ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-04-26 11:16:02

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠬᠠᠪᠤᠷ ᠤ᠋ᠨ ᠲᠠᠷᠢᠶᠠᠯᠠᠭ᠎ᠠ ᠵᠢᠨ ᠶᠠᠭᠠᠷᠠᠯᠳᠠᠢ ᠴᠠᠭ ᠲᠦ᠍ ᠤᠷᠤᠯ᠎ᠠ᠃ ᠲᠦᠩᠯᠢᠶᠤᠤ ᠬᠤᠳᠠ ᠵᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠡᠨᠡ ᠵᠢᠯ ᠤ᠋ᠨ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠤ᠋ᠨ ᠪᠦᠳᠦᠭᠡᠨ ᠪᠠᠢᠭᠤᠯᠤᠯᠳᠠ ᠵᠢᠨ ᠳᠠᠷᠢᠶᠠᠨ ᠭᠠᠵᠠᠷ ᠢ᠋ ᠳᠡᠭᠰᠢᠯᠡᠭᠦ ᠠᠵᠢᠯ ᠢ᠋ ᠨᠢᠬᠡᠨᠳᠡ ᠲᠠᠭᠤᠰᠬᠠᠪᠠ᠃ ᠪᠠᠶᠠᠨᠨᠠᠭᠤᠷ ᠬᠣᠲᠠ ᠵᠢᠨ ᠤᠷᠠᠳ ᠤ᠋ᠨ ᠳᠤᠮᠳᠠᠳᠤ ᠬᠤᠰᠢᠭᠤᠨ ᠤ᠋ ᠳᠡᠯ ᠠᠭᠤᠯᠠ ᠪᠠᠯᠭᠠᠰᠤ ᠵᠢᠨ ᠰᠧ ᠢ ᠳᠠᠩ᠂ ᠱᠧᠩ ᠯᠢ ᠲᠣᠰᠭᠣᠨ ᠵᠡᠷᠭᠡ 4 ᠲᠣᠰᠭᠣᠨ ᠨᠢ ᠬᠡᠰᠡᠭ ᠪᠤᠰᠠᠭ ᠲᠠᠷᠢᠶᠠᠨ ᠭᠠᠵᠠᠷ ᠢ᠋ ᠳᠡᠭᠰᠢ ᠰᠠᠢᠬᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠤᠯᠭᠠᠨ ᠪᠠᠢᠭᠤᠯᠵᠤ᠂ ᠬᠠᠪᠤᠷ ᠤ᠋ᠨ ᠳᠠᠷᠢᠶᠠᠯᠠᠭ᠎ᠠ ᠵᠢᠨ ᠪᠦᠬᠦ ᠶᠠᠪᠤᠴᠠ ᠵᠢ ᠮᠠᠰᠢᠨᠴᠢᠯᠡᠪᠠ ᠁

ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠰᠠᠭᠤᠷᠢ ᠨᠢ ᠲᠠᠷᠢᠶᠠᠨ ᠭᠠᠵᠠᠷ ᠲᠤ᠌ ᠪᠤᠢ ᠃ ᠡᠨᠡ ᠵᠢᠯ ᠤ᠋ᠨ ᠲᠥᠪ ᠤ᠋ᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳ᠋ᠤ᠌ 《ᠶᠠᠰᠤ ᠴᠢᠨᠠᠷ ᠢ᠋ ᠤᠷᠢᠳ ᠵᠢᠡᠷ ᠪᠤᠳᠤᠯᠬᠢᠯᠠᠬᠤ ᠵᠢ ᠪᠠᠷᠢᠮᠲᠠᠯᠠᠵᠤ᠂ ᠵᠡᠭᠦᠨ ᠬᠣᠢᠲᠤ ᠵᠢᠨ ᠬᠠᠷ᠎ᠠ ᠬᠦᠷᠦᠰᠦᠳᠤ ᠭᠠᠵᠠᠷ ᠣᠷᠣᠨ᠂ ᠳᠡᠭᠰᠢᠬᠡᠨ ᠲᠠᠯ᠎ᠠ ᠭᠠᠵᠠᠷ ᠂ ᠤᠰᠤᠨ ᠠᠰᠢᠭᠯᠠᠯᠲᠠ ᠵᠢᠨ ᠤᠰᠤᠯᠠᠯᠲᠠ ᠵᠢᠨ ᠨᠥᠬᠥᠴᠡᠯ ᠲᠡᠢ ᠭᠠᠵᠠᠷ ᠣᠷᠣᠨ ᠤ᠋ ᠲᠠᠷᠢᠶᠠᠨ ᠭᠠᠵᠠᠷ ᠢ᠋ ᠤᠷᠢᠳ ᠵᠢᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠢᠭᠤᠯᠤᠨ᠎ᠠ》 ᠭᠡᠵᠦ ᠳᠤᠷᠠᠳᠴᠠᠢ ᠃ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠵᠤ ᠂ ᠲᠠᠷᠢᠶᠠᠯᠠᠩ ᠤ᠋ᠨ ᠣᠳᠣᠬᠢᠴᠢᠯᠠᠯᠲᠠ ᠵᠢᠨ ᠵᠠᠮ ᠵᠢᠠᠷ ᠵᠠᠮᠨᠠᠬᠤ ᠳ᠋ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠬᠤ ᠪᠣᠯ ᠨᠢᠭᠡᠨ ᠴᠢᠬᠤᠯᠠ ᠭᠠᠷᠳᠠᠴᠠ ᠪᠤᠯᠬᠤ ᠶᠤᠮ ᠃ ᠲᠡᠷᠡ ᠨᠢ 《ᠵᠢᠵᠢᠭ ᠲᠠᠷᠢᠶᠠᠨ ᠭᠠᠵᠠᠷ》 ᠢ᠋ 《ᠶᠡᠬᠡ ᠲᠠᠷᠢᠶᠠᠨ ᠭᠠᠵᠠᠷ》 ᠪᠣᠯᠭᠠᠵᠤ᠂ 《ᠭᠡᠰᠡᠭ ᠪᠤᠰᠠᠭ ᠲᠠᠷᠢᠶᠠᠨ ᠭᠠᠵᠠᠷ》 ᠢ᠋ 《ᠪᠦᠬᠦᠯᠢ ᠲᠠᠷᠢᠶᠠᠨ ᠭᠠᠵᠠᠷ》 ᠪᠣᠯᠭᠠᠨ᠂ 《ᠶᠡᠷᠦ ᠵᠢᠨ ᠲᠠᠷᠢᠶᠠᠨ ᠭᠠᠵᠠᠷ》 ᠢ᠋ 《ᠰᠠᠢᠨ ᠲᠠᠷᠢᠶᠠᠨ ᠭᠠᠵᠠᠷ》 ᠪᠣᠯᠭᠠᠵᠤ᠂ ᠲᠠᠷᠢᠶᠠᠯᠠᠩ ᠤ᠋ᠨ ᠮᠠᠰᠢᠨᠴᠢᠯᠠᠯᠲᠠ᠂ ᠤᠰᠤᠯᠠᠯᠳᠠ᠂ ᠮᠡᠳᠡᠭᠡ ᠵᠠᠩᠭᠢᠵᠢᠯᠲᠠ ᠪᠠ ᠪᠠᠷᠢᠮᠵᠢᠶᠠᠵᠢᠭᠤᠯᠤᠯᠲᠠ ᠵᠢ ᠠᠬᠢᠭᠤᠯᠬᠤ ᠨᠢ ᠲᠠᠮᠵᠢᠭ ᠦᠬᠡᠢ᠃

ᠣᠢᠷ᠎ᠠ ᠵᠢᠨ ᠵᠢᠯ ᠳ᠋ᠦ᠍ ᠮᠠᠨ ᠤ᠋ ᠤᠷᠤᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠢ᠋ ᠪᠦᠳᠦᠬᠡᠨ ᠪᠠᠢᠭᠤᠯᠬᠤ ᠵᠢ ᠠᠬᠢᠭᠤᠯᠵᠤ᠂ ᠬᠠᠷ᠎ᠠ ᠬᠥᠷᠥᠰᠥ ᠵᠢ ᠬᠠᠮᠠᠭᠠᠯᠠᠬᠤ ᠢᠨᠵᠧᠨᠧᠷᠢᠩ ᠢ᠋ ᠬᠡᠷᠡᠭᠵᠢᠭᠦᠯᠤᠨ᠂ ᠮᠠᠭᠤᠳᠠᠭᠰᠠᠨ ᠲᠠᠷᠢᠶᠠᠨ ᠭᠠᠵᠠᠷ ᠤ᠋ᠨ ᠵᠠᠰᠠᠯᠳᠠ ᠵᠢᠨ ᠠᠵᠢᠯ ᠢ᠋ ᠴᠢᠩᠭᠠᠳᠭᠠᠵᠤ᠂ ᠲᠠᠷᠢᠶᠠᠨ ᠭᠠᠵᠠᠷ ᠤ᠋ᠨ ᠣᠷᠭᠠᠨᠢᠭ ᠪᠣᠳᠠᠰ ᠢ᠋ ᠳᠡᠭᠡᠭᠰᠢᠯᠡᠭᠦᠯᠬᠦ ᠠᠵᠢᠯᠯᠠᠭᠠᠨ ᠦᠷᠨᠢᠬᠦᠯᠦᠨ᠂ ᠬᠤᠵᠢᠷᠯᠢᠭ ᠭᠠᠵᠠᠷ ᠢ᠋ ᠥᠭᠡᠷᠡᠴᠢᠯᠡᠨ ᠰᠠᠢᠵᠢᠷᠠᠭᠤᠯᠵᠤ ᠠᠰᠢᠭᠯᠠᠬᠤ ᠵᠢ ᠠᠬᠢᠭᠤᠯᠪᠠ ᠁ ᠲᠠᠷᠢᠶᠠᠨ ᠭᠠᠵᠠᠷ ᠢ᠋ ᠬᠠᠮᠠᠭᠠᠯᠠᠬᠤ ᠪᠠ ᠳᠠᠷᠢᠶᠠᠨ ᠭᠠᠵᠠᠷ ᠤ᠋ᠨ ᠰᠢᠮ᠎ᠡ ᠵᠢ ᠳᠡᠭᠡᠭᠰᠢᠯᠡᠭᠦᠯᠬᠦ ᠵᠢ ᠭᠣᠣᠯᠳᠠᠯᠭ᠎ᠠ ᠪᠣᠯᠭᠠᠨ ᠰᠠᠢᠲᠤᠷ ᠠᠳᠭᠤᠵᠤ᠂ ᠲᠠᠷᠢᠶᠠᠨ ᠭᠠᠵᠠᠷ ᠢᠯᠠᠩᠭᠤᠶ᠎ᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠢ᠋ ᠦᠨᠡᠨ ᠬᠦ᠌ ᠲᠠᠷᠢᠶᠠᠯᠠᠬᠤ ᠳ᠋ᠤ᠌ ᠲᠣᠬᠢᠷᠠᠮᠵᠢᠲᠠᠢ ᠰᠠᠢᠨ ᠲᠠᠷᠢᠶᠠᠨ ᠭᠠᠵᠠᠷ ᠪᠣᠯᠭᠠᠨ ᠪᠠᠢᠭᠤᠯᠴᠢᠬᠠᠪᠠᠯ᠂ ᠠᠮᠤ ᠪᠤᠳᠠᠭᠠᠨ ᠤ᠋ ᠡᠯᠪᠡᠭ ᠬᠤᠷᠢᠶᠠᠯᠳᠠ᠂ ᠬᠦᠢᠴᠡᠳ ᠬᠠᠩᠭᠠᠯᠭ᠎ᠠ᠂ ᠤᠬᠢ ᠴᠢᠨᠠᠷ ᠢ᠋ ᠯᠠᠪᠳᠠᠢ ᠪᠠᠲᠤᠯᠠᠵᠤ ᠴᠢᠳᠠᠬᠤ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面