ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-05-24 10:30:17

ᠵᠣᠬᠢᠶᠠᠭ᠍ᠴᠢ᠄ ​ᠭᠤᠸ᠎ᠠ ᠣᠩᠱᠢᠭ᠍ᠰᠠᠨ ᠣᠳᠠᠭ᠎ᠠ᠄ 3

ᠪᠡᠯᠴᠢᠭᠡᠷ ᠤ᠋ᠨ ᠮᠠᠯ ᠠᠵᠤ ᠠᠬᠤᠶ ᠵᠢᠨ ᠬᠥᠭ᠌ᠵᠢᠯᠲᠡ ᠵᠢᠨ 10 ᠰᠢᠨ᠎ᠡ ᠵᠠᠭ᠍ᠪᠤᠷ ⑤


《ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢᠭᠤᠯᠤᠯᠲᠠ + ᠲᠤᠰᠭᠠᠢ ᠬᠤᠷᠰᠢᠶ᠎ᠠ》 ᠵᠢᠨ ᠵᠠᠭᠪᠤᠷ ᠬᠡᠳᠡᠭ ᠨᠢ ᠭᠠᠴᠠᠭ᠎ᠠ ᠳᠤᠰᠬᠤᠨ ᠵᠢᠡᠷ ᠨᠢᠭᠡᠴᠢ ᠪᠤᠯᠭᠠᠨ ᠬᠠᠮᠲᠤ ᠵᠢᠨ ᠠᠵᠤ ᠠᠬᠤᠶ ᠳ᠋ᠤ ᠲᠦᠱᠢᠭ᠌ᠯᠡᠵᠤ᠂ ᠰᠠᠢᠨ ᠳᠤᠷ᠎ᠠ ᠵᠢᠨ ᠵᠠᠷᠴᠢᠮ ᠶᠣᠰᠣᠭᠠᠷ ᠮᠠᠯᠵᠢᠬᠤ ᠡᠷᠦᠬᠡ ᠨᠢ ᠳᠠᠭᠠᠭᠠᠴᠢᠯᠠᠨ ᠡᠵᠡᠩᠨᠡᠭ᠌ᠰᠡᠨ ᠪᠥᠬᠥ᠌ ᠨᠤᠳᠤᠭ ᠪᠡᠯᠴᠢᠭᠡᠷ ᠵᠢᠴᠢ ᠮᠠᠯ ᠤᠨᠤᠭ᠎ᠠ ᠪᠠᠨ ᠬᠤᠪᠢ ᠣᠷᠣᠭᠤᠯᠵᠤ ᠪᠠᠢᠭᠠᠳ ᠬᠤᠪᠢ ᠣᠷᠣᠭᠤᠯᠤᠭᠰᠠᠨ ᠲᠤᠰᠬᠠᠢ ᠬᠣᠷᠱᠢᠶ᠎ᠠ ᠪᠠᠢᠭᠤᠯᠵᠤ᠂ ᠲᠤᠰᠬᠠᠢ ᠬᠣᠷᠱᠢᠶ᠎ᠠ ᠨᠢ ᠣᠲᠣ ᠦᠶ᠎ᠡ ᠵᠢᠨ ᠠᠵᠤ ᠠᠬᠤᠢᠯᠠᠯ ᠤ᠋ᠨ ᠲᠦᠷᠢᠮ ᠵᠢᠡᠷ ᠪᠡᠯᠴᠢᠬᠡᠷ ᠵᠢᠡᠨ ᠬᠡᠰᠡᠭᠯᠡᠨ ᠰᠡᠯᠬᠦᠨ ᠮᠠᠯᠵᠢᠵᠤ ᠪᠦᠬᠦᠯᠢ ᠴᠣᠭ᠍ᠴᠠ ᠪᠡᠷ ᠨᠢ ᠡᠵᠡᠩᠨᠡᠬᠦ ᠵᠢ ᠬᠡᠯᠡᠵᠤ ᠪᠠᠢᠨ᠎ᠠ᠃


QQ截图20240524102420.png


《ᠡᠨᠡ ᠬᠦ᠌ ᠵᠠᠭᠪᠤᠷ ᠨᠢ ᠡᠬᠢ ᠪᠠᠶᠠᠯᠢᠭ ᠢ᠋ ᠡᠳ᠋ ᠬᠦᠷᠦᠩᠬᠡ ᠪᠤᠯᠭᠠᠬᠤ᠂ ᠪᠡᠯᠡ ᠮᠦᠩᠬᠦ ᠵᠢ ᠬᠤᠪᠢ ᠤᠷᠤᠭᠤᠯᠤᠭᠰᠠᠨ ᠮᠦᠩᠬᠦ ᠪᠤᠯᠭᠠᠬᠤ᠂ ᠮᠠᠯᠴᠢᠨ ᠲᠠᠷᠢᠶᠠᠴᠢᠨ ᠢ᠋ ᠬᠤᠪᠢ ᠤᠷᠤᠭᠤᠯᠤᠭᠴᠢ ᠪᠤᠯᠭᠠᠬᠤ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠭᠠᠵᠠᠷ ᠲᠦ᠍ ᠨᠡᠩ ᠲᠤᠬᠢᠷᠠᠨ᠎ᠠ》 ᠭᠡᠵᠤ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠯ ᠠᠵᠤ ᠠᠬᠤᠢ ᠵᠢᠨ ᠳᠤᠪᠴᠢᠶ᠎ᠠ ᠵᠢᠨ ᠳᠡᠳ᠋ ᠳᠠᠷᠤᠭ᠎ᠠ ᠳᠦ ᠵᠧ ᠳᠠᠨᠢᠯᠴᠠᠭᠤᠯᠤᠯ᠎ᠠ᠃

ᠬᠦᠯᠦᠨ ᠪᠤᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ ᠤ᠋ ᠬᠡᠷᠦᠯᠦᠨ ᠰᠤᠮᠤ ᠵᠢᠨ ᠮᠠᠩᠯᠠᠢ ᠭᠠᠴᠠᠭ᠎ᠠ ᠮᠠᠯ ᠪᠡᠯᠴᠢᠭᠡᠷ ᠢ᠋ ᠲᠡᠩᠴᠡᠭᠦᠷᠢᠲᠡᠢ ᠪᠠᠢᠯᠭᠠᠬᠤ ᠪᠠᠷᠢᠮᠵᠢᠶ᠎ᠠ ᠵᠢ ᠦᠨᠳᠦᠰᠦᠯᠡᠨ 《16 ᠮᠦ᠍ ᠪᠡᠯᠴᠢᠭᠡᠷ + 1 ᠬᠣᠨᠢ》 ᠪᠠᠷ ᠨᠢᠭᠡ ᠬᠤᠪᠢ ᠪᠣᠯᠭᠠᠵᠤ᠂ ᠰᠠᠢᠨ ᠳᠤᠷ᠎ᠠ ᠵᠢᠨ ᠵᠠᠷᠴᠢᠮ ᠶᠣᠰᠣᠭᠠᠷ ᠮᠠᠯᠴᠢᠳ ᠤ᠋ᠨ ᠳᠠᠭᠠᠭᠠᠴᠢᠯᠠᠨ ᠡᠵᠡᠩᠨᠡᠭᠰᠡᠨ ᠨᠤᠲᠤᠭ ᠪᠡᠯᠴᠢᠭᠡᠷ ᠵᠢᠴᠢ ᠮᠠᠯ ᠤᠨᠤᠭ᠎ᠠ ᠪᠠᠨ ᠨᠤᠭᠤᠯᠤᠨ ᠪᠣᠳᠣᠵᠤ ᠬᠤᠪᠢ ᠣᠷᠣᠭᠤᠯᠬᠤ ᠵᠢ ᠬᠦᠳᠦᠯᠦᠨ ᠵᠢᠯᠤᠭᠤᠳᠴᠦ᠂ ᠰᠢᠨ᠎ᠡ ᠬᠡᠯᠪᠡᠷᠢ ᠵᠢᠨ ᠬᠤᠪᠢ ᠣᠷᠣᠭᠤᠯᠤᠭᠰᠠᠨ ᠳᠦᠷᠢᠮᠲᠦ ᠲᠤᠰᠭᠠᠢ ᠬᠤᠷᠰᠢᠶ᠎ᠠ ᠵᠢ ᠪᠠᠢᠭᠤᠯᠤᠨ᠂ ᠮᠠᠯᠵᠢᠬᠤ ᠡᠷᠦᠬᠡ ᠵᠢ 《ᠲᠠᠩ ᠭᠠᠭᠴᠠ ᠪᠡᠷ ᠪᠠᠢᠯᠳᠤᠵᠤ》 ᠪᠠᠢᠭᠰᠠᠨ ᠡᠴᠡ 《ᠭᠠᠷ ᠬᠣᠯᠪᠣᠭᠠᠯᠠᠨ ᠬᠠᠮᠳᠤ ᠪᠡᠷ ᠪᠠᠶᠠᠵᠢᠬᠤ》 ᠳᠠᠢᠰᠢ ᠬᠤᠪᠢᠷᠠᠭᠤᠯᠵᠤ᠂ ᠤᠷᠵᠢᠨᠤᠨ ᠳᠤᠰᠬᠠᠢ ᠬᠤᠷᠰᠢᠶ᠎ᠠ ᠡᠴᠡ 135 ᠲᠦᠮᠡᠨ ᠲᠥᠭᠥᠷᠢᠭ ᠤ᠋ᠨ ᠠᠰᠢᠭ ᠬᠤᠪᠢᠶᠠᠷᠢᠯᠠᠵᠠᠢ᠃ ᠳᠤᠰᠬᠠᠢ ᠬᠤᠷᠰᠢᠶ᠎ᠠ ᠨᠢ ᠪᠠᠰᠠ ᠠᠵᠤ ᠠᠬᠤᠢᠯᠠᠯ ᠲᠠᠢ ᠢᠳᠡᠪᠬᠢᠳᠠᠢ ᠵᠣᠯᠭᠠᠭᠤᠯᠬᠤ ᠪᠠᠷ ᠳᠠᠮᠵᠢᠨ ᠮᠠᠯ ᠤ᠋ᠨ ᠠᠰᠢᠭ ᠰᠢᠮ᠎ᠠ ᠵᠢᠨ ᠪᠣᠷᠣᠯᠠᠭᠤᠯᠭ᠎ᠠ ᠵᠢᠨ ᠠᠷᠭ᠎ᠠ ᠵᠠᠮ ᠢ᠋ ᠥᠷᠭᠡᠳᠭᠡᠬᠦ ᠵᠢᠨ ᠬᠠᠮᠳᠤ ᠬᠡᠷᠦᠯᠦᠨ ᠤ᠋ ᠪᠠᠭᠤᠴᠠ᠂ ᠴᠠᠭᠠᠨ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠭᠡᠯ ᠤ᠋ᠨ ᠭᠠᠵᠠᠷ ᠡᠵᠡᠩᠨᠡᠨ᠂ ᠨᠢᠬᠡᠳᠤᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠠᠭᠤᠰᠤᠯᠴᠠᠨ ᠬᠥᠭᠵᠢᠭᠦ ᠵᠢ ᠪᠡᠶᠡᠯᠡᠭᠦᠯᠪᠡ᠃ ᠲᠤᠰ ᠭᠠᠴᠠᠭᠠᠨ ᠤ᠋ 《ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢᠭᠤᠯᠤᠯᠲᠠ + ᠲᠤᠰᠭᠠᠢ ᠬᠤᠷᠰᠢᠶ᠎ᠠ》 ᠵᠢᠨ ᠵᠠᠭᠪᠤᠷ ᠤ᠋ᠨ ᠠᠷᠭ᠎ᠠ ᠲᠤᠷᠰᠢᠯᠭ᠎ᠠ ᠵᠢ 4 ᠲᠠᠯ᠎ᠠ ᠪᠡᠷ ᠬᠤᠷᠢᠶᠠᠩᠭᠤᠢᠯᠠᠵᠤ ᠪᠤᠯᠤᠨ᠎ᠠ ᠃

— ᠨᠠᠮ ᠤ᠋ᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ ᠵᠢ ᠴᠢᠩᠭᠠᠳᠭᠠᠵᠤ᠂ ᠬᠠᠮᠲᠤ ᠵᠢᠨ ᠠᠵᠤ ᠠᠬᠤᠢ ᠵᠢ ᠪᠣᠢᠵᠢᠭᠤᠯᠤᠨ ᠪᠤᠵᠠᠭᠠᠢᠷᠠᠭᠤᠯᠪᠠ᠃ ᠮᠡᠩᠯᠠᠢ ᠭᠠᠴᠠᠭ᠎ᠠ ᠨᠠᠮ ᠤ᠋ᠨ ᠪᠠᠢᠭᠤᠯᠤᠯᠲᠠ ᠪᠠᠷ ᠲᠤᠰᠬᠠᠢ ᠬᠤᠷᠰᠢᠶ᠎ᠠ ᠵᠢᠨ ᠬᠥᠭᠵᠢᠯᠲᠡ ᠵᠢ ᠬᠥᠲᠥᠯᠦᠨ ᠳᠠᠭᠠᠭᠤᠯᠬᠤ ᠵᠢ ᠪᠠᠷᠢᠮᠲᠠᠯᠠᠵᠤ᠂ ᠲᠣᠭᠣᠷᠢᠭ ᠬᠤᠪᠢᠶᠠᠨ ᠰᠡᠯᠭᠦᠨ ᠮᠠᠯᠵᠢᠬᠤ ᠲᠥᠰᠦᠯ ᠲᠣᠭᠲᠠᠭᠠᠨ᠂《ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠡᠵᠡᠩᠨᠡᠬᠦ᠂ ᠨᠢᠭᠡᠳᠦᠯᠲᠡᠢ ᠨᠢᠳᠤᠯᠬᠤ》ᠬᠠᠮᠢᠶᠠᠷᠤᠯᠲᠠ ᠵᠢᠨ ᠲᠣᠭᠲᠠᠴᠠ ᠵᠢ ᠪᠠᠢᠭᠤᠯᠵᠤ᠂ ᠨᠤᠲᠤᠭ ᠪᠡᠯᠴᠢᠭᠡᠷ ᠤ᠋ᠨ ᠠᠮᠢ ᠠᠬᠤᠢ ᠵᠢᠨ ᠰᠡᠷᠭᠦᠯᠲᠡ ᠵᠢ ᠠᠬᠢᠭᠤᠯᠤᠨ᠂ 2019 ᠣᠨ ᠡᠴᠡ ᠨᠡᠭᠠᠰᠢ ᠪᠦᠬᠦ ᠭᠠᠴᠠᠭᠠᠨ ᠤ᠋ ᠨᠤᠳᠤᠭ ᠪᠡᠯᠴᠢᠬᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠳᠤᠮᠳᠠᠴᠢ ᠪᠦᠷᠬᠦᠴᠡ ᠵᠢᠨ ᠨᠣᠷᠮ᠎ᠠ 5 ᠵᠢᠯ ᠳᠠᠷᠠᠭᠠᠯᠠᠨ 80% ᠵᠢ ᠲᠠᠪᠠᠪᠠ᠃ ᠬᠠᠮᠲᠤ ᠵᠢᠨ ᠥᠮᠴᠢᠯᠡᠯ ᠤ᠋ᠨ ᠡᠷᠬᠡ ᠵᠢᠨ ᠳᠦᠷᠢᠮ ᠤ᠋ᠨ ᠥᠭᠡᠷᠡᠴᠢᠯᠡᠯᠲᠡ ᠵᠢ ᠠᠬᠢᠭᠤᠯᠤᠭᠰᠠᠨ ᠰᠠᠭᠤᠷᠢᠨ ᠳᠡᠭᠡᠷ᠎ᠡ ᠭᠠᠴᠠᠭᠠᠨ ᠤ᠋ ᠪᠠᠨ 970 ᠬᠠᠮᠳᠤ ᠵᠢᠨ ᠮᠠᠯ ᠢ᠋ ᠨᠤᠭᠤᠯᠤᠨ ᠪᠣᠳᠣᠵᠤ ᠳᠤᠰᠬᠠᠢ ᠬᠤᠷᠰᠢᠶ᠎ᠠ ᠳ᠋ᠤ᠌ ᠬᠤᠪᠢ ᠣᠷᠣᠭᠤᠯᠵᠤ᠂ 2022 ᠣᠨ ᠳ᠋ᠤ᠌ ᠭᠠᠴᠠᠭᠠᠨ ᠤ᠋ ᠬᠠᠮᠲᠤ ᠵᠢᠨ ᠬᠤᠪᠢ ᠣᠷᠣᠭᠤᠯᠤᠯᠳᠠ ᠵᠢᠨ ᠴᠡᠪᠡᠷ ᠣᠷᠣᠯᠭ᠎ᠠ 17 ᠲᠦᠮᠡᠨ ᠲᠥᠭᠥᠷᠢᠭ ᠲᠦ᠍ ᠬᠦᠷᠴᠦ᠂ ᠳᠤᠰᠬᠠᠢ ᠬᠤᠷᠰᠢᠶ᠎ᠠ ᠵᠢᠨ ᠵᠢᠯ ᠤ᠋ᠨ ᠣᠷᠣᠯᠭ᠎ᠠ ᠵᠢᠨ 10% ᠵᠢ ᠡᠵᠡᠯᠡᠨ᠂ ᠬᠠᠮᠲᠤ ᠵᠢᠨ ᠡᠬᠢ ᠪᠠᠶᠠᠯᠢᠭ ᠢ᠋ ᠠᠮᠢᠯᠠᠭᠤᠯᠵᠤ ᠬᠠᠮᠲᠤ ᠵᠢᠨ ᠠᠵᠤ ᠠᠬᠤᠢ ᠵᠢ ᠪᠤᠵᠠᠭᠠᠢᠷᠠᠭᠤᠯᠪᠠ᠃

— ᠬᠤᠪᠢ ᠣᠷᠣᠭᠤᠯᠤᠨ ᠬᠣᠷᠰᠢᠬᠤ ᠵᠢ ᠬᠡᠷᠡᠭᠵᠢᠭᠦᠯᠵᠦ᠂ ᠮᠠᠯᠴᠢᠳ ᠤ᠋ᠨ ᠦᠢᠯᠡᠳᠪᠦᠷᠢᠯᠡᠯ ᠵᠢᠡᠨ ᠬᠤᠪᠢᠷᠠᠭᠤᠯᠵᠤ ᠠᠵᠢᠯ ᠲᠥᠷᠥᠯ ᠵᠢᠡᠨ ᠰᠣᠯᠢᠬᠤ ᠵᠢ ᠠᠬᠢᠭᠤᠯᠪᠠ᠃ ᠳᠤᠰᠬᠠᠢ ᠬᠤᠷᠰᠢᠶ᠎ᠠ ᠨᠢ ᠬᠤᠪᠢ ᠣᠷᠣᠭᠤᠯᠤᠨ ᠬᠣᠷᠰᠢᠬᠤ ᠳᠦᠷᠢᠮ ᠤ᠋ᠨ ᠡᠵᠡᠩᠨᠡᠯᠲᠡ ᠵᠢᠨ ᠵᠠᠭᠪᠤᠷ ᠢ᠋ ᠬᠡᠷᠡᠭᠵᠢᠭᠦᠯᠵᠦ᠂ ᠮᠠᠯᠴᠢᠳ ᠳᠤᠰᠬᠠᠢ ᠬᠤᠷᠰᠢᠶ᠎ᠠ ᠳ᠋ᠤ᠌ ᠣᠷᠣᠭᠰᠠᠨ ᠤ᠋ ᠳᠠᠷᠠᠭ᠎ᠠ ᠵᠠᠷᠢᠮ ᠨᠢ ᠲᠤᠰᠬᠠᠢ ᠬᠤᠷᠰᠢᠶ᠎ᠠ ᠵᠢᠨ ᠠᠵᠢᠯᠴᠢᠨ ᠪᠣᠯᠵᠤ ᠂ ᠵᠠᠷᠢᠮ ᠨᠢ ᠭᠠᠳᠠᠭᠰᠢ ᠭᠠᠷᠴᠤ ᠬᠥᠯᠥᠰᠥᠨ ᠠᠵᠢᠯ ᠬᠢᠵᠤ᠂ ᠰᠠᠷ᠎ᠠ ᠪᠦᠷᠢ ᠲᠣᠭᠲᠠᠪᠤᠷᠢᠲᠠᠢ ᠴᠠᠯᠢᠩ ᠮᠦᠩᠬᠦ ᠵᠢᠨ ᠣᠷᠣᠯᠭ᠎ᠠ ᠲᠠᠢ ᠪᠣᠯᠤᠭᠰᠠᠨ ᠵᠢᠡᠷ ᠪᠠᠷᠠᠬᠤ ᠦᠭᠡᠢ ᠪᠠᠰᠠ ᠳᠤᠰᠬᠠᠢ ᠬᠤᠷᠰᠢᠶ᠎ᠠ ᠡᠴᠡ ᠠᠰᠢᠭ ᠬᠤᠪᠢᠶᠠᠷᠢᠯᠠᠨ ᠠᠪᠴᠦ ᠪᠤᠢ᠃ ᠡᠵᠡᠩᠨᠡᠯᠲᠡ ᠵᠢᠨ ᠵᠠᠭᠪᠤᠷ ᠵᠢᠠᠨ ᠬᠤᠪᠢᠷᠠᠭᠤᠯᠬᠤ ᠪᠠᠷ ᠳᠠᠮᠵᠢᠨ ᠳᠤᠰᠬᠠᠢ ᠬᠤᠷᠰᠢᠶ᠎ᠠ ᠨᠢ ᠬᠦᠴᠦᠨ ᠵᠢᠡᠨ ᠲᠥᠪᠯᠡᠷᠡᠭᠦᠯᠦᠨ ᠲᠡᠷᠢᠭᠦᠨ ᠤ᠋ ᠦᠢᠯᠡᠳᠪᠦᠷᠢᠯᠡᠯ ᠤ᠋ᠨ ᠮᠡᠷᠭᠡᠵᠢᠯ ᠤ᠋ᠨ ᠬᠡᠷᠡᠭᠯᠡᠯᠲᠡ ᠵᠢ ᠴᠢᠩᠭᠠᠷᠠᠭᠤᠯᠵᠤ ᠂ ᠬᠥᠯᠥᠨ ᠪᠤᠢᠷ ᠤ᠋ᠨ ᠬᠣᠨᠢᠨ ᠤ᠋ 《ᠪᠠᠷᠭᠤ ᠡᠭᠦᠯᠳᠡᠷ》 ᠤ᠋ᠨ ᠣᠳᠣ ᠦᠶ᠎ᠡ ᠵᠢᠨ ᠦᠷ᠎ᠠ ᠵᠢᠨ ᠦᠢᠯᠡᠰ ᠤ᠋ᠨ ᠲᠥᠷᠥᠯ ᠵᠦᠢᠯ ᠢ᠋ ᠳᠡᠰ ᠳᠡᠪᠰᠢᠭᠦᠯᠦᠨ ᠬᠡᠷᠡᠭᠵᠢᠭᠦᠯᠬᠦ ᠳ᠋ᠦ᠍ ᠢᠳᠡᠪᠬᠢᠲᠡᠢ ᠣᠷᠣᠯᠴᠠᠵᠤ ᠂ ᠮᠠᠯ ᠤ᠋ᠨ ᠪᠤᠳᠠᠭᠠᠯᠢ ᠪᠡᠶ᠎ᠡ ᠵᠢᠨ ᠭᠠᠷᠤᠯᠳᠠ ᠵᠢ ᠳᠡᠭᠡᠭᠰᠢᠯᠡᠭᠦᠯᠬᠦ ᠪᠡᠷ ᠠᠷᠭ᠎ᠠ ᠪᠠᠷᠢᠯ ᠵᠢᠡᠨ ᠪᠣᠯᠭᠠᠨ ᠂ ᠪᠠᠢᠭᠠᠯᠢ ᠵᠢᠨ ᠨᠤᠲᠤᠭ ᠪᠡᠯᠴᠢᠭᠡᠷ ᠲᠦ᠍ ᠬᠡᠳᠦ ᠲᠦᠰᠢᠭᠯᠡᠬᠦ ᠦᠢᠯᠡᠳᠪᠦᠷᠢᠯᠡᠯ ᠤ᠋ᠨ ᠠᠷᠭ᠎ᠠ ᠬᠡᠯᠪᠡᠷᠢ ᠵᠢ ᠬᠤᠪᠢᠷᠠᠭᠤᠯᠵᠤ᠂ ᠮᠠᠯᠵᠢᠬᠤ ᠡᠷᠦᠬᠡ ᠵᠢᠨ ᠡᠵᠡᠩᠨᠡᠯᠲᠡ ᠳ᠋ᠦ᠍ ᠲᠤᠯᠭᠠᠷᠠᠵᠤ ᠪᠠᠢᠭ᠎ᠠ ᠪᠡᠯᠴᠢᠭᠡᠷ ᠤ᠋ᠨ ᠲᠠᠯᠠᠪᠠᠢ ᠪᠠᠭ᠎ᠠ᠂ ᠦᠢᠯᠡᠳᠪᠦᠷᠢᠯᠡᠯ ᠤ᠋ᠨ ᠥᠪᠡᠷ ᠤ᠋ᠨ ᠥᠷᠲᠡᠭ ᠥᠨᠳᠥᠷ ᠂ ᠵᠠᠬ᠎ᠠ ᠳᠡᠯᠭᠡᠭᠦᠷ ᠤ᠋ᠨ ᠥᠷᠢᠰᠦᠯᠳᠦᠬᠦ ᠬᠦᠴᠦᠨ ᠪᠠᠭᠤᠷᠠᠢ ᠵᠡᠷᠭᠡ ᠳᠤᠳᠠᠭᠤᠳᠠᠯ ᠢ᠋ ᠰᠢᠢᠳᠪᠦᠷᠢᠯᠡᠪᠡ᠃

— ᠬᠡᠪᠴᠢᠶᠡᠲᠦ ᠡᠵᠡᠩᠨᠡᠯᠲᠡ ᠵᠢ ᠬᠥᠭᠵᠢᠭᠦᠯᠵᠦ᠂ ᠲᠡᠵᠢᠭᠡᠪᠦᠷᠢ ᠵᠢᠨ ᠦᠢᠯᠡᠰ ᠤ᠋ᠨ ᠥᠪᠡᠷ ᠤ᠋ᠨ ᠥᠷᠲᠡᠭ ᠢ᠋ ᠠᠷᠪᠢᠯᠠᠨ ᠦᠷ᠎ᠡ ᠠᠰᠢᠭ ᠢ᠋ ᠨᠡᠮᠡᠭᠳᠡᠭᠦᠯᠪᠡ᠃ 《ᠳᠤᠰᠬᠠᠢ ᠬᠤᠷᠰᠢᠶ᠎ᠠ + ᠮᠠᠯᠵᠢᠬᠤ ᠡᠷᠦᠬᠡ + ᠳᠠᠭᠠᠭᠤᠯᠤᠭᠴᠢ ᠠᠵᠤ ᠠᠬᠤᠢᠯᠠᠯ》 ᠤ᠋ᠨ ᠠᠵᠤ ᠦᠢᠯᠡᠰᠵᠢᠭᠰᠡᠨ ᠡᠵᠡᠩᠨᠡᠯᠳᠡ ᠵᠢᠨ ᠵᠠᠭᠪᠤᠷ ᠢ᠋ ᠬᠡᠷᠡᠭᠯᠡᠵᠤ᠂ ᠬᠥᠯᠥᠨ ᠪᠤᠢᠷ ᠤ᠋ᠨ ᠪᠡᠯᠴᠢᠬᠡᠷ ᠤ᠋ᠨ ᠬᠣᠨᠢ ᠪᠠᠷ ᠭᠣᠣᠯᠯᠠᠬᠤ ᠠᠵᠤ ᠦᠢᠯᠡᠰ ᠪᠣᠯᠭᠠᠨ᠂ 《ᠮᠠᠯ ᠤ᠋ᠨ ᠡᠬᠦᠯᠳᠡᠷ ᠢ᠋ ᠨᠢᠬᠡᠳᠤᠬᠦᠯᠬᠦ᠂ ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠪᠣᠷᠣᠯᠠᠭᠤᠯᠬᠤ》 ᠵᠢ ᠪᠠᠶᠡᠯᠡᠬᠦᠯᠵᠠᠢ᠃ ᠳᠤᠰᠬᠠᠢ ᠬᠤᠷᠰᠢᠶ᠎ᠠ ᠬᠢᠭᠡᠳ ᠲᠠᠭᠠᠭᠤᠯᠤᠭᠴᠢ ᠠᠵᠤ ᠠᠬᠤᠢᠯᠠᠯ ᠨᠢ ᠮᠠᠯ ᠤ᠋ᠨ ᠠᠰᠢᠭ ᠰᠢᠮ᠎ᠡ ᠵᠢ ᠡᠳ᠋ᠰᠢᠭᠦᠯᠦᠨ ᠪᠣᠷᠣᠯᠠᠭᠤᠯᠬᠤ ᠠᠰᠢᠭ ᠲᠤᠰᠠ ᠵᠢᠨ ᠬᠤᠯᠪᠤᠭᠠᠨ ᠤ᠋ ᠲᠣᠭᠲᠠᠴᠠ ᠵᠢ ᠪᠠᠢᠭᠤᠯᠵᠤ᠂ ᠦᠨ᠎ᠡ ᠬᠠᠩᠰᠢ ᠵᠢ ᠲᠥᠪᠯᠡᠷᠡᠭᠦᠯᠦᠨ ᠵᠥᠪᠯᠡᠬᠦ ᠪᠡᠷ ᠳᠠᠮᠵᠢᠨ ᠵᠠᠬ᠎ᠠ ᠳᠡᠯᠭᠡᠭᠦᠷ ᠲᠡᠬᠢ ᠦᠭᠡ ᠬᠡᠯᠡᠬᠦ ᠡᠷᠬᠡ ᠵᠢ ᠳᠡᠭᠡᠭᠰᠢᠯᠡᠭᠦᠯᠪᠡ᠃ ᠤᠷᠵᠢᠨᠤᠨ ᠮᠠᠩᠯᠠᠢ ᠭᠠᠴᠠᠭ᠎ᠠ ᠵᠢᠨ ᠳᠤᠰᠬᠠᠢ ᠬᠤᠷᠰᠢᠶ᠎ᠠ ᠨᠢ ᠬᠥᠯᠥᠨ ᠪᠤᠢᠷ ᠤ᠋ᠨ ᠰᠢᠶᠤᠤ ᠹᠧᠢ ᠶᠠᠩ ᠬᠢᠵᠠᠭᠠᠷᠲᠤ ᠺᠣᠮᠫᠠᠨᠢ ᠯᠤᠭ᠎ᠠ ᠮᠢᠬᠠᠨ ᠤ᠋ ᠬᠣᠨᠢ ᠪᠣᠷᠣᠯᠠᠭᠤᠯᠬᠤ ᠭᠡᠷ᠎ᠡ ᠲᠣᠭᠲᠠᠵᠤ᠂ ᠮᠢᠬᠠᠨ ᠤ᠋ ᠬᠣᠨᠢ ᠬᠤᠳᠠᠯᠳᠤᠬᠤ ᠬᠥᠭᠵᠢᠶᠠᠨᠲᠤ ᠤᠯᠠᠷᠢᠯ ᠤ᠋ᠨ ᠬᠠᠮᠤᠭ ᠤ᠋ᠨ ᠥᠨᠳᠥᠷ ᠦᠨ᠎ᠡ ᠪᠡᠷ ᠨᠢᠲᠤᠯᠤᠨ ᠡᠳ᠋ᠰᠢᠭᠦᠯᠬᠦ ᠠᠵᠤ ᠠᠬᠤᠢᠯᠠᠯ ᠡᠴᠡ ᠵᠤᠭᠤᠰ ᠮᠦᠩᠬᠦ ᠪᠠᠨ ᠳ᠋ᠦᠩᠨᠡᠨ ᠪᠣᠳᠣᠵᠤ᠂ ᠬᠤᠷᠠᠭ᠎ᠠ ᠨᠢᠭᠡᠪᠦᠷᠢ ᠵᠢᠨ ᠦᠨ᠎ᠠ ᠵᠢ ᠮᠠᠯᠵᠢᠬᠤ ᠡᠷᠦᠬᠡ ᠵᠢᠨ ᠲᠤᠰᠠᠭᠠᠷ ᠪᠣᠷᠣᠯᠠᠭᠤᠯᠬᠤ ᠦᠨ᠎ᠡ ᠡᠴᠡ ᠳᠤᠮᠳᠠᠴᠢ ᠪᠠᠷ 25 ᠲᠥᠭᠥᠷᠢᠭ ᠣᠷᠴᠢᠮ ᠥᠨᠳᠥᠷ ᠪᠣᠯᠭᠠᠵᠤ᠂ ᠳᠤᠰᠬᠠᠢ ᠬᠤᠷᠰᠢᠶ᠎ᠠ ᠵᠢᠨ ᠲᠤᠰ ᠵᠢᠯ ᠤ᠋ᠨ ᠡᠵᠡᠩᠨᠡᠯᠲᠡ ᠵᠢᠨ ᠣᠷᠣᠯᠭ᠎ᠠ ᠨᠢ 440.87 ᠲᠦᠮᠡᠨ ᠲᠥᠭᠥᠷᠢᠭ ᠲᠦ᠍ ᠬᠦᠷᠴᠠᠢ᠃

— ᠠᠵᠤ ᠦᠢᠯᠡᠰ ᠤ᠋ᠨ ᠠᠭᠤᠰᠤᠯᠴᠠᠯ ᠢ᠋ ᠠᠬᠢᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ᠋ ᠣᠯᠠᠨ ᠡᠰᠢᠵᠢᠭᠦᠯᠦᠨ ᠥᠷᠭᠡᠳᠭᠡᠪᠡ᠃ ᠨᠤᠲᠤᠭ ᠪᠡᠯᠴᠢᠭᠡᠷ ᠤ᠋ᠨ ᠵᠢᠡᠨ ᠪᠠᠢᠭᠠᠯᠢ ᠵᠢᠨ ᠳᠠᠪᠠᠭᠤᠯᠢᠭ ᠪᠣᠯᠤᠨ ᠤᠯᠠᠮᠵᠢᠯᠠᠯᠲᠤ ᠨᠡᠭᠦᠳᠡᠯ ᠮᠠᠯᠵᠢᠯ ᠤ᠋ᠨ ᠰᠣᠶᠣᠯ ᠤ᠋ᠨ ᠠᠭᠤᠯᠬᠤᠨ ᠢ᠋ ᠠᠰᠢᠭᠯᠠᠨ᠂ ᠰᠡᠯᠡᠭᠦᠴᠡᠵᠦ ᠪᠡᠶᠡᠴᠢᠯᠡᠨ ᠤᠢᠯᠠᠭᠠᠬᠤ ᠮᠠᠶᠢᠭ ᠤ᠋ᠨ ᠨᠤᠲᠤᠭ ᠪᠡᠯᠴᠢᠭᠡᠷ ᠤ᠋ᠨ ᠠᠮᠢ ᠠᠬᠤᠢ ᠵᠢᠨ ᠵᠢᠭᠤᠯᠴᠢᠯᠠᠯ ᠢ᠋ ᠬᠦᠭᠵᠢᠬᠦᠯᠵᠤ᠂ ᠡᠯ᠎ᠡ ᠠᠵᠤ ᠦᠢᠯᠡᠰ ᠤ᠋ᠨ ᠠᠭᠤᠰᠤᠯᠴᠠᠯ ᠢ᠋ ᠠᠬᠢᠭᠤᠯᠪᠠ᠃ ᠲᠤᠰ ᠭᠠᠴᠠᠭ᠎ᠠ ᠤᠯᠠᠮᠵᠢᠯᠠᠯᠲᠤ ᠴᠠᠭᠠᠨ ᠢᠳᠡᠭᠡᠨ᠂ ᠮᠠᠨᠤ᠂ ᠦᠨᠳᠦᠰᠦᠲᠡᠨ ᠤ᠋ ᠬᠤᠪᠴᠠᠰᠤ ᠵᠠᠰᠠᠯ ᠵᠡᠷᠭᠡ ᠦᠨᠳᠦᠰᠦᠲᠡᠨ ᠤ᠋ ᠰᠣᠶᠣᠯ ᠤ᠋ᠨ ᠣᠨᠴᠠᠯᠢᠭ ᠲᠠᠢ ᠭᠡᠷ ᠪᠦᠯᠢ ᠵᠢᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠭᠡᠯ ᠤ᠋ᠨ ᠭᠠᠵᠠᠷ ᠪᠠᠢᠭᠤᠯᠬᠤ ᠵᠢᠨ ᠬᠠᠮᠳᠤ᠂ ᠪᠡᠶᠡᠴᠢᠯᠡᠨ ᠣᠢᠯᠠᠭᠠᠬᠤ ᠵᠢᠭᠤᠯᠴᠢᠯᠠᠯ ᠵᠢᠠᠷ ᠭᠣᠣᠯ ᠪᠣᠯᠭᠠᠭᠰᠠᠨ《ᠬᠡᠷᠦᠯᠦᠨ ᠬᠤᠸᠠᠷᠠᠨ》 ᠤ᠋ ᠵᠢᠭᠤᠯᠴᠢᠯᠠᠯ ᠤ᠋ᠨ ᠲᠥᠷᠥᠯ ᠲᠡᠮᠳᠡᠭ ᠢ᠋ ᠬᠠᠢᠨ ᠰᠦᠪᠡᠭᠴᠢᠯᠡᠵᠦ᠂ 《ᠵᠢᠭᠤᠯᠴᠢᠯᠠᠯ +》ᠡᠵᠡᠩᠨᠡᠯᠲᠡ ᠵᠢᠨ ᠬᠡᠯᠪᠡᠷᠢ ᠵᠢ ᠨᠡᠭᠡᠭᠡᠨ ᠬᠥᠭᠵᠢᠭᠦᠯᠵᠦ ᠂ ᠰᠣᠶᠣᠯ ᠂ ᠪᠡᠶ᠎ᠡ ᠵᠢᠨ ᠲᠠᠮᠢᠷ᠂ ᠠᠮᠢ ᠠᠬᠤᠢ᠂ ᠰᠤᠪᠢᠯᠠᠯᠲᠠ ᠪᠠ ᠠᠮᠲᠠᠲᠤ ᠢᠳᠡᠭᠡᠨ ᠵᠡᠷᠭᠡ ᠡᠬᠢ ᠪᠠᠶᠠᠯᠢᠭ ᠢ᠋ ᠨᠡᠢᠳᠭᠡᠨ ᠬᠢᠯᠢ ᠬᠢᠵᠠᠭᠠᠷ ᠤ᠋ᠨ ᠦᠨᠳᠦᠰᠦᠲᠡᠨ ᠤ᠋ ᠣᠨᠴᠠᠯᠢᠭ ᠲᠠᠢ ᠰᠣᠶᠣᠯ ᠵᠢᠭᠤᠯᠴᠢᠯᠠᠯ ᠤ᠋ᠨ ᠪᠦᠲᠦᠭᠡᠭᠳᠡᠬᠦᠨ ᠢ᠋ ᠬᠥᠭᠵᠢᠭᠦᠯᠪᠡ᠃ ᠤᠷᠵᠢᠨᠤᠨ 《ᠬᠡᠷᠦᠯᠦᠨ ᠬᠤᠸᠠᠷᠠᠨ》 ᠨᠢ 1200 ᠭᠠᠷᠤᠢ ᠵᠢᠭᠤᠯᠴᠢᠯᠠᠭᠴᠢ (ᠤᠳᠠᠭ᠎ᠠ) ᠵᠢ ᠬᠦᠯᠢᠶᠡᠨ ᠠᠪᠴᠤ᠂ ᠠᠰᠢᠭ ᠤᠯᠵᠠᠪᠤᠷᠢ ᠨᠢ 35 ᠲᠦᠮᠡᠨ ᠲᠥᠭᠥᠷᠢᠭ ᠲᠦ᠍ ᠬᠦᠷᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面