ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2026-11-16 16:59:35

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 11 ᠰᠠᠷ᠎ᠠ ᠢ᠋ᠢᠨ 14 — 16 ᠤ᠋ ᠡᠳᠦᠷ ᠪᠣᠯᠲᠠᠯ᠎ᠠ ᠨᠡᠯᠢᠶᠡᠳ ᠴᠢᠩᠭ᠎ᠠ ᠬᠦᠢᠲᠡᠨ ᠠᠭᠠᠷ ᠮᠠᠨ ᠤ᠋ ᠤᠷᠤᠨ ᠢ᠋ ᠨᠦᠯᠦᠭᠡᠯᠡᠵᠤ ᠂ ᠤᠯᠠᠨ ᠭᠠᠵᠠᠷ ᠲᠤ᠌ ᠳᠤᠮᠳᠠ ᠡᠴᠡ ᠶᠡᠬᠡ ᠴᠠᠰᠤ ᠤᠷᠤᠵᠤ᠂ ᠬᠡᠰᠡᠭ ᠭᠠᠵᠠᠷ ᠲᠤ᠌ ᠤᠨᠴᠠ ᠶᠡᠬᠡ ᠴᠠᠰᠤ ᠤᠷᠤᠵᠤ᠂ ᠠᠭᠠᠷ ᠤ᠋ᠨ ᠳᠤᠯᠠᠭᠠᠨ 4 —10 ᠭᠷᠠᠳᠦ᠋ᠰ ᠪᠠᠭᠤᠷᠠᠨ᠎ᠠ᠃

14 — 16 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ ᠵᠢᠴᠢ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠤ᠋ᠨ ᠭᠠᠵᠠᠷ ᠣᠷᠣᠨ ᠳ᠋ᠤ ᠪᠠᠭ᠎ᠠ ᠴᠠᠰᠤ᠂ ᠪᠠᠭ᠎ᠠ ᠪᠣᠷᠣᠭᠠᠨ ᠣᠷᠣᠬᠤ ᠪᠤᠶᠤ ᠪᠣᠷᠣᠭᠠᠨ ᠴᠠᠰᠤ ᠬᠣᠯᠢᠯᠳᠤᠵᠤ ᠣᠷᠣᠨ᠎ᠠ᠃ ᠡᠭᠦᠨ ᠳ᠋ᠤ ᠠᠯᠠᠱᠠ ᠠᠢᠮᠠᠭ ᠤ᠋ᠨ ᠵᠡᠭᠦᠨ ᠪᠡᠶ᠎ᠠ᠂ ᠪᠠᠶᠠᠨᠨᠠᠭᠤᠷ ᠬᠣᠲᠠ᠂ ᠦᠬᠠᠶ ᠬᠣᠲᠠ᠂ ᠣᠷᠳᠣᠰ ᠬᠣᠲᠠ ᠢ᠋ᠢᠨ ᠬᠤᠢᠳᠤ ᠪᠡᠶ᠎ᠠ᠂ ᠪᠤᠭᠤᠲᠤ᠌ ᠬᠣᠲᠠ ᠢ᠋ᠢᠨ ᠬᠤᠢᠳᠤ ᠪᠡᠶ᠎ᠠ᠂ ᠬᠥᠬᠡᠬᠣᠲᠠ ᠢ᠋ᠢᠨ ᠬᠤᠢᠳᠤ ᠪᠡᠶ᠎ᠠ᠂ ᠤᠯᠠᠭᠠᠨᠴᠠᠪ ᠬᠣᠲᠠ᠂ ᠰᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠪᠡᠶ᠎ᠠ ᠪᠤᠯᠤᠨ ᠡᠮᠦᠨ᠎ᠡ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠬᠤᠢᠲᠤ ᠪᠡᠶ᠎ᠠ᠂ ᠬᠥᠯᠥᠨ ᠪᠤᠢᠷ ᠬᠣᠲᠠ ᠢ᠋ᠢᠨ ᠡᠮᠦᠨ᠎ᠡ ᠪᠡᠶ᠎ᠠ ᠳ᠋ᠤ ᠳᠤᠮᠳᠠ ᠡᠴᠡ ᠶᠡᠬᠡ ᠴᠠᠰᠤ ᠣᠷᠣᠵᠤ᠂ ᠬᠡᠰᠡᠭ ᠭᠠᠵᠠᠷ ᠲᠤ᠌ ᠤᠠᠴᠠ ᠶᠡᠬᠡ ᠴᠠᠰᠤ ᠣᠷᠣᠨ᠎ᠠ᠃

14 — 16 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 4 — 6 ᠭᠷᠠᠳᠦ᠋ᠰ ᠪᠠᠭᠤᠷᠠᠨ᠎ᠠ᠃ ᠡᠭᠦᠨ ᠳ᠋ᠤ ᠠᠯᠠᠱᠠ ᠠᠢᠮᠠᠭ ᠤ᠋ᠨ ᠵᠡᠭᠦᠨ ᠪᠡᠶ᠎ᠡ᠂ ᠪᠠᠶᠠᠨᠨᠠᠭᠤᠷ ᠬᠣᠲᠠ ᠢ᠋ᠢᠨ ᠡᠮᠦᠨ᠎ᠡ ᠪᠡᠶ᠎ᠡ ᠪᠤᠯᠤᠨ ᠵᠡᠭᠦᠨ ᠪᠡᠶ᠎ᠡ᠂ ᠣᠷᠳᠣᠰ ᠬᠣᠲᠠ᠂ ᠪᠤᠭᠤᠲᠤ᠌ ᠬᠣᠲᠠ᠂ ᠬᠥᠬᠡᠬᠣᠲᠠ᠂ ᠤᠯᠠᠭᠠᠨᠴᠠᠪ ᠬᠣᠲᠠ᠂ ᠰᠢᠯᠢ ᠢ᠋ᠢᠨ ᠭᠤᠤᠯ ᠠᠢᠮᠠᠭ᠂ ᠤᠯᠠᠭᠠᠨᠬᠠᠳᠠ ᠬᠣᠲᠠ᠂ ᠲᠦᠩᠯᠢᠶᠣᠤ ᠬᠣᠲᠠ ᠢ᠋ᠢᠨ ᠡᠮᠦᠨ᠎ᠡ ᠪᠡᠶ᠎ᠡ᠂ ᠬᠢᠩᠭᠠᠨ ᠠᠢᠮᠠᠭ ᠤ᠋ᠨ ᠬᠤᠢᠳᠤ ᠪᠡᠶ᠎ᠡ᠂ ᠬᠥᠯᠥᠨ ᠪᠤᠢᠷ ᠬᠣᠲᠠ ᠢ᠋ᠢᠨ ᠪᠠᠷᠠᠭᠤᠨ ᠡᠮᠦᠨ᠎ᠠ ᠪᠡᠶ᠎ᠠ ᠢ᠋ᠢᠨ ᠠᠭᠠᠷ ᠤ᠋ᠨ ᠳᠤᠯᠠᠭᠠᠨ 6 — 8 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 10 ᠭᠷᠠᠳᠦ᠋ᠰ ᠡᠴᠡ ᠳᠡᠭᠡᠭᠰᠢ ᠪᠠᠭᠤᠷᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面