ᠲᠡᠷᠢᠭᠦᠨ ᠨᠢᠭᠤᠷ>ᠰᠢᠨ᠎ᠡ ᠬᠦᠳᠡᠭᠡ> ᠦᠢᠯᠡᠴᠢᠯᠡᠬᠦ ᠲᠠᠪᠴᠠᠩ

2026-11-17 10:29:56

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 11 ᠰᠠᠷ᠎ᠠ ᠢ᠋ᠢᠨ 14 — 16 ᠤ᠋ ᠡᠳᠦᠷ ᠪᠣᠯᠲᠠᠯ᠎ᠠ ᠥᠪᠥᠷ ᠮᠣᠩᠭᠣᠯ ᠤ᠋ᠨ ᠣᠯᠠᠨ ᠭᠠᠵᠠᠷ ᠲᠤ᠌ ᠴᠠᠰᠤ ᠣᠷᠣᠵᠤ᠂ ᠠᠯᠠᠱᠠ ᠠᠶ᠋ᠢᠮᠠᠭ ᠤ᠋ᠨ ᠵᠡᠭᠦᠨ ᠡᠮᠦᠨ᠎ᠠ ᠪᠡᠶ᠎ᠠ᠂ ᠦᠬᠠᠶ ᠬᠣᠲᠠ ᠳ᠋ᠤ ᠳᠤᠮᠳᠠ ᠡᠴᠡ ᠶᠡᠬᠡ ᠴᠠᠰᠤ ᠣᠷᠣᠵᠤ᠂ ᠬᠡᠰᠡᠭ ᠭᠠᠵᠠᠷ ᠲᠤ᠌ ᠤᠨᠴᠠ ᠶᠡᠬᠡ ᠴᠠᠰᠤ ᠣᠷᠣᠵᠤ᠂ ᠣᠷᠳᠣᠰ ᠬᠣᠲᠠ ᠢ᠋ᠢᠨ ᠪᠠᠷᠠᠭᠤᠨ ᠬᠣᠶ᠋ᠢᠲᠤ᠌ ᠪᠡᠶ᠎ᠠ᠂ ᠰᠢᠯᠢ ᠢ᠋ᠢᠨ ᠭᠤᠤᠯ ᠠᠶ᠋ᠢᠮᠠᠭ ᠤ᠋ᠨ ᠳᠤᠮᠳᠠ ᠪᠡᠶ᠎ᠠ ᠪᠣᠯᠤᠨ ᠵᠡᠭᠦᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠬᠣᠶ᠋ᠢᠲᠤ᠌ ᠪᠡᠶ᠎ᠠ ᠴᠥᠮ ᠠᠳᠠᠯᠢ ᠪᠤᠰᠤ ᠬᠡᠮᠵᠢᠶ᠎ᠡ ᠪᠡᠷ ᠨᠦᠯᠦᠭᠡᠯᠡᠭᠳᠡᠭᠰᠡᠨ ᠪᠠᠢᠨ᠎ᠠ᠃ ᠡᠬᠦᠨ ᠳ᠋ᠤ ᠪᠥᠬᠥ᠌ ᠣᠷᠣᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠤᠷᠢᠳᠴᠢᠯᠠᠨ ᠮᠡᠳᠡᠭᠡᠯᠡᠬᠦ᠌ ᠦᠢᠯᠡᠴᠢᠯᠡᠭᠡᠨ ᠤ᠋ ᠨᠢᠭᠡᠳᠦᠭᠡᠷ ᠹᠷᠣᠨᠲ ᠢ᠋ ᠪᠠᠲᠤ᠌ ᠰᠠᠬᠢᠵᠤ᠂ ᠬᠢᠨᠠᠨ ᠬᠡᠮᠵᠢᠬᠦ᠌ ᠲᠠᠪᠳᠠᠮᠵᠢ ᠪᠠᠨ ᠨᠡᠮᠡᠭᠳᠡᠭᠦᠯᠦᠨ᠂ ᠤᠷᠢᠳᠴᠢᠯᠠᠬᠰᠠᠨ ᠰᠡᠷᠡᠮᠵᠢᠯᠡᠭᠦᠯᠤᠯ ᠢ᠋ ᠣᠨᠣᠪᠴᠢᠲᠠᠶ ᠨᠡᠶ᠋ᠢᠲᠡᠯᠡᠵᠦ᠍᠂ ᠲᠣᠰ ᠤᠳᠠᠭ᠎ᠠ ᠵᠢᠨ ᠶᠡᠬᠡ ᠴᠠᠰᠤ ᠲᠠᠢ ᠴᠠᠭ ᠠᠭᠤᠷ ᠢ᠋ ᠪᠥᠬᠥ᠌ ᠬᠦᠴᠦᠨ ᠢ᠋ᠢᠡᠷ ᠢ᠋ᠢᠡᠨ ᠠᠷᠭᠠᠴᠠᠭᠠᠪᠠ᠃

11 ᠰᠠᠷ᠎ᠠ ᠢ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠡᠴᠡ 14 — 16 ᠤ᠋ ᠡᠳᠦᠷ ᠦᠪᠦᠷ ᠮᠤᠡᠭᠭᠤᠯ ᠤ᠋ᠨ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠳ᠋ᠤ ᠳᠤᠮᠳᠠ᠎ᠠᠴᠠ ᠶᠡᠬᠡ ᠴᠠᠰᠤ ᠤᠷᠤᠵᠤ᠂ ᠬᠡᠰᠡᠭ ᠭᠠᠵᠠᠷ ᠲᠤ᠌ ᠤᠨᠴᠠ ᠶᠡᠬᠡ ᠴᠠᠰᠤ ᠤᠷᠤᠨ᠎ᠠ ᠭᠡᠰᠡᠨ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠨᠡᠶ᠋ᠢᠲᠡᠯᠡᠪᠠ᠃ 13 ᠤ᠋ ᠡᠳᠦᠷ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠬᠠᠮᠲᠤᠷᠠᠨ ᠲᠦᠬᠦᠭᠡᠷᠦᠮᠵᠢᠲᠦ᠍ ᠲᠠᠷᠢᠶᠠᠯᠠᠩ ᠤ᠋ᠨ ᠭᠠᠮᠰᠢᠭ ᠤ᠋ᠨ ᠲᠦᠭᠰᠢᠭᠦᠷᠢ ᠢ᠋ᠢᠨ ᠰᠠᠨᠠᠭᠤᠯᠤᠮᠵᠢ ᠨᠡᠶ᠋ᠢᠲᠡᠯᠡᠪᠠ᠃ ᠴᠠᠭ ᠠᠭᠤᠷ ᠤ᠋ᠨ ᠰᠠᠯᠠᠭ᠎ᠠ ᠮᠥᠴᠢᠷ ᠤᠷᠢᠳ ᠬᠣᠵᠢᠳ ᠤᠨᠴᠠ ᠶᠡᠬᠡ ᠴᠠᠰᠤᠨ ᠤ᠋ ᠬᠥᠬᠡ ᠥᠩᠭᠡ ᠢ᠋ᠢᠨ ᠰᠡᠷᠡᠮᠵᠢᠯᠡᠭᠦᠯᠦᠯ᠂ ᠤᠨᠴᠠ ᠶᠡᠬᠡ ᠴᠠᠰᠤᠨ ᠤ᠋ ᠰᠢᠷ᠎ᠠ ᠥᠩᠭᠡ ᠢ᠋ᠢᠨ ᠰᠡᠷᠡᠮᠵᠢᠯᠡᠬᠦᠯᠦᠯ᠂ ᠬᠦᠢᠲᠡᠨ ᠤᠷᠤᠰᠬᠠᠯ ᠤ᠋ᠨ ᠬᠥᠬᠡ ᠥᠩᠭᠡ ᠢ᠋ᠢᠨ ᠰᠡᠷᠡᠮᠵᠢᠯᠡᠭᠦᠯᠦᠯ ᠢ᠋ ᠲᠣᠰ ᠪᠦᠷᠢ 1 ᠬᠤᠭᠤᠴᠠᠭ᠎ᠠ ᠨᠡᠶ᠋ᠢᠲᠡᠯᠡᠵᠦ᠍᠂ ᠤᠯᠤᠰ ᠤ᠋ᠨ ᠭᠡᠨᠡᠳᠲᠡ ᠢ᠋ᠢᠨ ᠬᠡᠷᠡᠭ ᠢ᠋ ᠰᠡᠷᠡᠮᠵᠢᠯᠡᠭᠦᠯᠬᠦ᠌ ᠮᠡᠳᠡᠭᠡ ᠵᠠᠩᠭᠢ ᠨᠡᠶ᠋ᠢᠲᠡᠯᠡᠬᠦ᠌ ᠰᠢᠰᠲ᠋ᠧᠮ ᠢ᠋ᠢᠡᠷ ᠨᠡᠶ᠋ᠢᠲᠡ 160 ᠵᠤᠷᠪᠤᠰ ᠰᠡᠷᠡᠮᠵᠢᠯᠡᠭᠦᠯᠦᠯ ᠨᠡᠶ᠋ᠢᠲᠡᠯᠡᠵᠡᠢ᠃

ᠤᠢᠯᠠᠭᠠᠭᠰᠠᠨ ᠵᠢᠡᠷ᠂ ᠪᠥᠬᠥ᠌ ᠣᠷᠣᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠴᠠᠭ ᠠᠭᠤᠷ ᠤ᠋ᠨ ᠦᠢᠯᠡᠴᠢᠯᠡᠭᠡ ᠢ᠋ᠢ ᠤᠷᠢᠳᠴᠢᠯᠠᠭᠤᠯᠬᠤ᠂ ᠣᠨᠣᠪᠴᠢᠵᠢᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ᠂ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠴᠠᠭ ᠠᠭᠤᠷ ᠤ᠋ᠨ ᠪᠠᠲᠤᠯᠠᠭ᠎ᠠ ᠢ᠋ᠢᠨ ᠠᠵᠢᠯ ᠢ᠋ ᠪᠥᠬᠥ᠌ ᠬᠦᠴᠦᠨ ᠢ᠋ᠢᠡᠷ ᠢ᠋ᠢᠡᠨ ᠰᠠᠶ᠋ᠢᠲᠤᠷ ᠬᠢᠵᠤ ᠪᠤᠢ᠃ ᠤᠷᠢᠳᠴᠢᠯᠠᠨ ᠮᠡᠳᠡᠭᠡᠯᠡᠬᠦ᠌ ᠠᠵᠢᠯᠲᠠᠨ 24 ᠴᠠᠭ ᠢ᠋ᠢᠡᠷ ᠵᠢᠵᠢᠭᠦᠷᠯᠡᠵᠦ᠍᠂ ᠷᠠᠳᠠᠷ ᠤ᠋ᠨ ᠪᠤᠴᠠᠯᠲᠠ ᠳᠣᠯᠭᠢᠶᠠᠨ ᠪᠠ ᠲᠣᠭ᠎ᠠ ᠬᠡᠮᠵᠢᠭᠳᠡᠯ ᠤ᠋ᠨ ᠤᠷᠢᠳᠴᠢᠯᠠᠨ ᠮᠡᠳᠡᠭᠡᠯᠡᠬᠦ᠌ ᠦᠢᠯᠡᠳᠬᠦᠨ ᠢ᠋ ᠴᠢᠩᠭ᠎ᠠ ᠠᠩᠬᠠᠷᠴᠤ᠌᠂ ᠴᠠᠰᠤ ᠤᠷᠤᠭᠰᠠᠨ ᠣᠷᠣᠨ᠂ ᠬᠡᠮᠵᠢᠶ᠎ᠡ ᠲᠠᠰ᠂ ᠬᠠᠮᠤᠭ ᠤ᠋ᠨ ᠶᠡᠬᠡ ᠴᠠᠰᠤ ᠤᠷᠤᠭᠰᠠᠨ ᠴᠠᠭ ᠵᠡᠷᠭᠡ ᠵᠠᠩᠭᠢᠯᠠᠭ᠎ᠠ ᠢ᠋ᠢᠨ ᠡᠯᠧᠮᠧᠨ᠋ᠲ ᠢ᠋ ᠨᠢᠭᠲᠠ ᠠᠵᠢᠭᠯᠠᠵᠤ᠂ ᠤᠷᠢᠳᠴᠢᠯᠠᠨ ᠮᠡᠳᠡᠭᠡᠯᠡᠬᠦ᠌ ᠣᠨᠣᠪᠴᠢ ᠢ᠋ᠢᠨ ᠬᠡᠮᠵᠢᠶ᠎ᠡ ᠢ᠋ᠢ ᠲᠠᠰᠤᠷᠠᠯᠲᠠ ᠥᠬᠡᠶ ᠳᠡᠭᠡᠭᠰᠢᠯᠡᠭᠦᠯᠵᠤ ᠪᠠᠢᠨ᠎ᠠ᠃ ᠡᠭᠦᠨ ᠤ᠋ ᠬᠠᠮᠲᠤ᠌ ᠪᠣᠳᠠᠲᠤ᠌ ᠪᠠᠶ᠋ᠢᠳᠠᠯ ᠤ᠋ᠨ ᠮᠡᠳᠡᠭᠡ ᠵᠠᠩᠭᠢ ᠢ᠋ᠢ ᠦᠷᠭᠦᠯᠵᠢᠯᠡᠨ ᠮᠡᠳᠡᠭᠡᠯᠡᠬᠦ᠌ ᠲᠣᠭᠲᠠᠴᠠ ᠢ᠋ᠢ ᠡᠬᠢᠯᠡᠭᠦᠯᠵᠦ᠍᠂ ᠴᠠᠭ ᠲᠤᠬᠠᠶ ᠳ᠋ᠤᠨᠢ ᠪᠣᠷᠣᠭᠠᠨ ᠴᠠᠰᠤ᠂ ᠠᠭᠠᠷ ᠤ᠋ᠨ ᠳᠤᠯᠠᠭᠠᠨ ᠤ᠋ ᠪᠠᠭᠤᠷᠠᠯᠲᠠ ᠢ᠋ᠢᠨ ᠬᠢᠨᠠᠨ ᠬᠡᠮᠵᠢᠭᠰᠡᠨ ᠲᠣᠭ᠎ᠠ ᠪᠠᠷᠢᠮᠲᠠ ᠢ᠋ᠢ ᠰᠢᠨᠡᠴᠢᠯᠡᠬᠦ ᠵᠢᠨ ᠲᠠᠭᠠᠤ ᠡᠯ᠎ᠠ ᠭᠠᠵᠠᠷ ᠤ᠋ᠨ ᠵᠠᠰᠠᠭ ᠤ᠋ᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ᠂ ᠪᠠᠴᠢᠮ ᠪᠠᠶ᠋ᠢᠳᠠᠯ ᠢ᠋ ᠠᠷᠭᠠᠴᠠᠭᠠᠬᠤ ᠵᠡᠷᠭᠡ ᠰᠠᠯᠠᠭ᠎ᠠ ᠮᠥᠴᠢᠷ ᠲᠤ᠌ ᠬᠦᠷᠭᠡᠵᠦ᠍᠂ ᠣᠷᠣᠨ ᠨᠤᠲᠤᠭ ᠤ᠋ᠨ ᠭᠠᠮᠰᠢᠭ ᠢ᠋ ᠰᠡᠷᠭᠡᠶ᠋ᠢᠯᠡᠬᠦ᠌ ᠠᠵᠢᠯ ᠢ᠋ ᠪᠠᠶ᠋ᠢᠷᠢᠯᠠᠭᠤᠯᠬᠤ᠂ ᠬᠠᠰᠢᠶ᠎ᠠ ᠰᠠᠷᠠᠪᠴᠢ ᠢ᠋ᠢ ᠪᠡᠬᠢᠵᠢᠭᠦᠯᠬᠦ᠌᠂ ᠡᠳ᠋ ᠪᠣᠳᠠᠰ ᠢ᠋ ᠰᠢᠯᠵᠢᠭᠦᠯᠦᠨ ᠵᠥᠭᠡᠭᠡᠪᠦᠷᠢᠯᠡᠬᠦ᠌᠂ ᠵᠠᠮ ᠱᠤᠭᠤᠮ ᠢ᠋ ᠪᠠᠲᠤᠯᠠᠬᠤ ᠵᠡᠷᠭᠡ ᠠᠵᠢᠯ᠎ᠳᠦ ᠨᠠᠷᠢᠨ ᠣᠨᠣᠴᠠᠲᠠᠶ ᠦᠨᠳᠤᠰᠤᠯᠡᠯ ᠬᠠᠩᠭᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面