ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-06-28 17:28:24

ᠵᠣᠬᠢᠶᠠᠭ᠍ᠴᠢ᠄ ​ ᠭᠤᠸ᠎ᠠ ᠣᠩᠱᠢᠭ᠍ᠰᠠᠨ ᠣᠳᠠᠭ᠎ᠠ᠄ 3


ᠪᠡᠯᠴᠢᠭᠡᠷ ᠤ᠋ᠨ ᠮᠠᠯ ᠠᠵᠤ ᠠᠬᠤᠶ ᠵᠢᠨ ᠬᠥᠭ᠌ᠵᠢᠯᠲᠡ ᠵᠢᠨ 10 ᠰᠢᠨ᠎ᠡ ᠵᠠᠭ᠍ᠪᠤᠷ ⑨


ᠣᠨᠴᠠᠯᠢᠭᠲᠤ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠤ᠋ᠨ ᠬᠥᠭᠵᠢᠯᠲᠡ ᠵᠢᠨ ᠵᠠᠭᠪᠤᠷ ᠬᠡᠳᠡᠭ ᠨᠢ ᠮᠠᠯᠵᠢᠬᠤ ᠡᠷᠦᠬᠡ ᠪᠤᠶᠤ ᠱᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠸ᠋ᠯ ᠴᠣᠭ᠍ᠴᠠ ᠨᠢ ᠰᠠᠭᠠᠯᠢ ᠵᠢᠨ ᠦᠨᠢᠶ᠎ᠠ ᠂ ᠮᠢᠬᠠᠨ ᠤ᠋ ᠦᠬᠡᠷ ᠂ ᠮᠢᠬᠠᠨ ᠤ᠋ ᠬᠤᠨᠢ ᠳ᠋ᠠᠭᠠᠨ ᠲᠦᠱᠢᠭ᠌ᠯᠡᠨ ᠮᠠᠯ ᠤ᠋ᠨ ᠠᠱᠢᠭ ᠱᠢᠮ᠎ᠡ ᠵᠢᠨ ᠪᠤᠯᠪᠠᠰᠤᠷᠠᠭᠤᠯᠤᠯᠳᠠ ᠬᠢᠵᠤ᠂ ᠦᠬᠡᠷ ᠬᠣᠨᠢ ᠲᠡᠵᠢᠬᠡᠬᠦ ᠦᠢᠯᠡᠰ ᠵᠢᠡᠨ ᠠᠩᠬ᠎ᠠ ᠪᠤᠯᠪᠠᠰᠤᠷᠠᠭᠤᠯᠬᠤ ᠪᠠ ᠭᠦᠶ᠋ᠯᠭᠡᠭᠡᠨ ᠤ᠋ ᠬᠦᠷᠢᠶ᠎ᠡ ᠴᠠᠷᠠᠭ᠎ᠠ ᠳᠠᠢᠰᠢ ᠥᠷᠭᠡᠳᠭᠡᠬᠦ᠌ ᠶ᠋ᠢ ᠠᠬᠢᠭᠤᠯᠬᠤ ᠵᠢᠨ ᠬᠠᠮᠳᠤ ᠱᠢᠭᠤᠳ ᠪᠤᠷᠤᠯᠠᠭᠤᠯᠬᠤ ᠪᠤᠶᠤ ᠡᠯᠧᠺᠲ᠋ᠷᠣᠨ ᠬᠤᠳᠠᠯᠳᠤᠭ᠎ᠠ ᠪᠡᠷ ᠪᠤᠷᠤᠯᠠᠭᠤᠯᠵᠤ ᠂ ᠪᠥᠬᠥ᠌ ᠬᠡᠯᠬᠢᠶᠡᠨ ᠡᠴᠡ ᠠᠱᠢᠭ ᠤᠯᠬᠤ ᠵᠢ ᠬᠡᠯᠡᠵᠤ ᠪᠠᠢᠨ᠎ᠠ ᠃

《ᠲᠤᠰ ᠵᠠᠭᠪᠤᠷ ᠨᠢ ᠨᠢᠬᠡᠳᠤᠬᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠤᠨ ᠬᠥᠭᠵᠢᠭᠦᠯᠬᠦ ᠭᠠᠵᠠᠷ ᠣᠷᠣᠨ ᠳ᠋ᠤ᠌ ᠲᠣᠬᠢᠷᠠᠵᠤ᠂ ᠲᠠᠵᠢᠬᠡᠬᠦ᠂ ᠪᠤᠯᠪᠠᠰᠤᠷᠠᠭᠤᠯᠬᠤ ᠂ ᠪᠤᠷᠤᠯᠠᠭᠤᠯᠬᠤ ᠵᠡᠷᠬᠡ ᠮᠠᠯ ᠠᠵᠤ ᠠᠬᠤᠢ ᠵᠢᠨ ᠪᠦᠬᠦ ᠬᠡᠯᠬᠢᠶ᠎ᠡ ᠡᠴᠡ ᠠᠰᠢᠭ ᠬᠦᠷᠳᠡᠵᠤ ᠪᠤᠯᠳᠠᠭ》ᠭᠡᠵᠤ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠯ ᠠᠵᠤ ᠠᠬᠤᠢ ᠵᠢᠨ ᠳᠤᠪᠴᠢᠶ᠎ᠠ ᠵᠢᠨ ᠳᠡᠳ᠋ ᠳᠠᠷᠤᠭ᠎ᠠ ᠳᠦ ᠵᠧ ᠳᠠᠨᠢᠯᠴᠠᠭᠤᠯᠤᠯ᠎ᠠ᠃ ᠬᠥᠪᠡᠭᠡᠲᠦ ᠰᠢᠷ᠎ᠠ ᠬᠣᠰᠢᠭᠤ ᠨᠡᠢᠲᠡᠯᠢᠭ ᠴᠢᠨᠠᠷᠳᠠᠢ ᠴᠦᠯᠯᠡᠷᠭᠡᠭᠵᠢᠭᠰᠡᠨ ᠪᠠ ᠬᠠᠭᠠᠰ ᠴᠦᠯᠯᠡᠷᠭᠡᠭᠵᠢᠭᠰᠡᠨ ᠭᠠᠵᠠᠷ ᠣᠷᠣᠨ ᠳ᠋ᠤ ᠪᠠᠢᠷᠢᠰᠢᠵᠤ ᠂ ᠠᠮᠢ ᠠᠬᠤᠢ ᠬᠡᠪᠡᠷᠡᠭ ᠂ ᠪᠡᠯᠴᠢᠭᠡᠷ ᠤ᠋ᠨ ᠴᠢᠨᠠᠷ ᠵᠢᠡᠷ ᠪᠠᠷᠤᠭᠲᠠᠢ ᠂ ᠬᠥᠮᠦᠨ ᠠᠮᠠ ᠨᠡᠯᠢᠶᠡᠳ ᠨᠢᠭᠲᠠᠷᠠᠭᠰᠠᠨ ᠤᠷᠤᠨ ᠪᠤᠯᠤᠨ᠎ᠠ ᠃ ᠨᠤᠳᠤᠭ ᠪᠡᠯᠴᠢᠭᠡᠷ ᠢ᠋ ᠲᠦᠪᠯᠡᠷᠡᠬᠦᠯᠤᠨ ᠡᠵᠡᠩᠨᠡᠬᠦ ᠵᠢ ᠠᠬᠢᠭᠤᠯᠬᠤ ᠵᠢᠨ ᠬᠠᠮᠳᠤ ᠂ ᠪᠠᠯᠴᠢᠬᠡᠷ ᠤ᠋ᠨ ᠳᠠᠭᠠᠭᠠᠴᠠ ᠡᠴᠡ ᠬᠡᠳᠤᠷᠠᠳᠡᠯ᠎ᠠ ᠪᠡᠯᠴᠢᠬᠡᠷᠯᠡᠬᠦᠯᠵᠤ ᠪᠠᠢᠬᠤ ᠠᠰᠠᠭᠤᠳᠠᠯ ᠢ᠋ ᠰᠢᠢᠳᠪᠦᠷᠢᠯᠡᠬᠦ ᠵᠢᠨ ᠲᠥᠯᠥᠭᠡ ᠳᠤᠰ ᠬᠣᠰᠢᠭᠤ ᠣᠷᠣᠨ ᠨᠤᠲᠤᠭ ᠤ᠋ᠨ ᠣᠨᠴᠠᠯᠢᠭᠲᠤ ᠠᠵᠤ ᠦᠢᠯᠡᠰ ᠲᠦ᠍ ᠲᠦᠰᠢᠭᠯᠡᠨ ᠰᠠᠭᠠᠯᠢ ᠵᠢᠨ ᠦᠨᠢᠶ᠎ᠡ ᠲᠡᠵᠢᠭᠡᠬᠦ ᠦᠢᠯᠡᠰ ᠢ᠋ ᠬᠥᠭᠵᠢᠭᠦᠯᠵᠦ ᠂ ᠤᠯᠠᠮᠵᠢᠯᠠᠯᠲᠤ ᠴᠠᠭᠠᠨ ᠢᠳᠡᠭᠡᠨ ᠤ᠋ ᠠᠵᠤ ᠦᠢᠯᠡᠰ ᠤ᠋ᠨ ᠬᠦᠷᠢᠶᠡᠯᠡᠩ ᠢ᠋ ᠪᠦᠲᠦᠭᠡᠨ ᠪᠠᠢᠭᠤᠯᠵᠤ᠂ ᠮᠠᠯᠴᠢᠳ ᠤ᠋ᠨ ᠦᠢᠯᠡᠳᠪᠦᠷᠢᠯᠡᠯ ᠡᠵᠡᠩᠨᠡᠯᠳᠡ ᠵᠢᠨ ᠬᠡᠯᠪᠡᠷᠢ ᠪᠠᠨ ᠬᠤᠪᠢᠷᠠᠭᠤᠯᠤᠨ ᠠᠵᠢᠯ ᠣᠯᠬᠤ ᠵᠢ ᠠᠬᠢᠭᠤᠯᠤᠭᠰᠠᠨ ᠪᠠᠢᠨ᠎ᠠ ᠃

ᠳᠤᠰ ᠬᠤᠰᠢᠭᠤ ᠡᠩ ᠳᠡᠷᠢᠭᠦᠨ ᠳ᠋ᠦ᠍ ᠴᠢᠨᠠᠷ ᠰᠠᠢᠲᠠᠢ ᠰᠦ ᠵᠢᠨ ᠢᠷᠡᠯᠲᠡ ᠵᠢᠨ ᠰᠠᠭᠤᠷᠢᠨ ᠢ᠋ ᠬᠥᠭᠵᠢᠭᠦᠯᠵᠤ᠂ ᠳᠤᠰᠬᠠᠢ ᠬᠤᠷᠰᠢᠶ᠎ᠠ ᠪᠠᠷ ᠠᠴᠢᠶᠠᠯᠠᠪᠤᠷᠢ ᠪᠣᠯᠭᠠᠨ ᠲᠡᠵᠢᠭᠡᠪᠦᠷᠢ ᠵᠢᠨ ᠡᠷᠦᠬᠡ ᠪᠡᠷ ᠭᠣᠣᠯ ᠴᠣᠭᠴᠠ ᠪᠣᠯᠭᠠᠵᠤ ᠂ ᠰᠠᠭᠠᠯᠢ ᠵᠢᠨ ᠦᠨᠢᠶ᠎ᠡ ᠲᠡᠵᠢᠭᠡᠬᠦ ᠦᠢᠯᠡᠰ ᠤ᠋ᠨ ᠰᠠᠭᠤᠷᠢ ᠲᠦᠭᠦᠭᠡᠷᠦᠮᠵᠢ ᠵᠢ ᠲᠡᠭᠦᠯᠳᠡᠷᠵᠢᠭᠦᠯᠤᠨ᠂ 《ᠨᠢᠭᠡᠳᠦᠯᠲᠡᠢ ᠪᠡᠷ ᠡᠭᠦᠯᠳᠡᠷ ᠰᠣᠩᠭᠣᠨ ᠡᠭᠦᠯᠳᠡᠷ ᠪᠣᠢᠵᠢᠭᠤᠯᠬᠤ ᠂ ᠨᠢᠭᠡᠳᠦᠯᠲᠡᠢ ᠪᠡᠷ ᠲᠡᠵᠢᠭᠡᠨ ᠠᠷᠠᠴᠢᠯᠠᠵᠤ ᠬᠠᠮᠢᠶᠠᠷᠬᠤ ᠂ ᠨᠢᠭᠡᠳᠦᠯᠲᠡᠢ ᠪᠡᠷ ᠭᠡᠮ ᠬᠢᠵᠢᠭ ᠢ᠋ ᠰᠡᠷᠭᠡᠢᠯᠡᠨ ᠪᠠᠢᠴᠠᠭᠠᠬᠤ ᠂ ᠨᠢᠭᠡᠳᠦᠯᠲᠡᠢ ᠪᠡᠷ ᠬᠢᠨᠠᠨ ᠲᠣᠭᠲᠠᠭᠠᠵᠤ ᠳᠡᠰ ᠬᠤᠪᠢᠶᠠᠬᠤ ᠂ ᠨᠢᠭᠡᠳᠦᠯᠲᠡᠢ ᠪᠡᠷ ᠪᠤᠯᠪᠠᠰᠤᠷᠠᠭᠤᠯᠵᠤ ᠪᠣᠷᠣᠯᠠᠭᠤᠯᠬᠤ》 ᠡᠵᠡᠩᠨᠡᠯᠲᠡ ᠵᠢᠨ ᠵᠠᠭᠪᠤᠷ ᠢ᠋ ᠬᠡᠷᠡᠭᠵᠢᠭᠦᠯᠵᠤ᠂ 2 ᠲᠦᠮᠡᠨ ᠰᠠᠭᠠᠯᠢ ᠵᠢᠨ ᠦᠨᠢᠶ᠎ᠡ ᠳᠡᠵᠢᠭᠡᠨ ᠂ ᠤᠯᠠᠮᠵᠢᠯᠠᠯᠲᠤ ᠴᠠᠭᠠᠨ ᠢᠳᠡᠭᠡᠨ ᠤ᠋ ᠠᠵᠤ ᠦᠢᠯᠡᠰ ᠤ᠋ᠨ ᠬᠦᠷᠢᠶᠡᠯᠡᠩ ᠪᠣᠯᠤᠨ ᠴᠠᠭᠠᠨ ᠢᠳᠡᠭᠡᠨ ᠤ᠋ ᠭᠠᠷ ᠦᠢᠯᠡᠳᠭᠡᠯ ᠤ᠋ᠨ ᠭᠠᠵᠠᠷ ᠲᠦ᠍ ᠵᠢᠯ ᠪᠦᠷᠢ 5.3 ᠲᠦᠮᠡᠨ ᠲᠤᠨ ᠲᠦᠬᠦᠬᠡᠢ ᠰᠦ ᠬᠠᠩᠭᠠᠬᠤ ᠵᠢ ᠪᠠᠳᠤᠯᠠᠵᠤ ᠪᠠᠢᠨ᠎ᠠ᠃ ᠳᠠᠷᠠᠭ᠎ᠠ ᠨᠢ 4000 ᠲᠦᠮᠡᠨ ᠲᠥᠭᠥᠷᠢᠭ ᠤ᠋ᠨ ᠪᠡᠯᠡ ᠣᠷᠣᠭᠤᠯᠤᠨ 2.5 ᠲᠦᠮᠡᠨ ᠲᠡᠭᠰᠢ ᠳᠥᠷᠪᠡᠯᠵᠢᠨ ᠮᠧᠲ᠋ᠷ ᠤ᠋ᠨ ᠲᠠᠯᠠᠪᠠᠢ ᠪᠦᠬᠦᠢ ᠤᠯᠠᠮᠵᠢᠯᠠᠯᠲᠤ ᠴᠠᠭᠠᠨ ᠢᠳᠡᠭᠡᠨ ᠤ᠋ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠢ᠋ ᠪᠦᠳᠦᠭᠡᠨ ᠪᠠᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ᠋ ᠭᠠᠷ ᠦᠢᠯᠡᠳᠭᠡᠯ ᠤ᠋ᠨ ᠭᠠᠵᠠᠷ ᠤ᠋ᠨ ᠪᠦᠯᠦᠭᠵᠢᠯ ᠮᠠᠶᠢᠭ ᠤ᠋ᠨ᠂ ᠪᠥᠭᠡᠮᠨᠡᠷᠡᠯ ᠤ᠋ᠨ ᠮᠠᠶᠢᠭ ᠤ᠋ᠨ ᠬᠥᠭᠵᠢᠯᠲᠡ ᠵᠢ ᠠᠬᠢᠭᠤᠯᠵᠤ᠂ ᠤᠳᠤ ᠬᠦᠷᠢᠶᠡᠯᠡᠩ ᠲᠣᠭᠣᠷᠢᠭ ᠲᠠᠭᠠᠨ 33 ᠠᠵᠤ ᠠᠬᠤᠢᠯᠠᠯ ᠪᠠ ᠭᠠᠷ ᠦᠢᠯᠡᠳᠭᠡᠯ ᠤ᠋ᠨ ᠭᠠᠵᠠᠷ ᠲᠠᠢ ᠪᠤᠯᠤᠭᠰᠠᠨ ᠪᠥᠭᠡᠳ ᠡᠭᠦᠨ ᠳ᠋ᠦ᠍ 2 ᠠᠵᠤ ᠠᠬᠤᠢᠯᠠᠯ ᠨᠢ SC ᠭᠡᠷᠡᠴᠢᠯᠡᠯ ᠢ᠋ ᠣᠯᠵᠤ ᠂ 31 ᠠᠵᠤ ᠠᠬᠤᠢᠯᠠᠯ ᠨᠢ ᠭᠠᠷ ᠦᠢᠯᠡᠳᠭᠡᠯ ᠤ᠋ᠨ ᠭᠠᠵᠠᠷ ᠤ᠋ᠨ ᠳᠡᠩᠰᠡᠯᠡᠯᠲᠡ ᠲᠠᠢ ᠪᠠᠢᠵᠤ ᠂ ᠡᠳᠦᠷ ᠲᠦ᠍ 15 ᠲᠤᠨ ᠲᠦᠭᠦᠭᠡᠢ ᠰᠦ ᠪᠣᠯᠪᠠᠰᠤᠷᠠᠭᠤᠯᠤᠨ 80 ᠭᠠᠷᠤᠢ ᠬᠦᠮᠦᠨ ᠳ᠋ᠤ ᠠᠵᠢᠯ ᠤ᠋ᠨ ᠪᠠᠢᠷᠢ ᠬᠠᠩᠭᠠᠪᠠ᠃ ᠳᠠᠬᠢᠪᠠᠯ《ᠪᠢᠰᠢᠯᠠᠭ ᠤ᠋ᠨ ᠵᠢᠵᠢᠭ ᠪᠠᠯᠭᠠᠰᠤ》ᠵᠢ ᠪᠠᠢᠭᠤᠯᠵᠤ ᠂ ᠰᠠᠭᠠᠯᠢ ᠵᠢᠨ ᠦᠨᠢᠶ᠎ᠡ ᠲᠡᠵᠢᠭᠡᠬᠦ ᠂ ᠠᠰᠢᠭ ᠰᠢᠮ᠎ᠡ ᠵᠢ ᠪᠤᠯᠪᠠᠰᠤᠷᠠᠭᠤᠯᠬᠤ ᠂ ᠵᠠᠬ᠎ᠠ ᠳᠡᠯᠭᠡᠭᠦᠷ ᠤ᠋ᠨ ᠡᠵᠡᠩᠨᠡᠯᠲᠡ ᠪᠣᠷᠣᠯᠠᠭᠤᠯᠭ᠎ᠠ ᠬᠢᠬᠦ ᠂ ᠲᠦᠷᠦᠯ ᠳᠡᠮᠳᠡᠭ ᠴᠣᠭᠴᠠᠯᠠᠬᠤ ᠪᠠ ᠰᠣᠶᠣᠯ ᠵᠢᠭᠤᠯᠴᠢᠯᠠᠯ ᠢ᠋ ᠠᠬᠢᠭᠤᠯᠬᠤ 《ᠲᠠᠪᠤ ᠵᠢ ᠨᠢᠭᠡ ᠴᠤᠭᠴᠠᠵᠢᠭᠤᠯᠬᠤ》᠂ ᠨᠢᠭᠡᠳᠦᠯᠲᠡᠢ ᠲᠠᠸᠠᠷ ᠤ᠋ᠨ ᠲᠡᠮᠳᠡᠭ᠂ ᠨᠢᠭᠡᠳᠦᠯᠲᠡᠢ ᠪᠠᠷᠢᠮᠵᠢᠶ᠎ᠠ ᠂ ᠨᠢᠭᠡᠳᠦᠯᠲᠡᠢ ᠪᠣᠭᠣᠳᠠᠯ ᠪᠠᠭᠯᠠᠭ᠎ᠠ ᠪᠠ ᠨᠢᠭᠡᠳᠦᠯᠲᠡᠢ ᠡᠵᠡᠩᠨᠡᠯᠲᠡ ᠪᠣᠷᠣᠯᠠᠭᠤᠯᠭ᠎ᠠ ᠵᠢᠨ 《ᠳᠥᠷᠪᠡ ᠵᠢ ᠨᠢᠭᠡᠳᠦᠯᠳᠠᠢ ᠪᠠᠢᠯᠭᠠᠬᠤ》᠂ ᠭᠠᠷ ᠦᠢᠯᠡᠳᠭᠡᠯ ᠤ᠋ᠨ ᠭᠠᠵᠠᠷ ᠬᠠᠮᠲᠤᠷᠠᠨ ᠡᠵᠡᠩᠨᠡᠬᠦ ᠬᠡᠯᠪᠡᠷᠢ ᠵᠢᠨ ᠪᠠ ᠳᠠᠭᠠᠭᠤᠯᠤᠭᠴᠢ ᠠᠵᠤ ᠠᠬᠤᠢᠯᠠᠯ ᠤ᠋ᠨ ᠳᠠᠢᠴᠢᠯᠠᠬᠤ ᠬᠡᠯᠪᠡᠷᠢ ᠵᠢᠨ《ᠬᠣᠶᠠᠷ ᠵᠦᠢᠯ ᠤ᠋ᠨ ᠵᠠᠭᠪᠤᠷ》᠂ ᠰᠢᠯᠢ ᠵᠢᠨ ᠭᠣᠣᠯ ᠤ᠋ᠨ ᠴᠠᠭᠠᠨ ᠢᠳᠡᠭᠡᠨ 《ᠨᠢᠭᠡ ᠲᠦᠷᠦᠯ ᠲᠡᠮᠳᠡᠭ》ᠤ᠋ᠨ ᠠᠵᠤ ᠦᠢᠯᠡᠰ ᠤ᠋ᠨ ᠬᠥᠭᠵᠢᠯᠲᠡ ᠵᠢᠨ ᠰᠡᠳᠭᠢᠴᠠ ᠵᠢ ᠲᠣᠭᠲᠠᠭᠠᠵᠤ ᠂ ᠭᠠᠷ ᠦᠢᠯᠡᠳᠭᠡᠯ ᠤ᠋ᠨ ᠭᠠᠵᠠᠷ ᠤ᠋ᠨ ᠴᠠᠭᠠᠨ ᠢᠳᠡᠭᠡᠨ ᠤ᠋ 157 ᠵᠦᠢᠯ ᠤ᠋ᠨ ᠵᠢᠷᠤᠭᠠᠰᠤᠨ ᠺᠣᠳ᠋ ᠢ᠋ ᠭᠦᠢᠴᠡᠳᠭᠡᠵᠦ ᠂ 19 ᠭᠠᠷ ᠦᠢᠯᠡᠳᠭᠡᠯ ᠤ᠋ᠨ ᠭᠠᠵᠠᠷ ᠤ᠋ᠨ 20 ᠭᠠᠷᠤᠢ ᠲᠥᠷᠥᠯ ᠤ᠋ᠨ ᠴᠠᠭᠠᠨ ᠢᠳᠡᠭᠡᠨ ᠢ᠋ ᠬᠤᠰᠢᠭᠤᠨ ᠤ᠋ ᠳᠣᠲᠣᠨ᠎ᠠ ᠭᠠᠳᠠᠨᠠᠬᠢ ᠬᠡᠳᠦ ᠳᠡᠯᠭᠡᠭᠦᠷ ᠲᠦ᠍ ᠣᠷᠣᠭᠤᠯᠵᠤ ᠂ ᠬᠡᠰᠡᠭ ᠮᠠᠯᠴᠢᠳ ᠨᠢ ᠣᠷᠣᠨ ᠤ᠋ ᠳᠣᠲᠣᠨ᠎ᠠ ᠭᠠᠳᠠᠨᠠᠬᠢ ᠲᠣᠮᠣ ᠳᠤᠮᠳᠠ ᠬᠣᠲᠠ ᠳ᠋ᠤ᠌ ᠨᠢᠭᠡᠨᠲᠡ ᠡᠵᠡᠩᠨᠡᠨ ᠪᠣᠷᠣᠯᠠᠭᠤᠯᠬᠤ ᠴᠡᠭ ᠲᠠᠢ ᠪᠤᠯᠵᠠᠢ ᠃

ᠬᠥᠪᠡᠭᠡᠲᠦ ᠰᠢᠷ᠎ᠠ ᠬᠤᠰᠢᠭᠤ ᠤᠨᠴᠠᠯᠢᠬ᠍ᠳᠤ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠵᠢᠡᠷ ᠲᠠᠮᠵᠢᠨ 3 ᠴᠠᠭᠠᠨ ᠢᠳᠡᠭᠡᠨ ᠤ᠋ ᠠᠵᠤ ᠠᠬᠤᠢᠯᠠᠯ ᠪᠠ 170 ᠭᠠᠷᠤᠢ ᠴᠠᠭᠠᠨ ᠢᠳᠡᠭᠡᠨ ᠤ᠋ ᠭᠠᠷ ᠦᠢᠯᠡᠳᠭᠡᠯ ᠤ᠋ᠨ ᠭᠠᠵᠠᠷ ᠢ᠋ ᠬᠥᠭᠵᠢᠭᠦᠯᠵᠦ ᠂ 38 ᠵᠦᠢᠯ ᠤ᠋ᠨ ᠴᠠᠭᠠᠨ ᠢᠳᠡᠭᠡᠨ ᠪᠤᠯᠪᠠᠰᠤᠷᠠᠭᠤᠯᠵᠤ ᠂ ᠭᠣᠣᠯᠳᠠᠭᠤ ᠪᠡᠭᠡᠵᠢᠩ ᠂ ᠾᠧᠪᠧᠢ ᠵᠡᠷᠭᠡ ᠡᠷᠭᠢᠨ ᠲᠣᠭᠣᠷᠢᠨ ᠤ᠋ ᠮᠣᠵᠢ ᠣᠷᠣᠨ ᠪᠣᠯᠤᠨ ᠬᠥᠬᠡᠬᠣᠲᠠ ᠂ ᠤᠯᠠᠭᠠᠨᠴᠠᠪ ᠵᠡᠷᠭᠡ ᠠᠢᠮᠠᠭ ᠬᠣᠲᠠ ᠵᠢᠴᠢ ᠡᠷᠭᠢᠨ ᠲᠣᠭᠣᠷᠢᠨ ᠤ᠋ ᠬᠣᠰᠢᠭᠤ ᠰᠢᠶᠠᠨ ᠳ᠋ᠤ᠌ ᠪᠣᠷᠣᠯᠠᠭᠤᠯᠵᠤ ᠪᠣᠢ ᠃ ᠪᠦᠬᠦ ᠠᠵᠤ ᠦᠢᠯᠡᠰ ᠤ᠋ᠨ ᠬᠡᠯᠬᠢᠶᠡᠨ ᠤ᠋ ᠵᠢᠯ ᠤ᠋ᠨ ᠦᠢᠯᠡᠳᠬᠦᠨ ᠤ᠋ ᠥᠷᠲᠡᠭ ᠨᠢ 6 ᠳ᠋ᠦᠩᠰᠢᠭᠤᠷ ᠲᠥᠭᠥᠷᠢᠭ ᠢ᠋ ᠳᠠᠪᠠᠵᠤ ᠂ 3000 ᠭᠠᠷᠤᠢ ᠬᠥᠮᠦᠨ ᠢ᠋ ᠳᠠᠢᠴᠢᠯᠠᠨ ᠠᠵᠢᠯ ᠤᠯᠭᠤᠵᠤ ᠂ ᠬᠥᠮᠦᠨ ᠳᠤᠮᠳᠠᠴᠢ ᠵᠢᠨ ᠣᠷᠣᠯᠭ᠎ᠠ ᠵᠢ 8000 — 10000 ᠲᠥᠭᠥᠷᠢᠭ ᠨᠡᠮᠡᠭᠳᠡᠭᠦᠯᠦᠭᠰᠡᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面