2026-11-17 12:18:35
ᠦᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ 2026 ᠣᠨ᠎ᠤ 11 ᠰᠠᠷ᠎ᠠ᠎ᠶᠢᠨ 16᠎ᠤ ᠡᠳᠦᠷ᠎ᠦᠨ 09 ᠴᠠᠭ 20 ᠮᠢᠨᠦ᠋ᠲ᠎ᠲᠦ ᠬᠦᠢᠲᠡᠨ ᠤᠷᠤᠰᠬᠠᠯ᠎ᠤᠨ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠢᠲᠡᠯᠡᠪᠡ ᠄
48 ᠴᠠᠭ᠎ᠤᠨ ᠳᠣᠲᠣᠷ᠎ᠠ ᠠᠯᠠᠱᠠ ᠠᠢᠮᠠᠭ᠎ᠤᠨ ᠡᠮᠦᠨ᠎ᠡ ᠪᠡᠶ᠎ᠡ᠂ ᠪᠠᠶᠠᠨᠨᠠᠭᠤᠷ ᠬᠣᠲᠠ᠎ᠶᠢᠨ ᠡᠮᠦᠨ᠎ᠡ ᠪᠡᠶ᠎ᠡ᠂ ᠦᠬᠠᠢ ᠬᠣᠲᠠ᠂ ᠣᠷᠳᠣᠰ ᠬᠣᠲᠠ᠂ ᠪᠤᠭᠤᠲᠤ ᠬᠣᠲᠠ᠎ᠶᠢᠨ ᠡᠮᠦᠨ᠎ᠡ ᠪᠡᠶ᠎ᠡ᠂ ᠬᠥᠬᠡᠬᠣᠲᠠ᠂ ᠤᠯᠠᠭᠠᠨᠴᠠᠪ ᠬᠣᠲᠠ᠎ᠶᠢᠨ ᠡᠮᠦᠨ᠎ᠡ ᠪᠡᠶ᠎ᠡ᠂ ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠪᠡᠶ᠎ᠡ᠎ᠶᠢᠨ ᠬᠠᠮᠤᠭ᠎ᠤᠨ ᠳᠣᠣᠷ᠎ᠠ ᠠᠭᠠᠷ᠎ᠤᠨ ᠳᠤᠯᠠᠭᠠᠨ 8℃ᠡᠴᠡ ᠳᠡᠭᠡᠭᠰᠢ ᠪᠠᠭᠤᠷᠠᠵᠤ᠂ 18᠎ᠤ ᠡᠳᠦᠷ᠎ᠦᠨ ᠥᠷᠯᠥᠭᠡ ᠳᠡᠭᠡᠷ᠎ᠡ ᠳᠤᠷᠠᠳᠤᠭᠰᠠᠨ ᠭᠠᠵᠠᠷ ᠣᠷᠣᠨ᠎ᠤ ᠬᠠᠮᠤᠭ᠎ᠤᠨ ᠳᠣᠣᠷ᠎ᠠ ᠠᠭᠠᠷ᠎ᠤᠨ ᠳᠤᠯᠠᠭᠠᠨ ᠲᠡᠭ᠎ᠡᠴᠡ ᠳᠣᠷᠣᠭ᠍ᠰᠢ 17℃ᠡᠴᠡ ᠲᠡᠭ ᠡᠴᠡ ᠳᠣᠷᠣᠭ᠍ᠰᠢ 8℃ ᠪᠣᠯᠲᠠᠯ᠎ᠠ ᠪᠠᠭᠤᠷᠠᠬᠤ ᠪᠣᠯᠣᠨ᠎ᠠ᠃ ᠬᠣᠯᠪᠣᠭᠳᠠᠯ ᠪᠦᠬᠦᠢ ᠨᠢᠭᠡᠴᠢ ᠪᠣᠯᠣᠨ ᠬᠠᠮᠢᠶ᠎ᠠ ᠪᠦᠬᠦᠢ ᠬᠥᠮᠥᠰ ᠰᠡᠷᠭᠡᠢᠯᠡᠬᠦ ᠪᠡᠯᠡᠳᠬᠡᠯ᠎ᠢᠶᠡᠨ ᠰᠠᠢᠲᠤᠷ ᠬᠢᠭᠡᠷᠡᠢ᠃
ᠰᠡᠷᠭᠡᠢᠯᠡᠯᠲᠡ᠎ᠶᠢᠨ ᠵᠦᠭᠯᠡᠬᠦᠷ᠄
1. ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠬᠦᠢᠲᠡᠨ ᠤᠷᠤᠰᠬᠠᠯ᠎ᠢ ᠰᠡᠷᠭᠡᠢᠯᠡᠬᠦ ᠪᠡᠯᠡᠳᠬᠡᠯ ᠠᠵᠢᠯ᠎ᠢ ᠰᠠᠢᠲᠤᠷ ᠬᠢᠭᠡᠷᠠᠢ᠃
2. ᠬᠤᠪᠴᠠᠰᠤ ᠬᠤᠨᠠᠷ ᠵᠢᠡᠨ ᠵᠤᠵᠠᠭᠠᠯᠠᠬᠤ᠎ᠶᠢ ᠠᠩᠬᠠᠷᠤᠭᠠᠷᠠᠢ᠃
3. ᠰᠠᠯᠬᠢ ᠰᠡᠷᠭᠡᠢᠯᠡᠬᠦ ᠪᠡᠯᠡᠳᠬᠡᠯ ᠠᠵᠢᠯ᠎ᠢ ᠰᠠᠢᠲᠤᠷ ᠬᠢᠭᠡᠷᠡᠢ᠃
ᠢᠷᠡᠯᠲᠡ ᠄ ᠥᠪᠥᠷ ᠮᠣᠩᠭᠣᠯ᠎ᠤᠨ ᠴᠠᠭ ᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃