ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-05-27 10:58:05

ᠵᠣᠬᠢᠶᠠᠭ᠍ᠴᠢ᠄ ​ ᠦᠷᠴᠠᠢᠬᠤ ᠠᠭᠤᠯᠠ ᠣᠩᠱᠢᠭ᠍ᠰᠠᠨ ᠣᠳᠠᠭ᠎ᠠ᠄ 3

ᠠᠭᠤᠷ ᠠᠮᠢᠰᠭᠤᠯ᠎ᠤᠨ ᠬᠤᠪᠢᠷᠠᠯᠲᠠ᠎ᠳᠤ ᠢᠳᠡᠪᠬᠢᠲᠡᠢ ᠵᠣᠬᠢᠴᠠᠨ᠎ᠠ ·ᠥᠪᠥᠷ ᠮᠣᠩᠭᠣᠯ᠎ᠤᠨ ᠶᠢᠰᠦᠨ ᠶᠡᠬᠡ ᠠᠵᠢᠯᠯᠠᠭᠠᠨ ④

ᠲᠠᠷᠢᠶᠠᠯᠠᠩ ᠮᠠᠯ ᠠᠵᠤ ᠠᠬᠤᠶ᠎ᠶ᠋ᠢᠨ ᠬᠦᠷᠢᠶᠡᠨ᠎ᠦ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠤᠶᠠᠨ ᠬᠠᠳᠠᠨ ᠴᠢᠨᠠᠷ᠎ᠢ ᠴᠢᠩᠭᠠᠳᠭᠠᠬᠤ ᠠᠵᠢᠯᠯᠠᠭᠠᠨ ᠪᠤᠯ ᠮᠠᠨ ᠤ᠋ ᠤᠷᠤᠨ ᠤ᠋ ᠠᠭᠤᠷ ᠠᠮᠢᠰᠬᠤᠯ ᠤ᠋ᠨ ᠬᠤᠪᠢᠷᠠᠯᠳᠠ ᠳ᠋ᠦ ᠵᠤᠬᠢᠴᠠᠬᠤ ᠶᠢᠰᠦᠨ ᠶᠡᠬᠡ ᠠᠵᠢᠯᠯᠠᠭᠠᠨ ᠤ᠋ ᠨᠢᠭᠡ ᠪᠤᠯᠤᠨ᠎ᠠ᠃《ᠲᠠᠷᠢᠶᠠᠯᠠᠩ ᠮᠠᠯ ᠠᠵᠤ ᠠᠬᠤᠢ ᠪᠣᠯ ᠠᠭᠤᠷ ᠠᠮᠢᠰᠭᠤᠯ᠎ᠤᠨ ᠬᠤᠪᠢᠷᠠᠯᠲᠠ᠎ᠳᠤ ᠬᠠᠮᠤᠭ ᠡᠴᠡ ᠱᠢᠭᠤᠳ ᠨᠥᠯᠥᠭᠡᠯᠡᠭ᠌ᠳᠡᠳᠡᠭ᠂ ᠱᠢᠰᠲ᠋ᠧᠮ᠎ᠲᠡᠶ ᠲᠥᠯᠥᠪᠵᠢᠭᠦᠯᠬᠦ᠌ ᠲᠠᠯ᠎ᠠ᠎ᠪᠠᠷ ᠪᠢᠳᠡ ᠲᠠᠷᠢᠶᠠᠯᠠᠩ ᠮᠠᠯ ᠠᠵᠤ ᠠᠬᠤᠶ᠎ᠶ᠋ᠢᠨ ᠠᠭᠤᠷ ᠠᠮᠢᠰᠭᠤᠯ᠎ᠤᠨ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠌᠎ᠶ᠋ᠢ ᠠᠬᠢᠭᠤᠯᠤᠨ᠂ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠲᠠᠯ᠎ᠠ᠎ᠪᠠᠷ ᠪᠢᠳᠡ ᠲᠠᠷᠢᠶᠠᠯᠠᠩ ᠮᠠᠯ ᠠᠵᠤ ᠠᠬᠤᠶ᠎ᠶ᠋ᠢᠨ ᠬᠤᠪᠢᠷᠠᠯᠲᠠ᠎ᠶ᠋ᠢ ᠠᠷᠭᠠᠴᠠᠭᠠᠨ ᠭᠠᠮᠱᠢᠭ᠎ᠢ ᠪᠠᠭᠠᠰᠭᠠᠬᠤ ᠠᠵᠢᠯ᠎ᠤᠨ ᠱᠢᠰᠲ᠋ᠧᠮ᠎ᠤᠨ ᠪᠠᠢᠭᠤᠯᠤᠯᠳᠠ ᠎ᠵᠢ ᠴᠢᠩᠭᠠᠳᠭᠠᠵᠤ᠂ ᠠᠭᠤᠷ ᠠᠮᠢᠰᠭᠤᠯ᠎ᠤᠨ ᠤᠶᠠᠨ ᠬᠠᠳᠠᠨ ᠴᠢᠨᠠᠷ᠎ᠢ ᠴᠢᠩᠭᠠᠳᠭᠠᠬᠤ ᠲᠠᠯ᠎ᠠ᠎ᠪᠠᠷ ᠪᠢᠳᠡ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌ ᠪᠠ ᠳᠡᠯᠭᠡᠷᠡᠭᠦᠯᠬᠦ᠌᠎ᠳᠦ ᠡᠷᠴᠢᠮᠳᠠᠢ ᠵᠣᠬᠢᠴᠠᠨ ᠂ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠲᠠᠯ᠎ᠠ᠎ᠪᠠᠷ ᠪᠢᠳᠡ ᠠᠮᠤ ᠪᠤᠳᠠᠭᠠᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠨᠡᠩ ᠲᠤᠪᠤᠢ᠌ᠯᠭᠠᠪᠠ 》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠳᠡᠳ᠋ ᠳᠠᠷᠤᠭ᠎ᠠ ᠸᠧᠢ ᠾᠧ ᠵᠠᠩ 《 ᠮᠠᠯ ᠠᠵᠤ ᠠᠬᠤᠢ ᠲᠠᠷᠢᠶᠠᠯᠠᠩ᠎ᠤᠨ ᠬᠦᠷᠢᠶᠡᠨ᠎ᠦ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠤᠶᠠᠨ ᠬᠠᠳᠠᠨ ᠴᠢᠨᠠᠷ᠎ᠢ ᠴᠢᠩᠭᠠᠳᠭᠠᠬᠤ ᠠᠵᠢᠯᠯᠠᠭᠠᠨ 》ᠤ᠋ ᠲᠤᠬᠠᠢ ᠲᠠᠨᠢᠯᠴᠠᠭᠤᠯᠵᠤ ᠭᠠᠷᠤᠯ᠎ᠠ᠃

ᠮᠠᠨ ᠤ᠋ ᠤᠷᠤᠨ ᠲᠠᠷᠢᠶᠠᠯᠠᠩ ᠮᠠᠯ ᠠᠵᠤ ᠠᠬᠤᠶ᠎ᠶ᠋ᠢᠨ ᠠᠭᠤᠷ ᠠᠮᠢᠰᠭᠤᠯ᠎ᠤᠨ ᠡᠬᠢ ᠪᠠᠶᠠᠯᠢᠭ᠎ᠢ ᠠᠱᠢᠭ᠍ᠯᠠᠬᠤ ᠪᠠᠢᠷᠢᠱᠢᠯ᠎ᠢ ᠱᠢᠯᠢᠳᠡᠭ᠌ᠵᠢᠭᠦᠯᠵᠤ᠂ ᠲᠠᠷᠢᠶᠠᠯᠠᠩ᠎ᠤᠨ ᠠᠭᠤᠷ ᠠᠮᠢᠰᠭᠤᠯ᠎ᠤᠨ ᠡᠬᠢ ᠪᠠᠶᠠᠯᠢᠭ᠎ᠤᠨ ᠬᠥᠳᠡᠯᠦᠩᠭᠦᠢ ᠦᠨᠡᠯᠡᠨ ᠵᠢᠱ᠌ᠢᠯᠲᠡ ᠪᠠ ᠨᠠᠷᠢᠯᠢᠭ ᠣᠷᠣᠨ᠎ᠤ ᠬᠤᠪᠢᠶᠠᠷᠢᠯᠠᠯ᠎ᠢ ᠥᠷᠨᠢᠭᠦᠯᠵᠦ᠍ ᠂ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠂ ᠲᠠᠷᠬᠠᠯᠲᠠ᠎ᠶ᠋ᠢᠨ ᠣᠨᠴᠠᠯᠢᠭ ᠪᠠ ᠬᠥᠳᠡᠯᠦᠩᠭᠦᠢ ᠵᠢᠮ᠎ᠡ ᠶᠣᠰᠣ᠎ᠶ᠋ᠢ ᠡᠵᠡᠮᠱᠢᠵᠦ᠍ ᠂ ᠣᠷᠣᠨ ᠪᠦᠰᠡ᠎ᠶ᠋ᠢᠨ ᠲᠠᠷᠢᠶᠠᠯᠠᠩ᠎ᠤᠨ ᠠᠭᠤᠷ ᠠᠮᠢᠰᠭᠤᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠳᠤᠷᠠᠳᠴᠠᠢ᠃ ᠪᠣᠷᠣᠲᠣᠬᠣᠢ᠎ᠶ᠋ᠢᠨ ᠲᠠᠯ᠎ᠠ ᠭᠠᠵᠠᠷ ᠂ ᠲᠦᠮᠡᠳ᠎ᠦᠨ ᠲᠠᠯ᠎ᠠ ᠭᠠᠵᠠᠷ ᠪᠣᠯᠤᠨ ᠪᠠᠷᠠᠭᠤᠨ ᠯᠢᠶᠣᠤᠾᠧ ᠭᠣᠣᠯ᠎ᠤᠨ ᠲᠠᠯ᠎ᠠ ᠭᠠᠵᠠᠷ ᠵᠡᠷᠭᠡ ᠪᠠᠢᠭᠠᠯᠢ᠎ᠶ᠋ᠢᠨ ᠤᠰᠤᠯᠠᠯᠲᠠ᠎ᠶ᠋ᠢᠨ ᠡᠬᠢ ᠪᠠᠶᠠᠯᠢᠭ᠎ᠲᠠᠶ ᠭᠠᠵᠠᠷ ᠣᠷᠣᠨ᠎ᠳᠤ ᠳᠤᠰᠤᠯᠭᠠᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ᠎ᠢ ᠳᠡᠯᠭᠡᠷᠡᠭᠦᠯᠵᠦ᠍ ᠂ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠳᠡᠯᠭᠡᠷᠡᠭᠦᠯᠬᠦ᠌ ᠡᠷᠴᠢᠮ᠎ᠢ ᠨᠡᠮᠡᠭ᠌ᠳᠡᠭᠦᠯᠦᠨ᠎ᠠ᠃ ᠲᠠᠷᠢᠶᠠᠯᠠᠩ ᠮᠠᠯ ᠠᠵᠤ ᠠᠬᠤᠶ ᠰᠣᠯᠪᠢᠴᠠᠭ᠍ᠰᠠᠨ ᠣᠷᠣᠨ᠎ᠳᠤ ᠡᠭᠡᠯᠵᠢᠯᠡᠨ ᠳᠠᠷᠢᠬᠤ ᠪᠠ ᠤᠰᠤ ᠠᠷᠪᠢᠯᠠᠬᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌᠎ᠶ᠋ᠢ ᠦᠷᠭᠦᠯᠵᠢᠯᠡᠨ ᠬᠡᠷᠡᠭ᠌ᠵᠢᠭᠦᠯᠵᠦ᠍ ᠂ ᠪᠣᠷᠣᠭᠠᠨ᠎ᠤ ᠤᠰᠤ ᠵᠢ ᠴᠤᠭᠯᠠᠭᠤᠯᠤᠨ ᠤᠰᠤᠯᠠᠬᠤ ᠲᠠᠷᠢᠶᠠᠯᠠᠩ᠎ᠢ ᠡᠮᠬᠢ ᠵᠢᠷᠤᠮ᠎ᠲᠠᠶ᠎ᠪᠠᠷ ᠬᠥᠭ᠌ᠵᠢᠭᠦᠯᠦᠨ᠎ᠠ᠃ ᠭᠠᠩᠳᠠᠮᠠᠯ ᠣᠷᠣᠨ᠎ᠳᠤ ᠤᠰᠤ ᠠᠷᠪᠢᠯᠠᠬᠤ ᠭᠠᠩ᠎ᠳᠤ ᠲᠡᠰᠪᠦᠷᠢᠲᠡᠶ ᠲᠠᠷᠢᠮᠠᠯ᠎ᠤᠨ ᠲᠠᠯᠠᠪᠠᠶ᠎ᠶ᠋ᠢ ᠥᠷᠭᠡᠳᠭᠡᠵᠦ᠍ ᠂ ᠣᠯᠠᠨ ᠵᠦᠶ᠋ᠯ᠎ᠦᠨ ᠬᠡᠯᠪᠡᠷᠢ ᠮᠠᠶᠢᠭ ᠪᠦᠬᠦᠢ ᠬᠠᠭᠤᠷᠠᠶ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠦᠨ᠎ᠠ᠃ ᠬᠥᠮᠦᠨ᠎ᠦ ᠬᠦᠴᠦ᠍᠎ᠪᠡᠷ ᠴᠠᠭ ᠠᠭᠤᠷ᠎ᠢ ᠨᠥᠯᠥᠭᠡᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍ ᠂ ᠠᠭᠠᠷ᠎ᠲᠠᠬᠢ ᠡᠭᠦᠯᠡ ᠤᠰᠤᠨ᠎ᠤ ᠡᠬᠢ ᠪᠠᠶᠠᠯᠢᠭ᠎ᠤᠨ ᠬᠥᠳᠡᠯᠦᠩᠭᠦᠶ ᠬᠢᠨᠠᠨ ᠬᠡᠮᠵᠢᠬᠦ᠌ ᠲᠤᠤᠷ᠎ᠢ ᠪᠥᠲᠥᠭᠡᠨ ᠪᠠᠢᠭᠤᠯᠵᠤ ᠂ ᠠᠭᠠᠷ᠎ᠲᠠᠬᠢ ᠡᠭᠦᠯᠡ ᠤᠰᠤᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠨᠡᠭᠡᠭᠡᠨ ᠠᠱᠢᠭ᠍ᠯᠠᠨ᠎ᠠ᠃

ᠲᠠᠷᠢᠶᠠᠯᠠᠩ ᠮᠠᠯ ᠠᠵᠤ ᠠᠬᠤᠶ᠎ᠶ᠋ᠢᠨ ᠭᠠᠮᠱᠢᠭ᠎ᠢ ᠠᠷᠭᠠᠴᠠᠭᠠᠬᠤ ᠠᠵᠢᠯ᠎ᠤᠨ ᠱᠢᠰᠲ᠋ᠧᠮ ᠢ᠋ ᠴᠢᠩᠭᠠᠷᠠᠭᠤᠯᠤᠨ᠎ᠠ᠃ ᠭᠠᠮᠱᠢᠭ᠎ᠢ ᠰᠡᠷᠭᠡᠢᠯᠡᠬᠦ᠌ ᠱᠢᠰᠲᠧᠮ ᠤ᠋ᠨ ᠪᠠᠢᠭᠤᠯᠤᠯᠲᠠ᠎ᠶ᠋ᠢ ᠴᠢᠩᠭᠠᠳᠭᠠᠨ ᠂ ᠲᠠᠷᠢᠶᠠᠯᠠᠩ ᠮᠠᠯ ᠠᠵᠤ ᠠᠬᠤᠶ᠎ᠶ᠋ᠢᠨ ᠭᠠᠩ ᠭᠠᠮᠱᠢᠭ ᠂ ᠦᠶᠡᠷ᠎ᠦᠨ ᠭᠠᠮᠱᠢᠭ ᠂ ᠴᠠᠰᠤ ᠵᠤᠳ ᠤ᠋ᠨ ᠭᠠᠮᠱᠢᠭ ᠂ ᠡᠪᠡᠳᠴᠢᠨ ᠬᠣᠷᠣᠬᠠᠶ᠎ᠶ᠋ᠢᠨ ᠭᠠᠮᠱᠢᠭ ᠵᠡᠷᠭᠡ ᠭᠠᠮᠱᠢᠭ᠎ᠢ ᠡᠰᠡᠷᠭᠦᠴᠡᠬᠦ᠌ ᠶᠡᠷᠦᠩᠬᠡᠢᠯᠡᠭ᠌ᠰᠡᠨ ᠰᠡᠷᠭᠡᠢᠯᠡᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠨᠥᠭᠡᠴᠡ᠎ᠶ᠋ᠢᠨ ᠱᠢᠰᠲ᠋ᠧᠮ ᠢ᠋ ᠲᠡᠭᠦᠯᠳᠡᠷᠵᠢᠭᠦᠯᠦᠨ ᠂ ᠭᠠᠮᠱᠢᠭ᠎ᠠᠴᠠ ᠠᠪᠤᠷᠠᠬᠤ ᠡᠳ᠋ ᠪᠠᠷᠠᠭ᠎ᠠ ᠂ ᠲᠡᠵᠢᠭᠡᠯ ᠡᠪᠡᠰᠦ ᠪᠣᠷᠳᠣᠭ᠎ᠠ ᠵᠡᠷᠭᠡ᠎ᠶ᠋ᠢ ᠨᠥᠭᠡᠴᠡᠯᠡᠬᠦ᠌ ᠬᠥᠮᠥᠷᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠪᠠᠨ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠡ᠃ ᠮᠠᠯ ᠠᠵᠤ ᠠᠬᠤᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ ᠂ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠤ ᠮᠠᠯ᠎ᠤᠨ ᠤᠰᠤ ᠤᠮᠳᠠ᠎ᠶ᠋ᠢᠨ ᠬᠡᠷᠡᠭ᠌ᠴᠡᠭᠡ᠎ᠶ᠋ᠢ ᠱᠢᠢᠳᠪᠦᠷᠢᠯᠡᠵᠦ᠍ ᠂ ᠬᠠᠷ᠎ᠠ ᠭᠠᠮᠱᠢᠭ᠎ᠢ ᠪᠦᠲᠦᠮᠵᠢᠲᠡᠢ ᠬᠣᠷᠢᠭ᠍ᠯᠠᠨ᠎ᠠ᠃ ᠳᠤᠮᠳᠠ ᠪᠠ ᠵᠡᠭᠦᠨ ᠬᠡᠰᠡᠭ᠎ᠦᠨ ᠭᠠᠵᠠᠷ ᠣᠷᠣᠨ᠎ᠳᠤ ᠲᠠᠷᠢᠮᠠᠯ ᠪᠡᠯᠴᠢᠭᠡᠷ᠎ᠦᠨ ᠲᠠᠯᠠᠪᠠᠶ᠎ᠶ᠋ᠢ ᠵᠣᠬᠢᠰᠲᠠᠶ ᠥᠷᠭᠡᠳᠭᠡᠵᠦ᠍ ᠂ ᠫᠧᠩ ᠬᠣᠷᠣᠭ᠎ᠠ᠎ᠶ᠋ᠢ ᠥᠭᠡᠷᠡᠴᠢᠯᠡᠨ ᠪᠠᠢᠭᠤᠯᠬᠤ᠎ᠪᠠᠷ ᠳᠠᠮᠵᠢᠭᠤᠯᠤᠨ ᠳᠤᠯᠠᠭᠠᠨ᠎ᠢ ᠬᠠᠮᠠᠭᠠᠯᠠᠬᠤ ᠴᠢᠨᠠᠷ ᠴᠢᠳᠠᠯ᠎ᠢ ᠨᠢ ᠳᠡᠭᠡᠭ᠌ᠰᠢᠯᠡᠭᠦᠯᠵᠦ᠍ ᠴᠠᠭᠠᠨ ᠵᠤᠳ ᠤ᠋ᠨ ᠭᠠᠮᠱᠢᠭ᠎ᠢ ᠡᠰᠡᠷᠭᠦᠴᠡᠨ᠎ᠠ᠃ ᠲᠡᠵᠢᠭᠡᠯ ᠡᠪᠡᠰᠦ ᠪᠣᠷᠳᠣᠭ᠎ᠠ ᠪᠣᠯᠪᠠᠰᠤᠷᠠᠭᠤᠯᠬᠤ ᠂ ᠬᠠᠳᠠᠭᠠᠯᠠᠬᠤ ᠂ ᠲᠡᠭᠡᠭᠡᠪᠦᠷᠢᠯᠡᠬᠦ᠌ ᠵᠡᠷᠭᠡ ᠭᠤᠬᠴᠤᠭ᠎ᠠ ᠵᠢ ᠲᠡᠳᠬᠦᠬᠦ᠌ ᠡᠷᠴᠢᠮ᠎ᠢᠶᠡᠨ ᠴᠢᠡᠭᠭᠠᠷᠠᠭᠤᠯᠵᠤ ᠂ ᠬᠣᠱᠢᠭᠤ ᠱᠢᠶᠠᠨ᠎ᠤ ᠱᠠᠲᠤᠨ᠎ᠤ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠲᠡᠵᠢᠭᠡᠯ ᠡᠪᠡᠰᠦ ᠪᠣᠷᠳᠣᠭ᠎ᠠ ᠱᠢᠯᠵᠢᠭᠦᠯᠦᠨ ᠲᠡᠭᠡᠭᠡᠪᠦᠷᠢᠯᠡᠬᠦ᠌ ᠨᠥᠭᠡᠴᠡᠯᠡᠬᠦ᠌ ᠳᠦᠷᠢᠮ᠎ᠦᠨ ᠪᠠᠢᠭᠤᠯᠤᠯᠲᠠ᠎ᠶ᠋ᠢ ᠠᠬᠢᠭᠤᠯᠤᠨ᠎ᠠ᠃ ᠡᠰᠢ ᠰᠦᠷᠡᠯ᠎ᠢ ᠪᠤᠷᠳᠤᠭᠠᠴᠢᠯᠠᠨ ᠠᠱᠢᠭ᠍ᠯᠠᠬᠤ᠎ᠶ᠋ᠢ ᠠᠬᠢᠭᠤᠯᠵᠤ ᠂ ᠡᠪᠡᠰᠦ ᠪᠣᠷᠳᠣᠭ᠎ᠠ ᠬᠠᠩᠭᠠᠬᠤ ᠱᠢᠰᠲ᠋ᠧᠮ ᠢ᠋ ᠪᠦᠷᠢᠨᠱᠢᠭᠦᠯᠦᠨ᠎ᠡ᠃

ᠲᠠᠷᠢᠶᠠᠯᠠᠩ ᠮᠠᠯ ᠠᠵᠤ ᠠᠬᠤᠶ᠎ᠶ᠋ᠢᠨ ᠠᠮᠢ ᠠᠬᠤᠶ᠎ᠶ᠋ᠢᠨ ᠱᠢᠰᠲ᠋ᠧᠮ᠎ᠦᠨ ᠠᠭᠤᠷ ᠠᠮᠢᠰᠭᠤᠯ᠎ᠤᠨ ᠤᠶᠠᠨ ᠬᠠᠲᠠᠨ ᠴᠢᠨᠠᠷ᠎ᠢ ᠴᠢᠩᠭᠠᠳᠭᠠᠨ᠎ᠠ᠃ ᠲᠠᠷᠢᠶᠠᠨ ᠭᠠᠵᠠᠷ ᠪᠠ ᠦᠨᠳᠦᠰᠦᠨ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠲᠠᠷᠢᠶᠠᠨ ᠭᠠᠵᠠᠷ ᠪᠠ ᠨᠤᠲᠤᠭ ᠪᠡᠯᠴᠢᠭᠡᠷ᠎ᠦᠨ ᠬᠡᠷᠡᠭ᠌ᠯᠡᠯᠲᠡ᠎ᠶ᠋ᠢ ᠵᠠᠬᠢᠷᠤᠨ ᠬᠠᠮᠢᠶᠠᠷᠬᠤ᠎ᠶ᠋ᠢ ᠴᠢᠩᠭᠠᠳᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠤᠰᠤ ᠠᠷᠪᠢᠯᠠᠬᠤ ᠤᠰᠤᠯᠠᠯᠲᠠ᠎ᠶ᠋ᠢᠨ ᠲᠠᠰ ᠳᠡᠪᠱᠢᠭᠦᠯᠦᠨ ᠥᠭᠡᠷᠡᠴᠢᠯᠡᠬᠦ᠌᠎ᠶ᠋ᠢ ᠠᠬᠢᠭᠤᠯᠤᠨ᠎ᠠ᠃ ᠦᠷ᠎ᠡ᠎ᠶ᠋ᠢᠨ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠤ᠂ ᠡᠪᠡᠳᠴᠢᠨ ᠬᠣᠷᠣᠬᠠᠶ᠎ᠶ᠋ᠢ ᠡᠰᠡᠷᠭᠦᠴᠡᠬᠦ᠌ ᠂ ᠭᠠᠩ᠎ᠢ ᠡᠰᠡᠷᠭᠦᠴᠡᠬᠦ᠌ ᠪᠠ ᠳᠤᠤᠷ᠎ᠠ ᠳᠤᠯᠠᠭᠠᠨ᠎ᠳᠤ ᠳᠠᠭᠠᠭᠠᠮᠠᠭᠠᠶ ᠴᠢᠨᠠᠷ ᠰᠠᠢᠲᠠᠶ ᠲᠠᠷᠢᠮᠠᠯ ᠪᠣᠯᠤᠨ ᠲᠡᠵᠢᠭᠡᠯ ᠡᠪᠡᠰᠦᠨ᠎ᠦ ᠡᠭᠦᠯᠳᠡᠷ᠎ᠢ ᠰᠣᠩᠭᠣᠨ ᠪᠣᠢᠵᠢᠭᠤᠯᠬᠤ ᠪᠠ ᠳᠡᠯᠭᠡᠷᠡᠭᠦᠯᠬᠦ᠌᠎ᠶ᠋ᠢ ᠠᠬᠢᠭᠤᠯᠤᠨ᠎ᠠ᠃ ᠭᠠᠳᠠᠨ᠎ᠠ᠎ᠠᠴᠠ ᠣᠷᠣᠵᠤ ᠢᠷᠡᠭ᠌ᠰᠡᠨ ᠠᠮᠢᠳᠤ ᠪᠣᠳᠠᠰ᠎ᠢ ᠰᠡᠷᠭᠡᠢᠯᠡᠨ ᠡᠵᠡᠮᠳᠡᠬᠦ᠌᠎ᠶ᠋ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠨ᠎ᠠ᠃ ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠥᠷᠥᠰᠥ᠍ ᠱᠢᠷᠣᠢ᠎ᠶ᠋ᠢᠨ ᠣᠷᠭᠠᠨᠢᠭ ᠴᠢᠨᠠᠷ᠎ᠢ ᠨᠡᠮᠡᠭ᠌ᠳᠡᠭᠦᠯᠵᠦ᠍᠂ ᠬᠥᠷᠥᠰᠥ᠍ ᠱᠢᠷᠣᠢ᠎ᠶ᠋ᠢᠨ ᠥᠩ ᠱᠢᠮ᠎ᠡ᠎ᠶ᠋ᠢ ᠰᠠᠢᠵᠢᠷᠠᠭᠤᠯᠤᠨ᠎ᠠ᠃

ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠠᠮᠤ ᠪᠤᠳᠠᠭᠠᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠭᠠᠵᠠᠷ ᠱᠢᠷᠣᠢ᠎ᠶ᠋ᠢᠨ ᠬᠡᠷᠡᠭ᠌ᠯᠡᠯᠲᠡ᠎ᠶ᠋ᠢ ᠴᠢᠩᠭ᠎ᠠ ᠬᠠᠮᠢᠶᠠᠷᠤᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠲᠠᠷᠢᠶᠠᠯᠠᠩ᠎ᠤᠨ ᠪᠤᠰᠤ ᠪᠦᠲᠦᠭᠡᠨ ᠪᠠᠢᠭᠤᠯᠤᠯᠲᠠ᠎ᠳᠤ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠬᠦ᠌᠎ᠶ᠋ᠢ ᠴᠢᠩᠭ᠎ᠠ ᠬᠢᠵᠠᠭᠠᠷᠯᠠᠨ᠎ᠠ᠃ ᠵᠡᠭᠦᠨ ᠬᠣᠢᠲᠤ ᠣᠷᠣᠨ᠎ᠤ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ ᠪᠠ ᠬᠠᠮᠠᠭᠠᠯᠠᠯᠲᠠ᠎ᠶ᠋ᠢᠨ ᠴᠢᠨᠠᠷᠲᠠᠢ ᠲᠠᠷᠢᠶᠠᠯᠠᠬᠤ ᠲᠠᠯᠠᠪᠠᠢ᠎ᠶ᠋ᠢ ᠥᠷᠭᠡᠳᠭᠡᠵᠦ᠍᠂ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠤᠨ᠂ ᠬᠠᠮᠠᠭᠠᠯᠠᠯᠲᠠ᠎ᠶ᠋ᠢᠨ ᠴᠢᠨᠠᠷᠲᠠᠢ ᠲᠠᠷᠢᠶᠠᠯᠠᠬᠤ ᠠᠷᠭ᠎ᠠ ᠬᠡᠮᠵᠢᠶ᠎ᠡ᠎ᠶ᠋ᠢ ᠳᠡᠯᠭᠡᠷᠡᠭᠦᠯᠵᠦ᠍᠂ ᠲᠠᠷᠢᠶᠠᠨ ᠭᠠᠵᠠᠷ᠎ᠤᠨ ᠶᠠᠰᠤ ᠴᠢᠨᠠᠷ ᠪᠠ ᠠᠮᠤ ᠪᠤᠳᠠᠭᠠᠨ᠎ᠤ ᠦᠢᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠲᠠᠷᠢᠶᠠᠯᠠᠩ᠎ᠤᠨ ᠴᠠᠭ ᠠᠭᠤᠷ᠎ᠤᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍ ᠂ ᠲᠠᠷᠢᠶᠠᠯᠠᠩ᠎ᠤᠨ ᠳᠠᠭᠠᠳᠭᠠᠯ᠎ᠤᠨ ᠵᠠᠬ᠎ᠠ ᠳᠡᠯᠭᠡᠭᠦᠷ ᠪᠠ ᠲᠠᠷᠢᠶᠠᠯᠠᠩ᠎ᠤᠨ ᠳᠠᠭᠠᠳᠭᠠᠯ᠎ᠤᠨ ᠲᠦᠷᠢᠮ᠎ᠢ ᠲᠡᠭᠦᠯᠳᠡᠷᠵᠢᠭᠦᠯᠵᠦ᠍ ᠂ ᠣᠷᠣᠨ ᠨᠤᠲᠤᠭ᠎ᠤᠨ ᠬᠢᠨ ᠤ᠋ ᠴᠠᠭ ᠠᠭᠤᠷ᠎ᠤᠨ ᠢᠯᠡᠳᠭᠡᠭ᠌ᠴᠢ᠎ᠶ᠋ᠢᠨ ᠳᠠᠭᠠᠳᠭᠠᠯ᠎ᠢ ᠲᠤᠷᠱᠢᠨ ᠬᠡᠷᠡᠭ᠌ᠵᠢᠭᠦᠯᠬᠦ᠌ ᠰᠦᠪᠡᠭᠴᠢᠯᠡᠯᠳᠡ ᠵᠢ ᠵᠣᠷᠢᠭ᠍ᠵᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面