᠠᠷᠴᠤ᠂ ᠲᠠᠪᠴᠠᠩ ᠨᠢ ᠪᠠᠢᠷᠢ ᠲᠣᠭᠲᠠᠭᠠᠯᠲᠠ᠎ᠶᠢ ᠦᠨᠳᠦᠰᠦᠯᠡᠨ ᠡᠷᠬᠢᠨ ᠲᠣᠭᠣᠷᠢᠨ᠎ᠤ ᠰᠠᠨᠠᠭ᠎ᠠ ᠠᠮᠤᠷ ᠬᠡᠷᠡᠭᠯᠡᠭᠡᠨ᠎ᠦ ᠬᠤᠳᠠᠯᠳᠤᠭᠠᠴᠢᠳ᠎ᠢ ᠵᠢᠵᠢᠭᠯᠡᠨ ᠪᠤᠷᠤᠯᠠᠭᠤᠯᠬᠤ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠵᠢᠭᠤᠯᠴᠢᠯᠠᠯ ᠵᠡᠷᠭᠡ 8 ᠲᠥᠷᠥᠯ᠎ᠦᠨ ᠨᠢᠭᠡᠴᠢ ᠪᠠ ᠬᠤᠳᠠᠯᠳᠤᠭᠠᠨ᠎ᠤ ᠲᠣᠭᠣᠷᠢᠭ᠋᠂ ᠵᠠᠬ᠎ᠠ ᠳᠡᠯᠭᠡᠭᠦᠷ᠂ ᠦᠵᠡᠮᠵᠢ᠎ᠶᠢᠨ ᠣᠷᠣᠨ ᠵᠡᠷᠭᠡ 7 ᠲᠥᠷᠥᠯ᠎ᠦᠨ ᠲᠥᠪᠯᠡᠷᠡᠭᠰᠡᠨ ᠣᠷᠣᠨ᠎ᠢᠶᠠᠷ ᠲᠥᠷᠥᠯ ᠬᠤᠪᠢᠶᠠᠨ ᠠᠦ᠋ᠲ᠋ᠣ᠋᠎ᠪᠠᠷ ᠳᠡᠯᠭᠡᠨ ᠦᠵᠡᠭᠦᠯᠦᠨ᠎ᠠ᠃



ᠬᠡᠷᠡᠭᠯᠡᠭᠴᠢᠳ ᠬᠤᠳᠠᠯᠳᠤᠭᠠᠴᠢᠳ᠎ᠤᠨ ᠭᠡᠷᠡᠴᠢ ᠦᠨᠡᠮᠯᠡᠯ᠂ ᠳᠡᠯᠭᠡᠭᠦᠷ᠎ᠦᠨ ᠪᠣᠳᠠᠲᠤ ᠦᠵᠡᠮᠵᠢ᠂ ᠬᠤᠳᠠᠯᠳᠤᠭᠰᠠᠨ᠎ᠤ ᠳᠠᠷᠠᠭᠠᠬᠢ ᠦᠢᠯᠡᠴᠢᠯᠡᠭᠡᠨ᠎ᠤ ᠠᠷᠭ᠎ᠠ ᠬᠡᠯᠪᠡᠷᠢ᠂ ᠰᠠᠨᠠᠭ᠎ᠠ ᠠᠮᠤᠷ ᠬᠡᠷᠡᠭᠯᠡᠭᠡᠨ᠎ᠦ ᠠᠮᠠᠯᠠᠯᠲᠠ᠂ ᠬᠡᠷᠡᠭᠯᠡᠭᠴᠢᠳ᠎ᠦᠨ ᠦᠨᠡᠯᠡᠯᠲᠡ ᠵᠡᠷᠭᠡ ᠪᠣᠳᠠᠲᠠᠢ ᠮᠡᠳᠡᠭᠡ ᠵᠠᠩᠭᠢ᠎ᠶᠢ ᠦᠵᠡᠵᠦ ᠪᠣᠯᠣᠨ᠎ᠠ᠂ ᠥᠪᠡᠷ᠎ᠤᠨ ᠰᠣᠨᠢᠷᠬᠠᠯᠲᠠᠢ ᠪᠠᠢᠭ᠎ᠠ ᠬᠤᠳᠠᠯᠳᠤᠭᠠᠴᠢᠨ᠎ᠢ 《ᠨᠢᠭᠡ ᠳᠠᠷᠤᠪᠴᠢ᠎ᠪᠠᠷ ᠵᠠᠮᠴᠢᠯᠠᠨ》 ᠬᠦᠷᠴᠤ ᠪᠣᠯᠣᠨ᠎ᠠ᠃ ᠬᠡᠷᠡᠭᠯᠡᠭᠡᠨ᠎ᠦ ᠳᠠᠷᠠᠭ᠎ᠠ ᠬᠤᠳᠠᠯᠳᠤᠭᠠᠴᠢᠨ ᠳ᠋ᠦ ᠨᠢᠭᠡ᠎ᠡᠴᠡ ᠲᠠᠪᠤᠨ ᠣᠲᠣ᠌ ᠬᠦᠷᠲᠡᠯᠡᠬᠢ ᠤᠳᠤ ᠱᠠᠩᠨᠠᠵᠤ 《ᠨᠢᠭᠡ ᠳᠠᠷᠤᠪᠴᠢ ᠪᠡᠷ ᠦᠨᠡᠯᠡᠵᠦ》᠂ ᠬᠤᠳᠠᠯᠳᠤᠭᠰᠠᠨ᠎ᠤ ᠳᠠᠷᠠᠭᠠᠬᠢ ᠦᠢᠯᠡᠴᠢᠯᠡᠭᠡ ᠪᠤᠶᠤ ᠠᠰᠠᠭᠤᠨ ᠯᠠᠪᠯᠠᠬᠤ ᠴᠢᠬᠤᠯᠠᠲᠠᠢ ᠵᠦᠢᠯ ᠪᠠᠢᠪᠠᠯ ᠲᠠᠪᠴᠠᠩ ᠵᠢᠨᠷ 《ᠨᠢᠭᠡ ᠳᠠᠷᠤᠪᠴᠢ ᠪᠡᠷ ᠬᠣᠯᠪᠣᠭ᠎ᠠ ᠠᠪᠴᠤ》᠂ ᠬᠡᠷᠡᠭᠯᠡᠭᠡ᠎ᠶᠢ ᠨᠠᠩ ᠢᠯᠡ ᠲᠣᠳᠣ᠌᠂ ᠡᠷᠬᠡ᠎ᠪᠡᠨ ᠬᠠᠮᠠᠭᠠᠯᠠᠬᠤ᠎ᠳᠤ ᠨᠠᠩ ᠲᠥᠬᠥᠮ ᠪᠣᠯᠭᠠᠪᠠ᠃

ᠣᠳᠣᠬᠠᠨ᠎ᠳᠤ᠂ 1 ᠲᠦᠮᠡ ᠭᠠᠷᠤᠢ ᠰᠠᠨᠠᠭ᠎ᠠ ᠠᠮᠤᠷ ᠬᠡᠷᠡᠭᠯᠡᠭᠡ᠎ᠶᠢᠨ ᠨᠢᠭᠡᠴᠢ᠂ 100 ᠰᠠᠨᠠᠭ᠎ᠠ ᠠᠮᠤᠷ ᠬᠡᠷᠡᠭᠯᠡᠭᠡ᠎ᠶᠢᠨ ᠲᠥᠪᠯᠡᠷᠡᠭᠰᠡᠨ ᠣᠷᠣᠨ ᠲᠠᠪᠴᠠᠩ ᠳ᠋ᠤ ᠳᠠᠩᠰᠠᠯᠠᠭᠤᠯᠤᠬᠰᠠᠨ ᠪᠠᠢᠨ᠎ᠠ᠃

 ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面