ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-05-31 17:46:28

ᠵᠣᠬᠢᠶᠠᠭ᠍ᠴᠢ᠄ ​ ᠭᠤᠸ᠎ᠠ ᠣᠩᠱᠢᠭ᠍ᠰᠠᠨ ᠣᠳᠠᠭ᠎ᠠ᠄ 3

ᠪᠡᠯᠴᠢᠭᠡᠷ ᠤ᠋ᠨ ᠮᠠᠯ ᠠᠵᠤ ᠠᠬᠤᠶ ᠵᠢᠨ ᠬᠥᠭ᠌ᠵᠢᠯᠲᠡ ᠵᠢᠨ 10 ᠰᠢᠨ᠎ᠡ ᠵᠠᠭ᠍ᠪᠤᠷ ⑥

ᠣᠶᠤᠨᠴᠢ ᠮᠠᠯᠵᠢᠯ ᠤ᠋ᠨ ᠲᠠᠯᠠᠪᠠᠢ ᠵᠢᠨ ᠵᠠᠭᠪᠤᠷ ᠬᠡᠳᠡᠭ ᠨᠢ ᠪᠤᠳᠠᠰ ᠤ᠋ᠨ ᠰᠦᠯᠵᠢᠶ᠎ᠡ ᠂ ᠲᠣᠮᠣ ᠳ᠋ᠠᠢᠲ᠋ᠠ ᠵᠢᠨ ᠮᠡᠷᠭᠡᠵᠢᠯ ᠤ᠋ᠨ ᠣᠶᠤᠨᠴᠢ ᠪᠦᠷᠢᠳᠭᠡᠨ ᠵᠠᠳᠠᠯᠬᠤ ᠵᠥᠭᠡᠯᠡᠨ ᠲᠣᠨᠣᠭ ᠤ᠋ᠨ ᠦᠵᠦᠭᠦᠷᠯᠢᠭ ᠲᠤ᠌ ᠰᠠᠭᠤᠷᠢᠯᠠᠨ ᠂ ᠲᠡᠵᠢᠭᠡᠵᠤ ᠠᠷᠠᠴᠢᠯᠠᠬᠤ ᠂ ᠬᠡᠮ ᠬᠢᠵᠢᠭ ᠢ᠋ ᠰᠡᠷᠭᠡᠢᠯᠡᠬᠦ᠌ ᠂ ᠢᠯᠭᠠᠳᠠᠰᠤ ᠵᠢᠨ ᠪᠣᠬᠢᠷᠲᠤᠯ ᠢ᠋ ᠱᠢᠶ᠋ᠳᠪᠦᠷᠢᠯᠡᠬᠦ᠌ ᠵᠡᠷᠭᠡ ᠵᠠᠩᠭᠢᠯᠠᠭ᠎ᠠ ᠵᠢᠨ ᠭᠣᠭ᠍ᠴᠣᠭ᠎ᠠ ᠵᠢᠨ ᠲᠤᠨᠤᠭ ᠲᠥᠬᠥᠭᠡᠷᠦᠮᠵᠢ ᠶ᠋ᠢ ᠲᠠᠰ ᠳᠡᠪᠱᠢᠭᠦᠯᠦᠨ ᠥᠭᠡᠷᠡᠴᠢᠯᠡᠵᠤ᠂ ᠲᠡᠵᠢᠭᠡᠨ ᠦᠷᠡᠵᠢᠭᠦᠯᠬᠦ᠌ ᠬᠠᠮᠢᠶᠠᠷᠤᠯᠲᠠ ᠵᠢᠨ ᠲᠤᠭᠠᠴᠢᠯᠠᠯᠳᠠ ᠪᠠ ᠤᠶᠤᠨᠴᠢᠯᠠᠯᠳᠠ ᠵᠢ ᠪᠡᠶᠡᠯᠡᠭᠦᠯᠬᠦ ᠵᠢ ᠬᠡᠯᠡᠵᠤ ᠪᠠᠢᠨ᠎ᠠ᠃

《ᠲᠤᠰ ᠵᠠᠭᠪᠤᠷ ᠪᠤᠯ ᠪᠡᠯᠴᠢᠬᠡᠷ ᠤ᠋ᠨ ᠮᠠᠯ ᠠᠵᠤ ᠠᠬᠤᠢ ᠵᠢᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦᠯᠬᠦ ᠵᠢ ᠠᠬᠢᠭᠤᠯᠵᠤ᠂ ᠮᠠᠯ ᠠᠵᠤ ᠠᠬᠤᠢ ᠵᠢᠨ ᠤᠳᠤᠬᠢᠴᠢᠯᠠᠯᠳᠠ ᠵᠢᠨ ᠠᠬᠢᠴᠠ ᠵᠢ ᠲᠦᠷᠬᠡᠳᠬᠡᠨ ᠦᠷ᠎ᠠ ᠠᠰᠢᠭ ᠢ᠋ ᠲᠠᠬᠡᠭᠰᠢᠯᠡᠬᠦᠯᠬᠦ ᠠᠰᠢᠳᠠᠢ ᠠᠷᠭ᠎ᠠ ᠵᠠᠮ ᠪᠤᠯᠬᠤ ᠶᠤᠮ》 ᠬᠡᠵᠤ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠯ ᠠᠵᠤ ᠠᠬᠤᠢ ᠵᠢᠨ ᠳᠤᠪᠴᠢᠶ᠎ᠠ ᠵᠢᠨ ᠳᠡᠳ᠋ ᠳᠠᠷᠤᠭ᠎ᠠ ᠳᠦ ᠵᠧ ᠳᠠᠨᠢᠯᠴᠠᠭᠤᠯᠤᠯ᠎ᠠ ᠃

ᠣᠲᠣᠭ ᠬᠤᠰᠢᠭᠤᠨ ᠤ᠋ ᠮᠦ᠍ ᠶᠦᠨ ᠮᠠᠯ ᠠᠵᠤ ᠠᠬᠤᠢ ᠲᠠᠷᠢᠶᠠᠯᠠᠩ ᠤ᠋ᠨ ᠳᠤᠰᠬᠠᠢ ᠬᠤᠷᠰᠢᠶ᠎ᠠ ᠨᠢ ᠣᠯᠠᠨ ᠵᠦᠢᠯ ᠤ᠋ᠨ ᠠᠰᠢᠭ ᠲᠤᠰᠠ ᠵᠢᠨ ᠬᠤᠯᠪᠤᠭᠠᠨ ᠤ᠋ ᠵᠠᠭᠪᠤᠷ ᠵᠢᠠᠷ ᠡᠬᠢ ᠪᠠᠶᠠᠯᠢᠭ ᠢ᠋ ᠨᠡᠢᠳᠭᠡᠵᠤ ᠂ 《ᠠᠮᠢ ᠠᠬᠤᠢ》 ᠪᠠ 《ᠤᠶᠤᠨᠴᠢ》 ᠬᠣᠶᠠᠷ ᠲᠠᠯ᠎ᠠ ᠪᠠᠷ ᠬᠦᠴᠦᠯᠡᠨ ᠣᠶᠤᠨᠴᠢ ᠮᠠᠯᠵᠢᠯ ᠤ᠋ᠨ ᠲᠠᠯᠠᠪᠠᠢ ᠵᠢ ᠪᠦᠲᠦᠭᠡᠨ ᠪᠠᠢᠭᠤᠯᠵᠤ ᠂ 《ᠨᠢᠭᠡᠳᠦᠯᠲᠡᠢ ᠲᠡᠵᠢᠭᠡᠵᠦ ᠬᠠᠮᠲᠤ ᠪᠠᠷ ᠪᠠᠶᠠᠵᠢᠬᠤ》 ᠰᠠᠢᠨ ᠰᠠᠢᠬᠠᠨ ᠪᠠᠢᠳᠠᠯ ᠢ᠋ ᠪᠣᠢ ᠪᠣᠯᠭᠠᠪᠠ᠃ ᠨᠢᠳᠤᠨᠤᠨ ᠮᠦ᠍ ᠶᠦᠨ ᠮᠠᠯ ᠠᠵᠤ ᠠᠬᠤᠢ ᠲᠠᠷᠢᠶᠠᠯᠠᠩ ᠤ᠋ᠨ ᠳᠤᠰᠬᠠᠢ ᠬᠤᠷᠰᠢᠶ᠎ᠠ ᠵᠢᠨ ᠶᠡᠷᠦᠩᠬᠡᠢ ᠣᠷᠣᠯᠭ᠎ᠠ 400 ᠲᠦᠮᠡᠨ ᠲᠥᠭᠥᠷᠢᠭ ᠢ᠋ ᠲᠠᠪᠠᠵᠤ ᠂ ᠬᠡᠰᠢᠬᠦᠨ ᠡᠷᠦᠬᠡ ᠵᠢᠨ ᠡᠷᠦᠬᠡ ᠪᠦᠷᠢ ᠵᠢᠨ ᠣᠷᠣᠯᠭ᠎ᠠ ᠲᠤᠮᠳᠠᠴᠢ ᠪᠡᠷ 10 ᠲᠦᠮᠡᠨ ᠲᠥᠭᠥᠷᠢᠭ ᠨᠡᠮᠡᠭᠳᠡᠨ᠂ ᠥᠩᠭᠡᠷᠡᠭᠰᠡᠨ ᠤ᠋ ᠲᠠᠷᠠᠬᠠᠢ ᠪᠤᠳᠠᠷᠬᠠᠢ ᠡᠵᠡᠩᠨᠡᠵᠤ ᠪᠠᠢᠭᠰᠠᠨ ᠡᠴᠡ ᠪᠠᠨ 50% ᠪᠠᠷ ᠳᠡᠭᠡᠭᠰᠢᠯᠡᠪᠡ ᠃

ᠮᠦ᠍ ᠶᠦᠨ ᠳᠤᠰᠬᠠᠢ ᠬᠤᠷᠰᠢᠶ᠎ᠠ ᠡᠩ ᠳᠡᠷᠢᠭᠦᠨ ᠳ᠋ᠦ᠍ ᠣᠯᠠᠨ ᠵᠦᠢᠯ ᠤ᠋ᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭᠯᠡᠨ ᠡᠬᠢ ᠪᠠᠶᠠᠯᠢᠭ ᠢ᠋ ᠨᠡᠢᠳᠭᠡᠪᠡ ᠃ 《ᠡᠷᠦᠬᠡ ᠬᠣᠯᠪᠣᠭᠠᠯᠠᠨ ᠡᠵᠡᠩᠨᠡᠬᠦ》 ᠂ 《 ᠬᠤᠪᠢ ᠣᠷᠣᠭᠤᠯᠤᠨ ᠡᠵᠡᠩᠨᠡᠬᠦ》 ᠂ 《ᠺᠣᠮᠫᠠᠨᠢ ᠡᠴᠡ ᠡᠵᠡᠩᠨᠡᠯᠳᠡ ᠵᠢᠨ ᠡᠷᠬᠡ ᠵᠢ ᠬᠦᠢᠯᠭᠡᠭᠡᠨ ᠡᠵᠡᠩᠨᠡᠭᠦ》ᠪᠠ 《ᠬᠠᠮᠲᠤ ᠪᠠᠷ ᠬᠣᠷᠰᠢᠨ ᠡᠵᠡᠩᠨᠡᠬᠦ》 ᠵᠡᠷᠭᠡ ᠠᠰᠢᠭ ᠲᠤᠰᠠ ᠵᠢᠨ ᠬᠣᠯᠪᠣᠭᠠᠨ ᠤ᠋ ᠵᠠᠭᠪᠤᠷ ᠵᠢᠠᠷ ᠳᠠᠮᠵᠢᠨ 5 ᠬᠡᠰᠡᠭ ᠨᠡᠢᠳᠡ 1.7 ᠲᠦᠮᠡᠨ ᠮᠦ᠍ ᠪᠡᠯᠴᠢᠬᠡᠷ ᠢ᠋ ᠨᠡᠢᠳᠭᠡᠵᠤ᠂ 500 ᠮᠦ᠍ ᠵᠢᠨ ᠲᠡᠵᠢᠭᠡᠯ ᠡᠪᠡᠰᠦ ᠪᠣᠷᠳᠣᠭ᠎ᠠ ᠵᠢᠨ ᠰᠠᠭᠤᠷᠢᠨ ᠢ᠋ ᠪᠠᠢᠭᠤᠯᠤᠨ ᠂ 3000 ᠭᠠᠷᠤᠢ ᠬᠡᠳᠦ ᠨᠠᠷᠢᠨ ᠨᠣᠤᠯᠤᠭᠤᠷᠳᠤ ᠲᠦᠯᠯᠡᠬᠦ ᠨᠠᠰᠤᠨ ᠤ᠋ ᠡᠮ᠎ᠠ ᠢᠮᠠᠭ᠎ᠠ ᠲᠡᠵᠢᠭᠡᠵᠤ ᠂ ᠪᠠᠰᠠ ᠨᠤᠲᠤᠭ ᠪᠡᠯᠴᠢᠭᠡᠷ ᠵᠢᠡᠨ ᠲᠦᠷᠢᠶᠡᠰᠦᠯᠡᠬᠦᠯᠬᠦ ᠂ ᠨᠣᠤᠯᠤᠭᠤᠷ ᠤ᠋ᠨ ᠢᠮᠠᠭ᠎ᠠ ᠪᠠᠷ ᠬᠤᠪᠢ ᠣᠷᠣᠭᠤᠯᠬᠤ ᠂ ᠬᠥᠳᠡᠯᠮᠦᠷᠢ ᠬᠦᠴᠦᠨ ᠤ᠋ ᠦᠨ᠎ᠡ ᠲᠥᠯᠥᠪᠦᠷᠢ ᠲᠡᠢ ᠦᠢᠯᠡᠴᠢᠯᠡᠭᠡ ᠬᠠᠩᠭᠠᠬᠤ ᠂ ᠠᠰᠢᠭ ᠤᠯᠵᠠᠪᠤᠷᠢ ᠵᠢ ᠬᠣᠶᠠᠳᠠᠬᠢ ᠤᠳᠠᠭ᠎ᠠ ᠬᠤᠪᠢᠶᠠᠷᠢᠯᠠᠬᠤ ᠵᠡᠷᠭᠡ 4 ᠵᠦᠢᠯ ᠤ᠋ᠨ ᠠᠷᠭ᠎ᠠ ᠬᠡᠯᠪᠡᠷᠢ ᠪᠡᠷ ᠲᠠᠮᠵᠢᠨ ᠮᠠᠯᠵᠢᠬᠤ ᠲᠠᠷᠢᠶᠠᠯᠠᠬᠤ ᠡᠷᠦᠬᠡ ᠵᠢ ᠬᠥᠲᠥᠯᠦᠨ ᠵᠢᠯᠣᠭᠣᠳᠴᠤ ᠪᠠᠢᠭᠠᠳ ᠨᠤᠲᠤᠭ ᠪᠡᠯᠴᠢᠭᠡᠷ᠂ ᠮᠠᠯ ᠤᠨᠤᠭ᠎ᠠ ᠂ ᠬᠥᠳᠡᠯᠮᠦᠷᠢ ᠬᠦᠴᠦ ᠂ ᠮᠠᠰᠢᠨ ᠲᠥᠬᠥᠭᠡᠷᠦᠮᠵᠢ ᠵᠡᠷᠭᠡ ᠦᠢᠯᠡᠳᠪᠦᠷᠢᠯᠡᠯ ᠤ᠋ᠨ ᠬᠦᠴᠦᠨ ᠵᠦᠢᠯ ᠵᠢᠡᠷ ᠬᠤᠪᠢ ᠣᠷᠣᠭᠤᠯᠤᠨ ᠰᠢᠨ᠎ᠡ ᠮᠠᠶᠢᠭ ᠤ᠋ᠨ ᠡᠵᠡᠩᠨᠡᠯᠲᠡ ᠵᠢᠨ ᠠᠷᠭ᠎ᠠ ᠬᠡᠯᠪᠡᠷᠢ ᠳ᠋ᠤ ᠣᠷᠣᠯᠴᠠᠭᠤᠯᠵᠤ ᠂ ᠡᠯ᠎ᠠ ᠲᠠᠯ᠎ᠠ ᠵᠢᠨ ᠡᠬᠢ ᠪᠠᠶᠠᠯᠢᠭ ᠢ᠋ ᠬᠠᠮᠤᠭ ᠤ᠋ᠨ ᠶᠡᠬᠡ ᠬᠡᠮᠵᠢᠶ᠎ᠠ ᠪᠡᠷ ᠠᠰᠢᠬᠯᠠᠬᠤ ᠵᠢ ᠪᠠᠶᠡᠯᠡᠬᠦᠯᠪᠡ᠃ ᠳᠠᠬᠢᠪᠠᠯ ᠲᠤᠭᠠᠴᠢᠯᠠᠯᠳᠠ ᠪᠠ ᠤᠶᠤᠨᠴᠢᠯᠠᠯᠳᠠ ᠵᠢ ᠤᠶᠠᠯᠳᠤᠭᠤᠯᠤᠨ ᠳᠤᠨᠤᠭ ᠲᠥᠬᠥᠭᠡᠷᠦᠮᠵᠢ ᠵᠢ ᠳᠡᠰ ᠳᠡᠪᠰᠢᠭᠦᠯᠪᠡ ᠃《ᠮᠠᠯ ᠠᠵᠤ ᠠᠬᠤᠢ ᠬᠡᠷᠡᠯᠴᠢ ᠴᠡᠨᠡᠭ ᠢ᠋ ᠬᠠᠷᠢᠯᠴᠠᠨ ᠨᠥᠬᠥᠪᠥᠷᠢᠯᠡᠬᠦ》ᠬᠠᠰᠢᠶ᠎ᠠ ᠰᠠᠷᠠᠪᠴᠢ ᠵᠢᠨ ᠪᠦᠳᠦᠭᠡᠨ ᠪᠠᠢᠭᠤᠯᠤᠯᠳᠠ ᠪᠠ《ᠠᠭᠠᠷ ᠤ᠋ᠨ ᠰᠤᠷᠪᠤᠯᠵᠢ ᠵᠢᠨ ᠢᠯᠴᠢ ᠵᠢᠨ ᠬᠥᠭᠡᠷᠭᠡ》ᠵᠢᠨ ᠠᠷᠢᠭᠤᠨ ᠴᠡᠪᠡᠷ ᠡᠨᠧᠷᠭᠢ ᠪᠠᠷ ᠳᠠᠮᠵᠢᠨ ᠳᠤᠯᠠᠭᠠᠯᠠᠭ᠎ᠠ ᠬᠠᠩᠭᠠᠵᠤ ᠂ ᠲᠣᠭᠠᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ ᠪᠣᠯᠤᠨ ᠲᠠᠵᠢᠬᠡᠯ ᠦᠭᠬᠦ ᠣᠳᠣᠬᠢᠴᠢᠯᠠᠭᠰᠠᠨ ᠰᠢᠰᠲ᠋ᠧᠮ ᠳ᠋ᠦ᠍ ᠲᠦᠰᠢᠭᠯᠡᠨ ᠲᠤᠭᠠᠴᠢᠯᠠᠭᠰᠠᠨ ᠨᠤᠲᠤᠭ ᠪᠡᠯᠴᠢᠭᠡᠷ ᠢ᠋ ᠪᠠᠢᠴᠠᠭᠠᠨ ᠬᠡᠮᠵᠢᠬᠦ ᠰᠢᠰᠲᠧᠮ ᠢ᠋ ᠪᠠᠢᠭᠤᠯᠵᠤ ᠂ ᠮᠠᠯ ᠤᠨᠤᠭᠠᠨ ᠤ᠋ ᠤᠳᠤᠮ ᠤ᠋ᠨ ᠳᠡᠮᠳᠡᠭᠯᠡᠯ ᠪᠣᠯᠤᠨ ᠮᠦᠷᠳᠡᠯᠳᠡ ᠵᠢᠨ ᠰᠢᠰᠲᠧᠮ ᠢ᠋ ᠪᠠᠢᠭᠤᠯᠤᠨ ᠨᠠᠷᠢᠯᠢᠭ ᠣᠨᠣᠴᠠᠲᠠᠢ ᠪᠡᠷ ᠬᠠᠮᠢᠶᠠᠷᠤᠯᠳᠠ ᠬᠢᠵᠤ ᠂ ᠪᠠᠰᠠ ᠠᠦ᠋ᠲ᠋ᠣᠴᠢᠯᠠᠨ ᠨᠠᠷᠢᠯᠢᠭ ᠬᠡᠮᠵᠢᠶᠡᠵᠢᠭᠦᠯᠦᠨ ᠲᠡᠵᠢᠭᠡᠯ ᠦᠭᠴᠦ ᠂ ᠣᠶᠤᠨᠴᠢ ᠪᠡᠷ ᠤᠰᠤᠨ ᠤ᠋ ᠬᠠᠯᠠᠭᠤᠨ ᠤ᠋ ᠬᠡᠮᠵᠢᠶ᠎ᠡ ᠵᠢ ᠳᠤᠭᠳᠠᠪᠤᠷᠢᠵᠢᠭᠤᠯᠵᠤ ᠪᠠᠢᠭᠠᠳ ᠮᠠᠯ ᠤᠨᠤᠭ᠎ᠠ ᠪᠠᠨ ᠤᠰᠤᠯᠠᠵᠤ ᠪᠠᠢᠨ᠎ᠠ᠃

ᠮᠦ᠍ ᠶᠦᠨ ᠳᠤᠰᠬᠠᠢ ᠬᠤᠷᠰᠢᠶ᠎ᠠ ᠤᠤᠯ ᠤ᠋ᠨ ᠪᠦᠳᠦᠭᠦᠯᠢᠭ ᠮᠠᠯᠵᠢᠯ ᠤ᠋ᠨ ᠵᠠᠭᠪᠤᠷ ᠵᠢᠡᠨ ᠠᠯᠬᠤᠮ ᠠᠯᠬᠤᠮ ᠵᠢᠠᠷ ᠬᠤᠪᠢᠷᠠᠭᠤᠯᠵᠤ ᠂ ᠨᠤᠲᠤᠭ ᠪᠡᠯᠴᠢᠭᠡᠷ ᠤ᠋ᠨ ᠠᠮᠢ ᠠᠬᠤᠢ ᠰᠠᠢᠵᠢᠷᠠᠭᠰᠠᠨ᠂ ᠲᠡᠵᠢᠭᠡᠨ ᠦᠷᠡᠵᠢᠭᠦᠯᠬᠦ ᠲᠠᠯ᠎ᠠ ᠪᠡᠷ ᠪᠠᠷᠢᠮᠵᠢᠶᠠᠵᠢᠵᠤ ᠰᠢᠨᠵᠢᠯᠡᠬᠦ ᠤᠬᠠᠭᠠᠨᠴᠢᠯᠠᠭᠰᠠᠨ᠂ ᠮᠡᠳᠡᠭᠡ ᠵᠠᠨᠭᠬᠢᠴᠢᠯᠠᠯᠳᠠ ᠵᠢᠨ ᠪᠠᠢᠭᠤᠯᠤᠯᠲᠠ ᠪᠡᠷ ᠪᠦᠷᠢᠨ ᠲᠡᠭᠦᠯᠳᠡᠷ ᠪᠦᠬᠦᠢ ᠪᠣᠬᠢᠷᠲᠤᠯ ᠥᠬᠡᠢ ᠂ ᠥᠨᠳᠥᠷ ᠦᠷ᠎ᠡ ᠠᠰᠢᠭᠳᠤ《ᠲᠣᠮᠣ ᠮᠠᠯᠵᠢᠯ ᠤ᠋ᠨ ᠲᠠᠯᠠᠪᠠᠢ》 ᠵᠢ ᠨᠢᠬᠡᠨᠳᠡ ᠪᠠᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面