ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-05-17 10:54:42

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠭᠡᠷ ᠪᠦᠯᠢ ᠵᠢᠨ ᠮᠠᠯᠵᠢᠯ ᠤ᠋ᠨ ᠲᠠᠯᠠᠪᠠᠢ ᠵᠢᠨ ᠵᠠᠭᠪᠤᠷ ᠬᠡᠳᠡᠭ ᠨᠢ ᠬᠡᠷ ᠪᠦᠯᠢ ᠵᠢᠨ ᠡᠵᠡᠩᠨᠡᠯᠲᠡ ᠪᠡᠷ ᠰᠠᠭᠤᠷᠢ ᠪᠣᠯᠭᠠᠨ ᠬᠡᠪᠴᠢᠶᠡᠵᠢᠭᠦᠯᠦᠨ ᠲᠡᠵᠢᠭᠡᠬᠦ᠂ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ᠌᠂ ᠡᠷᠴᠢᠮᠵᠢᠭᠦᠯᠦᠨ ᠡᠵᠡᠩᠨᠡᠬᠦ᠌ ᠶ᠋ᠢ ᠬᠡᠷᠡᠭ᠌ᠵᠢᠭᠦᠯᠵᠤ᠂ ᠮᠠᠯ ᠠᠵᠤ ᠠᠬᠤᠶ ᠵᠢᠨ ᠦᠶ᠋ᠯᠡᠳᠪᠦᠷᠢᠯᠡᠯ ᠬᠢᠭᠡᠳ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠬᠤᠤᠰ ᠠᠱᠢᠭ ᠢ᠋ ᠭᠥᠷᠳᠡᠬᠦ᠌ ᠮᠠᠯ ᠠᠵᠤ ᠠᠬᠤᠢ ᠵᠢᠨ ᠡᠵᠡᠩᠨᠡᠯᠲᠡ ᠵᠢ ᠬᠡᠯᠡᠵᠤ ᠪᠠᠢᠨ᠎ᠠ᠃

《ᠲᠤᠰ ᠵᠠᠭᠪᠤᠷ ᠲᠡᠬᠢ ᠭᠡᠷ ᠪᠦᠯᠢ ᠵᠢᠨ ᠮᠠᠯᠵᠢᠯ ᠤ᠋ᠨ ᠲᠠᠯᠠᠪᠠᠢ ᠨᠢ ᠪᠡᠶ᠎ᠡ ᠪᠡᠨ ᠳᠠᠭᠠᠭᠠᠭᠰᠠᠨ ᠮᠠᠯᠵᠢᠬᠤ ᠡᠷᠦᠬᠡ ᠪᠠᠢᠵᠤ ᠪᠣᠯᠤᠨ᠎ᠠ᠂ ᠪᠠᠰᠠ ᠰᠠᠢᠨ ᠳᠤᠷ᠎ᠠ ᠡᠴᠡ ᠪᠠᠨ ᠬᠣᠷᠰᠢᠬᠤ᠂ ᠬᠤᠪᠢ ᠣᠷᠣᠭᠤᠯᠬᠤ ᠵᠡᠷᠭᠡ ᠬᠡᠯᠪᠡᠷᠢ ᠪᠡᠷ ᠪᠦᠷᠢᠯᠳᠦᠭᠰᠡᠨ ᠬᠣᠶᠠᠷ ᠪᠤᠶᠤ ᠬᠣᠶᠠᠷ ᠡᠴᠡ ᠳᠡᠭᠡᠭᠰᠢᠬᠢ ᠮᠠᠯᠵᠢᠬᠤ ᠡᠷᠦᠬᠡ ᠪᠡᠷ ᠪᠦᠷᠢᠯᠳᠦᠭᠰᠡᠨ ᠡᠷᠦᠬᠡ ᠬᠣᠯᠪᠣᠭᠠᠯᠠᠭᠰᠠᠨ ᠮᠠᠯᠵᠢᠯ ᠤ᠋ᠨ ᠲᠠᠯᠠᠪᠠᠢ ᠪᠤᠶᠤ ᠮᠠᠯᠴᠢᠳ ᠤ᠋ᠨ ᠬᠣᠷᠰᠢᠭᠰᠠᠨ ᠠᠵᠤ ᠠᠬᠤᠢ ᠵᠢᠨ ᠵᠣᠬᠢᠶᠠᠨ ᠪᠠᠢᠭᠤᠯᠤᠯᠲᠠ ᠪᠠᠢᠵᠤ ᠪᠣᠯᠤᠨ᠎ᠠ》 ᠭᠡᠵᠤ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠯ ᠠᠵᠤ ᠠᠬᠤᠢ ᠵᠢᠨ ᠳᠤᠪᠴᠢᠶ᠎ᠠ ᠵᠢᠨ ᠳᠡᠳ᠋ ᠳᠠᠷᠤᠭ᠎ᠠ ᠳᠦ ᠵᠧ ᠳᠠᠨᠢᠯᠴᠠᠭᠤᠯᠤᠯ᠎ᠠ᠃

ᠠᠪᠠᠭ᠎ᠠ ᠬᠤᠰᠢᠭᠤᠨ ᠤ᠋ ᠬᠣᠩᠭᠣᠷᠭᠣᠣᠯ ᠪᠠᠯᠭᠠᠰᠤ ᠵᠢᠨ ᠰᠠᠷᠠᠭᠤᠯᠲᠤᠶᠠᠭ᠎ᠠ ᠭᠠᠴᠠᠭᠠᠨ ᠤ᠋ ᠮᠠᠯᠴᠢᠨ ᠲᠢᠩ·ᠪᠠᠭᠠᠲᠤᠷ ᠲᠠᠭᠠᠭᠠᠴᠢᠯᠠᠭᠰᠠᠨ 3000 ᠮᠦ᠍ ᠪᠡᠯᠴᠢᠭᠡᠷ ᠤ᠋ᠨ ᠵᠢᠡᠨ ᠲᠠᠬᠡᠷ᠎ᠠ 3000 ᠮᠦ᠍ ᠪᠡᠯᠴᠢᠭᠡᠷ ᠲᠦᠷᠢᠶᠡᠰᠦᠯᠡᠵᠦ᠂ ᠭᠡᠷ ᠪᠦᠯᠢ ᠵᠢᠨ ᠮᠠᠯᠵᠢᠯ ᠤ᠋ᠨ ᠲᠠᠯᠠᠪᠠᠢ ᠵᠢ ᠬᠥᠭᠵᠢᠭᠦᠯᠤᠨ᠂ ᠣᠷᠣᠯᠭ᠎ᠠ ᠵᠢ ᠬᠠᠮᠤᠭ ᠤ᠋ᠨ ᠶᠡᠬᠡ ᠪᠡᠷ ᠨᠡᠮᠡᠭᠳᠡᠬᠦᠯᠬᠦ᠂ ᠥᠪᠡᠷ ᠤ᠋ᠨ ᠥᠷᠲᠡᠭ ᠢ᠋ ᠬᠠᠮᠤᠭ ᠤ᠋ᠨ ᠶᠡᠬᠡ ᠪᠡᠷ ᠪᠠᠭᠤᠷᠠᠭᠤᠯᠬᠤ᠂ ᠠᠮᠢ ᠠᠬᠤᠢ ᠵᠢ ᠬᠠᠮᠤᠭ ᠤ᠋ᠨ ᠶᠡᠬᠡ ᠪᠡᠷ ᠰᠠᠢᠵᠢᠷᠠᠭᠤᠯᠬᠤ᠂ ᠬᠥᠳᠡᠯᠮᠦᠷᠢ ᠬᠦᠴᠦ ᠵᠢ ᠬᠠᠮᠤᠭ ᠤ᠋ᠨ ᠶᠡᠬᠡ ᠪᠡᠷ ᠠᠷᠪᠢᠯᠠᠬᠤ 《ᠳᠥᠷᠪᠡᠨ ᠬᠠᠮᠤᠭ》 ᠤ᠋ᠨ ᠡᠵᠡᠩᠨᠡᠯᠲᠡ ᠵᠢᠨ ᠠᠷᠭ᠎ᠠ ᠬᠡᠯᠪᠡᠷᠢ ᠵᠢ ᠰᠦᠪᠡᠭᠴᠢᠯᠡᠨ ᠦᠢᠯᠡᠳᠦᠯᠬᠡᠵᠢᠬᠦᠯᠵᠤ᠂ ᠵᠢᠯ ᠤ᠋ᠨ ᠬᠥᠮᠦᠨ ᠳᠤᠮᠳᠠᠴᠢ ᠵᠢᠨ ᠣᠷᠣᠯᠭ᠎ᠠ ᠨᠢ 20 ᠲᠦᠮᠡᠨ ᠲᠥᠭᠥᠷᠢᠭ ᠲᠦ᠍ ᠬᠦᠷᠴᠦ ᠠᠮᠢ ᠠᠬᠤᠢ ᠵᠢᠨ ᠬᠠᠮᠠᠭᠠᠯᠠᠯᠲᠠ ᠪᠠ ᠣᠷᠣᠯᠭ᠎ᠠ ᠵᠢᠨ ᠨᠡᠮᠡᠭᠳᠡᠯ ᠤ᠋ᠨ ᠬᠤᠤᠰ ᠠᠱᠢᠭ ᠭᠥᠷᠳᠡᠬᠦ᠌ ᠵᠢ ᠦᠨᠡᠨ ᠬᠦ᠌ ᠪᠡᠶᠡᠯᠡᠭᠦᠯᠦᠭᠰᠡᠨ ᠪᠢᠯᠡ᠃

ᠲᠢᠩ· ᠪᠠᠭᠠᠲᠤᠷ ᠡᠩ ᠲᠠᠷᠢᠬᠦᠨ ᠳ᠋ᠤ ᠪᠡᠯᠴᠢᠭᠡᠷ ᠵᠢᠡᠨ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠵᠤᠰᠠᠯᠠᠩ ᠤ᠋ᠨ ᠪᠡᠯᠴᠢᠭᠡᠷ 1620 ᠮᠦ᠍᠂ ᠨᠠᠮᠤᠷᠵᠢᠶᠠᠨ ᠤ᠋ ᠪᠡᠯᠴᠢᠭᠡᠷ 700 ᠮᠦ᠍᠂ ᠡᠪᠦᠯᠵᠢᠶᠡᠨ ᠤ᠋ ᠪᠡᠯᠴᠢᠭᠡᠷ 1400 ᠮᠦ᠍᠂ ᠲᠤᠭᠤᠯ ᠤ᠋ᠨ ᠪᠡᠯᠴᠢᠭᠡᠷ 300 ᠮᠦ᠍ ᠭᠡᠵᠤ ᠭᠠᠷᠭᠠᠨ᠂ ᠤᠯᠠᠷᠢᠯ ᠬᠤᠪᠢᠶᠠᠵᠤ ᠰᠡᠯᠬᠦᠨ ᠪᠡᠯᠴᠢᠭᠡᠷᠯᠡᠭᠦᠯᠬᠦ ᠪᠡᠷ ᠳᠠᠮᠵᠢᠨ ᠮᠠᠯ ᠪᠡᠯᠴᠢᠭᠡᠷ ᠤ᠋ᠨ ᠲᠡᠩᠴᠡᠭᠦᠷᠢ ᠵᠢ ᠪᠡᠶᠡᠯᠡᠭᠦᠯᠵᠡᠢ᠃ ᠲᠠᠷᠠᠭ᠎ᠠ ᠨᠢ ᠮᠠᠯ ᠤᠨᠤᠭ᠎ᠠ ᠵᠢᠨ ᠡᠭᠦᠯᠳᠡᠷ ᠤ᠋ᠨ ᠪᠦᠲᠦᠴᠡ ᠪᠠᠨ ᠰᠢᠯᠢᠳᠡᠭᠵᠢᠬᠦᠯᠵᠤ᠂ ᠣᠯᠠᠨ ᠵᠢᠯ ᠤ᠋ᠨ ᠲᠤᠷᠰᠢ ᠮᠢᠬᠠᠨ ᠤ᠋ ᠦᠬᠡᠷ ᠤ᠋ᠨ ᠰᠠᠢᠨ ᠡᠭᠦᠯᠳᠡᠷ ᠢ᠋ ᠰᠣᠩᠭᠣᠨ ᠪᠣᠢᠵᠢᠭᠤᠯᠬᠤ ᠵᠢ ᠪᠠᠷᠢᠮᠲᠠᠯᠠᠨ᠂ ᠮᠢᠬᠠᠨ ᠤ᠋ ᠦᠬᠡᠷ ᠵᠢᠡᠨ ᠪᠦᠬᠦᠨ ᠢ᠋ ᠡᠬᠦᠯᠳᠡᠷ ᠰᠠᠢᠵᠢᠷᠠᠭᠤᠯᠵᠤ᠂ ᠵᠢᠯ ᠳ᠋ᠤ 60 ᠦᠨᠢᠶ᠎ᠡ ᠮᠠᠯᠵᠢᠨ 60 ᠳᠤᠭᠤᠯ ᠳᠤᠰᠴᠦ 60 ᠦᠬᠡᠷ ᠬᠤᠳᠠᠯᠳᠤᠬᠤ ᠵᠢ ᠪᠠᠳᠤᠯᠠᠵᠤ᠂ ᠲᠡᠵᠢᠭᠡᠪᠦᠷᠢ ᠵᠢᠨ ᠥᠪᠡᠷ ᠤ᠋ᠨ ᠥᠷᠲᠡᠭ ᠢ᠋ ᠬᠠᠰᠤᠪᠠᠯ ᠵᠢᠯ ᠤ᠋ᠨ ᠴᠡᠪᠡᠷ ᠣᠷᠣᠯᠭ᠎ᠠ ᠨᠢ 40 ᠲᠦᠮᠡᠨ ᠲᠥᠭᠥᠷᠢᠭ ᠲᠦ᠍ ᠬᠦᠷᠴᠦ ᠪᠠᠢᠨ᠎ᠠ᠃ ᠲᠠᠬᠢᠪᠠᠯ ᠳᠡᠵᠢᠭᠡᠯ ᠡᠪᠡᠰᠦ ᠪᠣᠷᠳᠣᠭ᠎ᠠ ᠨᠥᠭᠡᠴᠡᠯᠡᠬᠦ ᠵᠢ ᠴᠢᠬᠤᠯᠠᠴᠢᠯᠠᠵᠤ᠂ ᠭᠠᠮᠰᠢᠭ ᠢ᠋ ᠰᠡᠷᠭᠡᠢᠯᠡᠬᠦ 800 ᠮᠦ᠍ ᠵᠢᠨ ᠬᠠᠳᠤᠯᠠᠩ ᠭᠠᠷᠭᠠᠬᠤ ᠵᠢᠨ ᠬᠠᠮᠳᠤ ᠥᠪᠴᠢ ᠪᠢᠲᠡᠭᠦᠮᠵᠢᠯᠡᠭᠰᠡᠨ ᠭᠡᠷᠡᠯ ᠬᠠᠯᠬᠠᠯᠠᠬᠤ ᠬᠡᠯᠪᠡᠷᠢ ᠵᠢᠨ ᠡᠪᠡᠰᠦ ᠨᠦᠭᠡᠴᠡᠯᠡᠭᠦ ᠰᠠᠷᠠᠪᠴᠢ ᠵᠢ ᠢᠵᠢ ᠪᠦᠷᠢᠳᠦᠭᠦᠯᠦᠨ ᠪᠠᠢᠭᠤᠯᠵᠤ᠂ 20 ᠲᠤᠨ ᠬᠠᠭᠤᠷᠠᠢ ᠬᠥᠬᠡ ᠡᠪᠡᠰᠦ ᠨᠥᠭᠡᠴᠡᠯᠡᠵᠦ ᠪᠣᠯᠬᠤ ᠪᠥᠭᠡᠳ 4 — 5 ᠵᠢᠯ ᠬᠠᠳᠠᠭᠠᠯᠠᠨ᠂ ᠭᠠᠮᠰᠢᠭᠳᠠᠭᠰᠠᠨ ᠵᠢᠯ ᠳ᠋ᠦ᠍ ᠡᠪᠡᠰᠦ ᠪᠣᠷᠳᠣᠭ᠎ᠠ ᠵᠢᠨ ᠭᠦᠢᠴᠡᠳ ᠬᠠᠩᠭᠠᠯᠭ᠎ᠠ ᠵᠢ ᠪᠠᠲᠤᠯᠠᠪᠠ᠃ ᠳᠥᠷᠪᠡ ᠳ᠋ᠦ᠍ ᠡᠵᠡᠩᠨᠡᠵᠤ ᠬᠠᠮᠢᠶᠠᠷᠬᠤ ᠵᠢ ᠴᠢᠩᠭᠠᠳᠬᠠᠨ ᠳᠤᠯᠠᠭᠠᠨ ᠰᠠᠷᠠᠪᠴᠢ᠂ ᠡᠪᠡᠰᠦ ᠨᠦᠭᠡᠴᠡᠯᠡᠭᠦ ᠰᠠᠷᠠᠪᠴᠢ᠂ ᠰᠢᠯᠵᠢᠮᠡᠯ ᠬᠡᠷᠡᠰᠭᠡ᠂ ᠲᠠᠵᠢᠬᠡᠯ ᠦᠭᠬᠦ ᠤᠩᠭᠤᠴᠠ ᠰᠠᠪᠠ ᠪᠠ ᠮᠠᠰᠢᠨ ᠮᠧᠬᠠᠨᠢᠭ ᠵᠡᠷᠭᠡ ᠰᠠᠭᠤᠷᠢ ᠲᠥᠬᠥᠭᠡᠷᠦᠮᠵᠢ ᠵᠢ ᠢᠵᠢ ᠪᠦᠷᠢᠳᠦᠭᠦᠯᠬᠦ ᠵᠢᠨ ᠬᠠᠮᠳᠤ᠂ ᠮᠠᠯᠵᠢᠯ ᠤ᠋ᠨ ᠲᠠᠯᠠᠪᠠᠢ ᠵᠢᠨ ᠵᠢᠡᠨ ᠦᠢᠯᠡᠳᠪᠦᠷᠢᠯᠡᠯ ᠪᠠ ᠠᠮᠢᠳᠤᠷᠠᠯ ᠤ᠋ᠨ ᠲᠣᠭᠣᠷᠢᠭ ᠢ᠋ ᠰᠢᠨᠵᠢᠯᠡᠬᠦ ᠤᠬᠠᠭᠠᠨᠴᠢ ᠪᠡᠷ ᠪᠠᠢᠷᠢᠰᠢᠭᠤᠯᠵᠤ᠂ ᠰᠦᠷᠦᠭ ᠤ᠋ᠨ ᠪᠦᠲᠦᠴᠡ ᠪᠠᠨ ᠵᠦᠢ ᠵᠣᠬᠢᠰᠲᠠᠢ ᠪᠠᠢᠯᠭᠠᠨ᠂ ᠡᠵᠡᠩᠨᠡᠯᠲᠡ ᠬᠠᠮᠢᠶᠠᠷᠤᠯᠲᠠ ᠵᠢ ᠵᠢᠷᠤᠮᠵᠢᠭᠤᠯᠵᠤ᠂ ᠦᠢᠯᠡᠳᠪᠦᠷᠢᠯᠡᠯ ᠤ᠋ᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠡᠢ᠃

ᠲᠢᠩ· ᠪᠠᠭᠠᠲᠤᠷ ᠪᠠᠰᠠ ᠨᠤᠲᠤᠭ ᠪᠡᠯᠴᠢᠭᠡᠷ ᠵᠢᠡᠨ ᠵᠦᠢ ᠵᠣᠬᠢᠰᠲᠠᠢ ᠪᠠᠷ ᠠᠰᠢᠭᠯᠠᠨ ᠬᠠᠮᠠᠭᠠᠯᠠᠵᠤ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠵᠢᠨ ᠬᠠᠮᠲᠤ᠂ ᠨᠤᠲᠤᠭ ᠪᠡᠯᠴᠢᠭᠡᠷ ᠵᠢᠡᠨ ᠰᠠᠢᠵᠢᠷᠠᠭᠤᠯᠬᠤ ᠵᠢ ᠴᠢᠬᠤᠯᠠᠴᠢᠯᠠᠨ 《ᠬᠠᠪᠤᠷ ᠤ᠋ᠨ ᠤᠯᠠᠷᠢᠯ ᠳ᠋ᠤ᠌ ᠰᠢᠷ᠎ᠠ ᠪᠤᠷᠭᠠᠰᠤ ᠲᠠᠷᠢᠵᠤ᠂ ᠪᠣᠷᠣᠭᠠᠨ ᠤ᠋ ᠤᠯᠠᠷᠢᠯ ᠳ᠋ᠤ᠌ ᠡᠪᠡᠰᠦᠨ ᠦᠷ᠎ᠡ ᠰᠠᠴᠤᠨ᠂ ᠨᠠᠮᠤᠷ ᠤ᠋ᠨ ᠤᠯᠠᠷᠢᠯ ᠳ᠋ᠤ᠌ ᠬᠢᠷᠠᠭᠠᠨ ᠵᠠᠰᠠᠬᠤ》 ᠠᠳᠠᠯᠢ ᠪᠤᠰᠤ ᠵᠢᠨ ᠲᠡᠵᠢᠭᠡᠯ ᠡᠪᠡᠰᠦ ᠲᠠᠷᠢᠬᠤ ᠲᠤᠷᠰᠢᠯᠭ᠎ᠠ ᠵᠢ ᠳ᠋ᠦᠩᠨᠡᠨ ᠭᠠᠷᠭᠠᠵᠦ᠂ ᠮᠠᠯᠵᠢᠯ ᠤ᠋ᠨ ᠲᠠᠯᠠᠪᠠᠢ ᠵᠢᠨ ᠵᠢᠡᠨ ᠠᠮᠢ ᠠᠬᠤᠢ ᠵᠢ ᠤᠯᠠᠮ ᠰᠠᠢᠵᠢᠷᠠᠭᠤᠯᠤᠭᠰᠠᠨ ᠵᠢᠡᠷ ᠵᠡᠭᠡᠷ᠎ᠡ ᠪᠠ ᠮᠠᠩᠭᠢᠰᠤ ᠮᠡᠲᠦ ᠵᠢᠨ ᠬᠡᠭᠡᠷ᠎ᠡ ᠵᠢᠨ ᠠᠮᠢᠲᠠᠳ ᠤᠷᠤᠩᠨᠠᠨ ᠭᠠᠯᠠᠭᠤ ᠰᠢᠪᠠᠭᠤᠳ ᠴᠤᠭᠯᠠᠷᠠᠵᠤ᠂ ᠨᠤᠲᠤᠭ ᠪᠡᠯᠴᠢᠭᠡᠷ ᠤ᠋ᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠵᠢ ᠪᠡᠶᠡᠯᠡᠭᠦᠯᠦᠭᠰᠡᠨ ᠠᠵᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面