ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-06-24 19:29:48

ᠵᠣᠬᠢᠶᠠᠭ᠍ᠴᠢ᠄ ᠦᠷᠴᠠᠢᠬᠤ ᠣᠩᠱᠢᠭ᠍ᠰᠠᠨ ᠣᠳᠠᠭ᠎ᠠ᠄ 3

ᠡᠷᠡᠭᠦᠯ ᠮᠡᠨᠳᠦ ᠵᠢᠨ ᠬᠦᠷᠢᠶᠡᠨ᠎ᠳᠡᠬᠢ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠳᠡᠭᠡᠭ᠌ᠰᠢᠯᠡᠭᠦᠯᠬᠦ᠌ ᠠᠵᠢᠯᠯᠠᠭᠠᠨ ᠪᠤᠯ ᠮᠠᠨ ᠤ᠋ ᠤᠷᠤᠨ ᠤ᠋ ᠠᠭᠤᠷ ᠠᠮᠢᠰᠭᠤᠯ᠎ᠤᠨ ᠬᠤᠪᠢᠷᠠᠯᠲᠠ᠎ᠳᠤ ᠢᠳᠡᠪᠬᠢᠲᠡᠢ ᠵᠣᠬᠢᠴᠠᠬᠤ ᠶᠢᠰᠦᠨ ᠶᠡᠬᠡ ᠠᠵᠢᠯᠯᠠᠭᠠᠨ ᠤ᠋ ᠨᠢᠭᠡ ᠪᠤᠯᠤᠨ᠎ᠠ᠃ 《ᠡᠷᠡᠭᠦᠯ ᠮᠡᠨᠳᠦ ᠵᠢᠨ ᠬᠦᠷᠢᠶᠡᠨ᠎ᠳᠦ ᠂ ᠪᠢᠳᠡ ᠠᠭᠤᠷ ᠠᠮᠢᠰᠭᠤᠯ᠎ᠤᠨ ᠬᠤᠪᠢᠷᠠᠯᠲᠠ ᠵᠢᠨ ᠡᠷᠡᠭᠦᠯ ᠮᠡᠨᠳᠦ᠍ ᠳ᠋ᠡᠬᠢ ᠠᠶᠤᠯ ᠲᠦᠭ᠌ᠰᠢᠭᠦᠷᠢ ᠪᠠ ᠵᠣᠬᠢᠴᠠᠬᠤ ᠴᠢᠳᠠᠪᠤᠷᠢ ᠵᠢ ᠦᠨᠡᠯᠡᠨ ᠵᠢᠱ᠌ᠢᠬᠦ᠌ ᠵᠢ ᠳᠡᠭᠡᠭ᠌ᠰᠢᠯᠡᠭᠦᠯᠬᠦ ᠵᠢᠨ ᠬᠠᠮᠲᠤ ᠂ ᠨᠢᠭᠡ ᠲᠠᠯ᠎ᠠ᠎ᠪᠠᠷ ᠭᠤᠤᠯᠳᠠᠯᠭ᠎ᠠ᠎ᠲᠠᠶ ᠬᠥᠮᠦᠰ ᠤ᠋ᠨ ᠠᠭᠤᠷ ᠠᠮᠢᠰᠭᠤᠯ᠎ᠤᠨ ᠰᠡᠷᠭᠡᠭ ᠴᠢᠨᠠᠷᠲᠠᠶ ᠡᠪᠡᠳᠴᠢᠨ ᠡᠮᠭᠡᠭ ᠢ᠋ ᠤᠷᠢᠳᠴᠢᠯᠠᠨ ᠰᠡᠷᠡᠮᠵᠢᠯᠡᠭᠦᠯᠬᠦ᠌ ᠪᠠ ᠰᠡᠷᠭᠡᠢᠯᠡᠨ ᠡᠵᠡᠮᠳᠡᠬᠦ᠌ ᠵᠢ ᠴᠢᠩᠭᠠᠳᠭᠠᠵᠤ ᠂ ᠨᠥᠭᠥᠭᠡ ᠲᠠᠯ᠎ᠠ᠎ᠪᠠᠷ ᠡᠮ ᠡᠮᠨᠡᠯᠭᠡ ᠡᠷᠡᠭᠦᠯ ᠬᠠᠮᠠᠭᠠᠯᠠᠯ᠎ᠤᠨ ᠱᠢᠰᠲ᠋ᠧᠮ ᠤ᠋ᠨ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠴᠢᠩᠭᠠᠳᠭᠠᠨ᠎ᠠ 》 ᠭᠡᠵᠦ 《 ᠡᠷᠡᠭᠦᠯ ᠮᠡᠨᠳᠦ ᠵᠢᠨ ᠬᠦᠷᠢᠶᠡᠨ᠎ᠳᠡᠬᠢ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠳᠡᠭᠡᠭ᠌ᠰᠢᠯᠡᠭᠦᠯᠬᠦ᠌ ᠠᠵᠢᠯᠯᠠᠭᠠᠨ》 ᠤ᠋ ᠲᠤᠬᠠᠢ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ ᠤ᠋ᠨ ᠳᠡᠳ᠋ ᠳᠠᠷᠤᠭ᠎ᠠ ᠸᠧᠶ ᠾᠧ ᠵᠠᠩ ᠲᠠᠨᠢᠯᠴᠠᠭᠤᠯᠤᠨ ᠭᠠᠷᠤᠯ᠎ᠠ᠃

ᠮᠠᠨ ᠤ᠋ ᠤᠷᠤᠨ ᠠᠭᠤᠷ ᠠᠮᠢᠰᠭᠤᠯ᠎ᠤᠨ ᠬᠤᠪᠢᠷᠠᠯᠲᠠ ᠵᠢᠨ ᠡᠷᠡᠭᠦᠯ ᠮᠡᠨᠳᠦ᠍ ᠳ᠋ᠡᠬᠢ ᠠᠶᠤᠯ ᠲᠦᠭ᠌ᠰᠢᠭᠦᠷᠢ ᠪᠠ ᠵᠣᠬᠢᠴᠠᠬᠤ ᠴᠢᠳᠠᠪᠤᠷᠢ ᠵᠢ ᠦᠨᠡᠯᠡᠨ ᠵᠢᠱ᠌ᠢᠬᠦ᠌ ᠠᠵᠢᠯ ᠢ᠋ ᠥᠷᠨᠢᠭᠦᠯᠦᠨ᠎ᠡ᠃ ᠠᠭᠤᠷ ᠠᠮᠢᠰᠭᠤᠯ᠎ᠤᠨ ᠬᠤᠪᠢᠷᠠᠯᠲᠠ ᠵᠢᠨ ᠡᠷᠡᠭᠦᠯ ᠮᠡᠨᠳᠦ᠍ ᠳ᠋ᠡᠬᠢ ᠠᠶᠤᠯ ᠲᠦᠭ᠌ᠰᠢᠭᠦᠷᠢ ᠵᠢᠨ ᠦᠨᠡᠯᠡᠨ ᠵᠢᠱ᠌ᠢᠯᠲᠡ ᠵᠢ ᠠᠬᠢᠭᠤᠯᠵᠤ ᠂ ᠣᠨᠴᠠᠭᠠᠢ ᠴᠠᠭ ᠠᠭᠤᠷ᠎ᠤᠨ ᠠᠭᠤᠷ ᠠᠮᠢᠰᠭᠤᠯ᠎ᠤᠨ ᠬᠥᠮᠦᠰ ᠤ᠋ᠨ ᠡᠷᠡᠭᠦᠯ ᠮᠡᠨᠳᠦ ᠳ᠋ᠦ᠍ ᠦᠵᠡᠭᠦᠯᠬᠦ᠌ ᠨᠥᠯᠥᠭᠡ ᠲᠦᠭᠰᠢᠬᠦᠷᠢ ᠵᠢᠨ ᠲᠤᠬᠠᠢ ᠵᠠᠳᠠᠯᠤᠯᠲᠠ ᠪᠠ ᠣᠷᠣᠨ ᠪᠦᠰᠡ ᠵᠢᠨ ᠬᠥᠮᠦᠰ ᠤ᠋ᠨ ᠴᠠᠭ ᠠᠭᠤᠷ᠎ᠤᠨ ᠰᠡᠷᠭᠡᠭ ᠴᠢᠨᠠᠷᠲᠠᠢ ᠡᠪᠡᠳᠴᠢᠨ ( ᠬᠠᠮᠠᠷ᠎ᠤᠨ ᠦᠷᠪᠢᠰᠦᠯ᠂ ᠠᠭᠤᠰᠭᠢᠨ ᠦᠷᠪᠢᠰᠦᠯ ᠵᠡᠷᠭᠡ ᠠᠮᠢᠰᠭᠤᠯ᠎ᠤᠨ ᠱᠢᠰᠲ᠋ᠧᠮ ᠤ᠋ᠨ ᠡᠪᠡᠳᠴᠢᠨ ᠂ ᠵᠢᠷᠦᠬᠡ ᠴᠢᠰᠤᠨ ᠰᠤᠳᠠᠯ᠎ᠤᠨ ᠡᠪᠡᠳᠴᠢᠨ ) ᠤ᠋ ᠲᠤᠰᠭᠠᠢ ᠪᠠᠢᠴᠠᠭᠠᠯᠲᠠ ᠵᠢ ᠥᠷᠨᠢᠭᠦᠯᠦᠨ᠎ᠡ᠃ ᠠᠭᠤᠷ ᠠᠮᠢᠰᠭᠤᠯ᠎ᠤᠨ ᠬᠤᠪᠢᠷᠠᠯᠲᠠ ᠵᠢᠨ ᠡᠷᠡᠭᠦᠯ ᠮᠡᠨᠳᠦ ᠵᠢᠨ ᠲᠦᠭ᠌ᠰᠢᠭᠦᠷᠢ ᠵᠢ ᠦᠨᠡᠯᠡᠨ ᠵᠢᠱ᠌ᠢᠭ᠌ᠰᠡᠨ ᠦᠷ᠎ᠡ ᠳ᠋ᠦᠩ᠎ᠳᠦ ᠰᠠᠭᠤᠷᠢᠯᠠᠨ ᠂ ᠥᠪᠡᠷᠲᠡᠭᠡᠨ ᠵᠠᠰᠠᠬᠤ ᠣᠷᠣᠨ ᠤ᠋ ᠠᠭᠤᠷ ᠠᠮᠢᠰᠭᠤᠯ᠎ᠤᠨ ᠣᠨᠴᠠᠯᠢᠭ ᠪᠠ ᠲᠤᠷᠤᠢ ᠪᠠᠭᠤᠷᠠᠢ ᠬᠥᠮᠦᠰ ᠤ᠋ᠨ ᠡᠷᠡᠭᠦᠯ ᠮᠡᠨᠳᠦ ᠵᠢᠨ ᠲᠦᠭ᠌ᠰᠢᠭᠦᠷᠢ ᠵᠢ ᠢᠯᠡᠷᠡᠭᠦᠯᠬᠦ᠌ ᠬᠢᠷᠢ ᠬᠡᠮᠵᠢᠶ᠎ᠡ ᠵᠢ ᠭᠦᠶ᠋ᠴᠡᠳ ᠪᠣᠳᠣᠯᠬᠢᠯᠠᠵᠤ ᠂ ᠭᠤᠤᠯᠳᠠᠯᠭ᠎ᠠ᠎ᠲᠠᠶ ᠲᠤᠷᠤᠢ ᠪᠠᠭᠤᠷᠠᠢ ᠬᠥᠮᠦᠰ ᠤ᠋ᠨ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠦᠨᠡᠯᠡᠨ ᠵᠢᠱ᠌ᠢᠬᠦ᠌ ᠵᠢ ᠥᠷᠨᠢᠭᠦᠯᠦᠨ ᠂ ᠵᠣᠬᠢᠴᠠᠬᠤ ᠴᠢᠳᠠᠪᠤᠷᠢ ᠵᠢ ᠳᠡᠭᠡᠭ᠌ᠰᠢᠯᠡᠭᠦᠯᠬᠦ᠌ ᠲᠥᠯᠥᠪᠯᠡᠭᠡ ᠵᠢ ᠲᠣᠭ᠍ᠲᠠᠭᠠᠨ᠎ᠠ᠃

ᠠᠭᠤᠷ ᠠᠮᠢᠰᠭᠤᠯ᠎ᠤᠨ ᠰᠡᠷᠭᠡᠭ ᠴᠢᠨᠠᠷᠲᠠᠶ ᠡᠪᠡᠳᠴᠢᠨ ᠡᠮᠭᠡᠭ ᠢ᠋ ᠤᠷᠢᠳᠴᠢᠯᠠᠨ ᠰᠡᠷᠡᠮᠵᠢᠯᠡᠭᠦᠯᠬᠦ᠌ ᠪᠠ ᠰᠡᠷᠭᠡᠢᠯᠡᠨ ᠡᠵᠡᠮᠳᠡᠬᠦ᠌ ᠵᠢ ᠴᠢᠩᠭᠠᠳᠭᠠᠨ᠎ᠠ᠃ ᠰᠠᠯᠠᠭ᠎ᠠ ᠮᠥᠴᠢᠷ᠎ᠤᠨ ᠬᠢᠨ ᠬᠠᠮᠲᠤᠷᠠᠨ ᠬᠥᠳᠡᠯᠦᠯᠴᠡᠬᠦ᠌ ᠪᠠ ᠲᠣᠭ᠎ᠠ ᠪᠠᠷᠢᠮᠲᠠ ᠵᠢ ᠬᠠᠮᠲᠤ ᠪᠠᠷ ᠡᠳ᠋ᠯᠡᠬᠦ᠌ ᠵᠢ ᠴᠢᠩᠭᠠᠳᠭᠠᠨ ᠂ ᠠᠭᠤᠷ ᠠᠮᠢᠰᠭᠤᠯ᠎ᠤᠨ ᠬᠤᠪᠢᠷᠠᠯᠲᠠ᠎ᠳᠤ ᠠᠮᠠᠷᠬᠠᠨ ᠨᠥᠯᠥᠭᠡᠯᠡᠭ᠌ᠳᠡᠬᠦ᠌ ᠬᠠᠮᠠᠷ᠎ᠤᠨ ᠦᠷᠪᠢᠰᠦᠯ ᠂ ᠠᠭᠤᠰᠭᠢᠨ ᠦᠷᠪᠢᠰᠦᠯ ᠵᠡᠷᠭᠡ ᠠᠮᠢᠰᠭᠤᠯ᠎ᠤᠨ ᠱᠢᠰᠲ᠋ᠧᠮ ᠤ᠋ᠨ ᠡᠪᠡᠳᠴᠢᠨ ᠡᠮᠭᠡᠭ ᠢ᠋ ᠬᠢᠨᠠᠨ ᠬᠡᠮᠵᠢᠬᠦ᠌ ᠲᠣᠣᠷ ᠰᠦᠯᠵᠢᠶ᠎ᠡ ᠪᠣᠯᠤᠨ ᠮᠡᠳᠡᠭᠦᠯᠬᠦ᠌ ᠱᠢᠰᠲ᠋ᠧᠮ ᠢ᠋ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠎ᠡ᠃ ᠴᠠᠭ ᠲᠤᠬᠠᠶ᠎ᠳᠤᠨᠢ ᠬᠢᠨᠠᠨ ᠱᠢᠨᠵᠢᠬᠦ᠌ ᠪᠠ ᠡᠷᠲᠡ ᠡᠴᠡ ᠰᠡᠷᠡᠮᠵᠢᠯᠡᠭᠦᠯᠬᠦ᠌ ᠵᠢ ᠴᠢᠩᠭᠠᠳᠭᠠᠵᠤ᠂ ᠭᠤᠤᠯᠳᠠᠯᠭ᠎ᠠ᠎ᠲᠠᠶ ᠬᠠᠯᠳᠠᠪᠤᠷᠢᠲᠤ ᠡᠪᠡᠳᠴᠢᠨ᠂ ᠵᠢᠷᠦᠬᠡ ᠴᠢᠰᠤᠨ ᠰᠤᠳᠠᠯ᠎ᠤᠨ ᠡᠪᠡᠳᠴᠢᠨ ᠪᠠ ᠠᠮᠢᠰᠭᠤᠯ᠎ᠤᠨ ᠱᠢᠰᠲ᠋ᠧᠮ ᠤ᠋ᠨ ᠡᠪᠡᠳᠴᠢᠨ ᠡᠮᠭᠡᠭ ᠢ᠋ ᠬᠢᠨᠠᠨ ᠱᠢᠨᠵᠢᠬᠦ᠌ ᠪᠠ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ ᠵᠢ ᠪᠦᠲᠦᠮᠵᠢᠲᠡᠶ ᠳᠡᠭᠡᠭ᠌ᠰᠢᠯᠡᠭᠦᠯᠦᠨ᠎ᠡ᠃ ᠤᠨᠴᠠᠭᠠᠢ ᠠᠭᠤᠷ ᠠᠮᠢᠰᠭᠤᠯ᠎ᠤᠨ ᠣᠷᠴᠢᠨ ᠨᠥᠬᠥᠴᠡᠯ᠎ᠳᠦ ᠠᠵᠢᠯᠯᠠᠬᠤ ᠬᠥᠳᠡᠯᠮᠦᠷᠢ ᠵᠢᠨ ᠬᠠᠮᠠᠭᠠᠯᠠᠯᠲᠠ ᠵᠢᠨ ᠪᠠᠷᠢᠮᠵᠢᠶ᠎ᠠ ᠵᠢ ᠴᠢᠩᠭ᠎ᠠ ᠬᠡᠷᠡᠭ᠌ᠵᠢᠭᠦᠯᠵᠦ᠍ ᠂ ᠨᠠᠷᠠᠰᠢᠬᠤ ᠵᠡᠷᠭᠡ ᠡᠪᠡᠳᠴᠢᠨ ᠎ᠳᠤ ᠨᠡᠷᠪᠡᠭᠳᠡᠬᠦ ᠨᠣᠷᠮ᠎ᠠ ᠵᠢ ᠪᠦᠲᠦᠮᠵᠢᠲᠡᠶ ᠬᠢᠵᠠᠭᠠᠷᠯᠠᠨ᠎ᠠ᠃ ᠣᠨᠴᠠᠭᠠᠢ ᠠᠭᠤᠷ ᠠᠮᠢᠰᠭᠤᠯ᠎ᠤᠨ ᠡᠷᠡᠭᠦᠯ ᠮᠡᠨᠳᠦ ᠳ᠋ᠤ ᠦᠵᠡᠬᠦᠯᠬᠦ ᠨᠦᠯᠤᠭᠡ᠎ᠵᠢ ᠰᠡᠷᠭᠡᠢᠯᠡᠨ ᠡᠵᠡᠮᠳᠡᠬᠦ᠌ ᠡᠷᠴᠢᠮ᠎ᠵᠢᠡᠨ ᠴᠢᠡᠭᠭᠠᠷᠠᠭᠤᠯᠵᠤ᠂ ᠪᠠᠴᠢᠮ ᠪᠠᠢᠳᠠᠯ ᠢ᠋ ᠠᠷᠭᠠᠴᠠᠭᠠᠬᠤ ᠲᠥᠰᠦᠯ᠂ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠵᠠᠰᠠᠬᠤ ᠬᠠᠮᠢᠶᠠᠷᠤᠯᠲᠠ ᠵᠢᠨ ᠠᠷᠭ᠎ᠠ ᠵᠢ ᠲᠣᠭ᠍ᠲᠠᠭᠠᠵᠤ ᠂ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ ᠢ᠋ ᠠᠷᠭᠠᠴᠠᠭᠠᠬᠤ ᠴᠢᠳᠠᠪᠤᠷᠢ ᠵᠢ ᠳᠡᠭᠡᠭ᠌ᠰᠢᠯᠡᠭᠦᠯᠦᠨ᠎ᠡ᠃

ᠡᠮ ᠡᠮᠨᠡᠯᠭᠡ ᠡᠷᠡᠭᠦᠯ ᠬᠠᠮᠠᠭᠠᠯᠠᠯ᠎ᠤᠨ ᠱᠢᠰᠲ᠋ᠧᠮ ᠤ᠋ᠨ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠳᠡᠭᠡᠭᠰᠢᠯᠡᠭᠦᠯᠦᠨ᠎ᠠ᠃ ᠴᠢᠨᠠᠷ ᠰᠠᠢᠲᠠᠶ ᠡᠮᠴᠢᠯᠡᠭᠡᠨ ᠤ᠋ ᠡᠬᠢ ᠪᠠᠶᠠᠯᠢᠭ᠎ᠤᠨ ᠪᠠᠭ᠍ᠲᠠᠭᠠᠮᠵᠢ ᠵᠢ ᠥᠷᠭᠡᠳᠭᠡᠬᠦ᠌ ᠪᠠ ᠣᠷᠣᠨ ᠪᠦᠰᠡ ᠵᠢ ᠲᠡᠩᠴᠡᠭᠦᠷᠢᠲᠡᠶ ᠪᠠᠢᠷᠢᠯᠠᠭᠤᠯᠬᠤ ᠳᠤᠮᠳᠠ᠂ ᠤᠨᠴᠠᠭᠠᠢ ᠠᠭᠤᠷ ᠠᠮᠢᠰᠭᠤᠯ᠎ᠡᠴᠡ ᠪᠣᠯᠤᠭ᠍ᠰᠠᠨ ᠡᠷᠡᠭᠦᠯ ᠮᠡᠨᠳᠦ ᠎ᠵᠢᠨ ᠲᠦᠭ᠌ᠰᠢᠭᠦᠷᠢ ᠵᠢ ᠭᠦᠶ᠋ᠴᠡᠳ ᠪᠣᠳᠣᠯᠬᠢᠯᠠᠨ᠎ᠠ᠃ ᠣᠯᠠᠨ ᠨᠡᠢᠲᠡ ᠵᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ ᠢ᠋ ᠠᠷᠭᠠᠴᠠᠭᠠᠬᠤ ᠡᠳ᠋ ᠪᠣᠳᠠᠰ ᠬᠢᠭᠡᠳ ᠡᠮᠴᠢᠯᠡᠭᠡᠨ ᠤ᠋ ᠡᠳ᠋ ᠪᠣᠳᠠᠰ᠎ᠤᠨ ᠨᠥᠭᠡᠴᠡᠯᠡᠬᠦ᠌ ᠱᠢᠰᠲ᠋ᠧᠮ ᠢ᠋ ᠪᠠᠢᠭᠤᠯᠤᠨ ᠪᠦᠷᠢᠨᠱᠢᠬᠦᠯᠵᠦ᠍ ᠂ ᠡᠮ ᠦᠶ᠋ᠯᠡᠳᠬᠦ᠌ ᠬᠢᠭᠡᠳ ᠡᠮᠴᠢᠯᠡᠭᠡᠨ ᠤ᠋ ᠪᠠᠭᠠᠵᠢ ᠬᠡᠷᠡᠭ᠌ᠰᠡᠯ ᠦᠶ᠋ᠯᠡᠳᠪᠦᠷᠢᠯᠡᠬᠦ᠌ ᠱᠢᠰᠲ᠋ᠧᠮ ᠤ᠋ᠨ ᠪᠠᠴᠢᠮ ᠪᠠᠢᠳᠠᠯ ᠢ᠋ ᠠᠷᠭᠠᠴᠠᠭᠠᠬᠤ ᠦᠶ᠋ᠯᠡᠳᠪᠦᠷᠢᠯᠡᠬᠦ᠌ ᠴᠢᠳᠠᠪᠤᠷᠢ ᠵᠢᠨ ᠨᠥᠭᠡᠴᠡ ᠵᠢ ᠳᠡᠭᠡᠭ᠌ᠰᠢᠯᠡᠭᠦᠯᠦᠨ ᠂ ᠪᠠᠴᠢᠮ ᠪᠠᠢᠳᠠᠯ ᠢ᠋ ᠠᠷᠭᠠᠴᠠᠭᠠᠬᠤ ᠨᠡᠭᠦᠳᠡᠯ ᠡᠮᠴᠢᠯᠡᠭᠡᠨ ᠤ᠋ ᠲᠥᠬᠥᠭᠡᠷᠦᠮᠵᠢ ᠵᠢ ᠰᠤᠳᠤᠯᠤᠨ ᠨᠡᠭᠡᠭᠡᠬᠦ᠌ ᠪᠠ ᠳᠣᠭᠢᠷᠠᠭᠤᠯᠬᠤ ᠵᠢ ᠪᠠᠲᠤᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠱᠢᠰᠲ᠋ᠧᠮ ᠤ᠋ᠨ ᠡᠨᠧᠷᠭᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠢᠭᠤᠯᠤᠯᠲᠠ ᠵᠢ ᠠᠬᠢᠭᠤᠯᠤᠨ᠎ᠠ᠃ ᠣᠯᠠᠨ ᠵᠦᠶ᠋ᠯ ᠤ᠋ᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠭᠤᠷ ᠠᠮᠢᠰᠭᠤᠯ᠎ᠤᠨ ᠬᠤᠪᠢᠷᠠᠯᠲᠠ ᠵᠢᠨ ᠡᠷᠡᠭᠦᠯ ᠮᠡᠨᠳᠦ ᠳ᠋ᠤ ᠦᠵᠡᠬᠦᠯᠬᠦ ᠨᠦᠯᠦᠭᠡ ᠲᠦᠭ᠌ᠰᠢᠭᠦᠷᠢ ᠵᠢᠨ ᠲᠤᠬᠠᠢ ᠤᠬᠠᠭᠤᠯᠭ᠎ᠠ ᠬᠥᠮᠦᠵᠢᠯ ᠎ᠤᠨ ᠠᠵᠢᠯᠯᠠᠭ᠎ᠠ᠎ᠵᠢ ᠥᠷᠨᠢᠭᠦᠯᠵᠦ᠍ ᠂ ᠣᠯᠠᠨ ᠲᠦᠮᠡᠨ ᠤ᠋ ᠲᠠᠨᠢᠨ ᠮᠡᠳᠡᠬᠦᠶ ᠬᠡᠮᠵᠢᠶ᠎ᠡ ᠵᠢᠴᠢ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠴᠢᠳᠠᠪᠤᠷᠢ ᠵᠢ ᠳᠡᠭᠡᠭ᠌ᠰᠢᠯᠡᠭᠦᠯᠦᠨ᠎ᠠ᠃ ᠬᠣᠲᠠ ᠂ ᠨᠡᠢᠭᠡᠮ ᠲᠣᠭᠣᠷᠢᠭ ᠂ ᠬᠥᠳᠡᠭᠡ ᠲᠣᠰᠭᠣᠨ᠂ ᠭᠤᠤᠯᠳᠠᠯᠭ᠎ᠠ᠎ᠲᠠᠶ ᠲᠠᠯᠠᠪᠤᠷ ( ᠰᠤᠷᠭᠠᠭᠤᠯᠢ ᠂ ᠡᠮᠨᠡᠯᠭᠡ ᠵᠢᠨ ᠬᠣᠷᠢᠶ᠎ᠠ ᠂ ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ ᠵᠡᠷᠭᠡ ) ᠎ᠲᠦ᠍ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯᠯᠠᠭ᠎ᠠ ᠵᠢ ᠦᠷᠨᠢᠬᠦᠯᠵᠤ ᠂ ᠬᠡᠦᠬᠡᠳ ᠂ ᠵᠢᠷᠮᠦᠰᠦᠨ ᠡᠮᠡᠭ᠌ᠲᠡᠶ᠂ ᠡᠯ᠎ᠡ ᠲᠥᠷᠥᠯ ᠤ᠋ᠨ ᠤᠳᠠᠭᠠᠨ ᠴᠢᠨᠠᠷᠲᠠᠶ ᠡᠪᠡᠳᠴᠢᠨ ᠲᠠᠢ ᠡᠪᠡᠳᠴᠢᠲᠡᠨ ᠂ 65 ᠨᠠᠰᠤᠨ᠎ᠠᠴᠠ ᠳᠡᠭᠡᠭ᠌ᠰᠢᠬᠢ ᠨᠠᠰᠤᠲᠠᠨ᠂ ᠬᠣᠲᠠ ᠵᠢᠨ ᠶᠠᠳᠠᠭᠤ ᠬᠦᠴᠢᠷᠳᠡᠯᠲᠡᠶ ᠬᠥᠮᠦᠨ ᠠᠮᠠ ᠵᠡᠷᠭᠡ ᠳᠤᠷᠤᠢ ᠪᠠᠭᠤᠷᠠᠢ ᠬᠥᠮᠦᠰ ᠤ᠋ᠨ ᠡᠷᠡᠭᠦᠯ ᠮᠡᠨᠳᠦ ᠵᠢᠨ ᠲᠦᠭ᠌ᠰᠢᠭᠦᠷᠢ ᠵᠢ ᠰᠡᠷᠭᠡᠢᠯᠡᠨ ᠬᠠᠮᠠᠭᠠᠯᠠᠬᠤ ᠴᠢᠳᠠᠪᠤᠷᠢ ᠵᠢ ᠳᠡᠭᠡᠭ᠌ᠰᠢᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面