2024-07-26 11:01:34
ᠣᠢᠷ᠎ᠠ ᠵᠢᠨ ᠵᠢᠯ ᠳ᠋ᠤ ᠮᠠᠨ ᠤ᠋ ᠣᠷᠣᠨ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠬᠤ ᠵᠢᠨ ᠵᠡᠷᠭᠡ ᠪᠡᠷ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ ᠢ᠋ ᠶᠡᠬᠡ ᠪᠡᠷ ᠬᠥᠭᠵᠢᠭᠦᠯᠵᠦ ᠪᠠᠢᠨ᠎ᠠ᠃
ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠪᠤᠯᠤᠭᠰᠠᠨ ᠦᠪᠤᠷ ᠮᠤᠩᠭᠤᠯ ᠪᠣᠯ ᠮᠠᠯ ᠠᠵᠤ ᠠᠬᠤᠶ ᠵᠢᠨ ᠲᠣᠮᠣ ᠤᠷᠤᠨ ᠮᠥᠨ᠂ ᠦᠬᠡᠷ ᠤ᠋ᠨ ᠮᠢᠬ᠎ᠠ᠂ ᠬᠣᠨᠢᠨ ᠮᠢᠬ᠎ᠠ᠂ ᠦᠨᠢᠶᠡᠨ ᠰᠦ᠂ ᠢᠮᠠᠭᠠᠨ ᠨᠤᠤᠯᠤᠭᠤᠷ ᠤ᠋ᠨ ᠭᠠᠷᠤᠯᠲᠠ ᠪᠡᠷ ᠴᠥᠮ ᠪᠥᠬᠥ᠌ ᠤᠯᠤᠰ ᠲᠤ᠌ ᠲᠦᠷᠦᠭᠦᠯᠡᠵᠤ ᠪᠤᠢ᠃ ᠮᠠᠨ ᠤ᠋ ᠤᠷᠤᠨ ᠪᠣᠯ ᠪᠠᠰᠠ ᠴᠦ᠍ ᠠᠮᠤ ᠪᠤᠳᠠᠭᠠᠨ ᠤ᠋ ᠭᠠᠷᠤᠯᠲᠠ ᠵᠢᠨ ᠶᠡᠬᠡ ᠤᠷᠤᠨ ᠮᠦᠨ᠂ ᠪᠥᠬᠥ᠌ ᠤᠯᠤᠰ ᠤ᠋ᠨ ᠲᠠᠷᠢᠶᠠᠨ ᠭᠠᠵᠠᠷ ᠤ᠋ᠨ ᠲᠠᠯᠠᠪᠠᠶ ᠪᠡᠷ ᠳ᠋ᠦᠩᠱᠢᠭᠤᠷ ᠮᠤ᠌ ᠵᠢ ᠳᠠᠪᠠᠭ᠍ᠰᠠᠨ 5 ᠮᠤᠵᠢ ᠣᠷᠣᠨ ᠤ᠋ ᠨᠢᠬᠡ ᠪᠠᠢᠵᠤ᠂ 5 ᠵᠢᠯ ᠳᠠᠷᠠᠭᠠᠯᠠᠨ ᠠᠮᠤ ᠪᠤᠳᠠᠭᠠᠨ ᠤ᠋ ᠤᠨᠠᠯᠲᠠ 700 ᠳ᠋ᠦᠩᠱᠢᠭᠤᠷ ᠵᠢᠩ ᠢ᠋ ᠳᠠᠪᠠᠨ᠂ ᠵᠢᠯ ᠪᠦᠷᠢ 50% ᠡᠴᠡ ᠳᠡᠭᠡᠭᠰᠢᠬᠢ ᠠᠮᠤ ᠪᠤᠳᠠᠭ᠎ᠠ ᠶ᠋ᠢ ᠣᠷᠣᠨ ᠤ᠋ ᠭᠠᠳᠠᠨ᠎ᠠ ᠭᠠᠷᠭᠠᠨ ᠪᠥᠬᠥ᠌ ᠤᠯᠤᠰ ᠲᠤ᠌ ᠬᠠᠩᠭᠠᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠳ᠋ᠦ᠍ ᠴᠢᠬᠤᠯᠠ ᠶᠡᠬᠡ ᠬᠤᠪᠢ ᠨᠡᠮᠡᠷᠢ ᠦᠵᠡᠭᠦᠯᠵᠤ ᠪᠤᠢ᠃
ᠤᠮᠠᠷᠠᠲᠤ ᠬᠢᠯᠢ ᠵᠢᠨ ᠮᠠᠯᠵᠢᠯ ᠤ᠋ᠨ ᠲᠠᠯᠠᠪᠠᠢ ᠡᠴᠡ ᠪᠣᠭᠣᠮᠲᠠ ᠵᠢᠨ ᠭᠠᠳᠠᠨᠠᠬᠢ ᠠᠮᠤ ᠵᠢᠨ ᠰᠠᠩ ᠬᠦᠷᠲᠡᠯ᠎ᠡ
ᠮᠠᠨ ᠤ᠋ ᠣᠷᠣᠨ ᠪᠣᠯ ᠪᠦᠬᠦ ᠤᠯᠤᠰ ᠤ᠋ᠨ ᠴᠢᠬᠤᠯᠠ ᠮᠠᠯᠵᠢᠬᠤ ᠣᠷᠣᠨ ᠤ᠋ ᠨᠢᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠲᠣᠭ᠎ᠠ ᠪᠦᠷᠢᠳᠭᠡᠯ ᠤ᠋ᠨ ᠲᠣᠪᠴᠢᠶ᠎ᠠ ᠵᠢᠨ ᠨᠡᠢᠲᠡᠯᠡᠭᠰᠡᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠡᠨᠡ ᠵᠢᠯ ᠤ᠋ᠨ ᠨᠢᠭᠡᠳᠦᠭᠡᠷ ᠤᠯᠠᠷᠢᠯ ᠤ᠋ᠨ ᠰᠡᠭᠦᠯᠴᠢ ᠪᠤᠯᠬᠤ ᠳ᠋ᠤ ᠪᠦᠬᠦ ᠤᠷᠤᠨ ᠤ᠋ ᠦᠬᠡᠷ ᠤ᠋ᠨ ᠲᠣᠭ᠎ᠠ 950.1 ᠲᠦᠮᠡ ᠳ᠋ᠦ᠍ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢᠡᠴᠡ 7.9% ᠪᠡᠷ ᠨᠡᠮᠡᠭᠳᠡᠨ᠂ 6947.7 ᠲᠦᠮᠡᠨ ᠬᠣᠨᠢ ᠲᠡᠵᠢᠭᠡᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.9% ᠪᠡᠷ ᠨᠡᠮᠡᠭᠳᠡᠪᠡ᠃
ᠮᠠᠯ ᠠᠵᠤ ᠠᠬᠤᠢ ᠡᠴᠡ ᠭᠠᠳᠠᠨ᠎ᠠ ᠮᠠᠨ ᠤ᠋ ᠣᠷᠣᠨ ᠤ᠋ ᠲᠠᠷᠢᠶᠠᠯᠠᠩ ᠦᠢᠯᠡᠳᠪᠦᠷᠢᠯᠡᠯ ᠴᠦ᠍ ᠮᠠᠰᠢ ᠲᠦᠷᠭᠡᠨ ᠵᠢᠡᠷ ᠬᠥᠭᠵᠢᠵᠦ᠂ ᠤᠮᠠᠷᠠᠲᠤ ᠬᠢᠯᠢ ᠵᠢᠨ ᠮᠠᠯᠵᠢᠯ ᠤ᠋ᠨ ᠲᠠᠯᠠᠪᠠᠢ ᠡᠴᠡ ᠪᠠᠨ ᠪᠣᠭᠣᠮᠲᠠ ᠵᠢᠨ ᠭᠠᠳᠠᠨᠠᠬᠢ ᠠᠮᠤ ᠵᠢᠨ ᠰᠠᠩ ᠪᠣᠯᠤᠨ ᠬᠤᠪᠢᠷᠠᠵᠤ ᠪᠠᠢᠨ᠎ᠠ᠃ 2000 — 2023 ᠤᠨ ᠳ᠋ᠤ ᠮᠠᠨ ᠤ᠋ ᠣᠷᠣᠨ ᠤ᠋ ᠵᠢᠯ ᠤ᠋ᠨ ᠠᠮᠤ ᠪᠤᠳᠠᠭᠠᠨ ᠤ᠋ ᠤᠨᠠᠯᠲᠠ 248 ᠳ᠋ᠦᠩᠰᠢᠭᠤᠷ ᠵᠢᠩ ᠪᠠᠢᠭᠰᠠᠨ ᠡᠴᠡ ᠪᠠᠨ 791 ᠳ᠋ᠦᠩᠰᠢᠭᠤᠷ ᠵᠢᠩ ᠪᠣᠯᠤᠨ ᠨᠡᠮᠡᠭᠳᠡᠵᠦ᠂ ᠪᠦᠬᠦ ᠤᠯᠤᠰ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠵᠢᠷᠭᠤᠳᠤᠭᠠᠷ ᠶᠡᠬᠡ ᠮᠣᠵᠢ ᠪᠣᠯᠪᠠ᠃ ᠨᠢᠳᠤᠨᠤᠨ ᠪᠦᠬᠦ ᠤᠷᠤᠨ ᠵᠢᠡᠷ ᠵᠢᠡᠨ 245 ᠲᠦᠮᠡᠨ ᠲᠤᠨ ᠰᠢᠷ᠎ᠠ ᠪᠤᠷᠴᠠᠭ ᠬᠤᠷᠢᠶᠠᠵᠤ᠂ ᠬᠠᠷᠠᠮᠦ᠋ᠷᠡᠨ ᠮᠤᠵᠢ ᠵᠢᠨ ᠳᠠᠷᠠᠭ᠎ᠠ ᠵᠢᠭᠰᠠᠵᠡᠢ᠃ ᠲᠦᠩᠯᠢᠶᠣᠣ ᠬᠣᠲᠠ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠨᠢᠳᠤᠨᠤᠨ ᠤ᠋ ᠠᠮᠤ ᠪᠤᠳᠠᠭᠠᠨ ᠤ᠋ ᠤᠨᠠᠯᠲᠠ 189 ᠳ᠋ᠦᠩᠰᠢᠭᠤᠷ ᠵᠢᠩ ᠳ᠋ᠦ᠍ ᠬᠦᠷᠪᠠ᠃ ᠮᠠᠨ ᠤ᠋ ᠤᠷᠤᠨ ᠤᠯᠤᠰ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠰᠢᠨ᠎ᠡ ᠰᠠᠭᠤᠷᠢᠨ ᠪᠣᠯᠤᠭᠰᠠᠨ ᠤ᠋ ᠬᠤᠪᠢ ᠳ᠋ᠤ᠌ ᠠᠮᠤ ᠪᠤᠳᠠᠭᠠᠨ ᠤ᠋ ᠤᠨᠠᠯᠳᠠ ᠲᠦᠷᠭᠡᠨ ᠵᠢᠡᠷ ᠨᠡᠮᠡᠭᠳᠡᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠳ᠋ᠦ᠍ ᠴᠢᠬᠤᠯᠠ ᠶᠡᠬᠡ ᠬᠤᠪᠢ ᠨᠡᠮᠡᠷᠢ ᠦᠵᠡᠭᠦᠯᠵᠤ ᠪᠤᠢ᠃
ᠪᠣᠷᠣᠲᠣᠬᠣᠢ ᠵᠢᠨ ᠤᠰᠤᠯᠠᠯᠲᠠ ᠵᠢᠨ ᠣᠷᠣᠨ ᠪᠣᠯ ᠥᠨᠢ ᠤᠳᠠᠭᠠᠨ ᠲᠡᠦᠬᠡ ᠲᠡᠢ ᠴᠢᠬᠤᠯᠠ ᠲᠠᠷᠢᠶᠠᠯᠠᠩ ᠤ᠋ᠨ ᠣᠷᠣᠨ᠂ ᠪᠠᠢᠯᠳᠤᠬᠤ ᠪᠣᠳᠣᠯᠭ᠎ᠠ ᠵᠢᠨ ᠪᠠᠢᠷᠢ ᠰᠠᠭᠤᠷᠢ ᠵᠢᠨ ᠲᠠᠯ᠎ᠠ ᠪᠠᠷ ᠲᠤᠢᠯ ᠤ᠋ᠨ ᠴᠢᠬᠤᠯᠠ ᠪᠠᠢᠳᠠᠭ᠂ 《ᠬᠠᠲᠤᠨ ᠭᠣᠣᠯ ᠦᠷᠭᠦᠯᠵᠢ ᠭᠠᠮᠰᠢᠭ ᠳᠠᠷᠢᠳᠠᠭ ᠴᠦ᠍ ᠬᠠᠷᠢᠨ ᠪᠤᠷᠤᠳᠤᠬᠤᠢ ᠵᠢ ᠪᠠᠶᠠᠵᠢᠭᠤᠯᠪᠠ》 ᠭᠡᠳᠡᠭ ᠵᠢᠡᠷ ᠡᠨᠳᠡᠬᠢ ᠵᠢᠯ ᠤ᠋ᠨ ᠬᠤᠷ᠎ᠠ ᠲᠤᠨᠳᠠᠰᠤᠨ ᠤ᠋ ᠬᠡᠮᠵᠢᠶ᠎ᠡ 400 ᠮᠢᠯᠢᠮᠸᠲᠷ ᠬᠦᠷᠬᠦ ᠥᠬᠡᠢ᠂ ᠬᠡᠰᠡᠭ ᠭᠠᠵᠠᠷ ᠣᠷᠣᠨ ᠳ᠋ᠤ᠌ 170 ᠮᠢᠯᠢᠮᠸᠲᠷ ᠴᠦ᠍ ᠬᠦᠷᠬᠦ ᠥᠬᠡᠢ ᠪᠠᠢᠵᠤ᠂ ᠲᠡᠷᠡ ᠮᠦᠷᠳᠡᠬᠡᠨ ᠡᠯᠡᠰᠦᠨ ᠴᠦᠯ ᠳ᠋ᠤ ᠬᠦᠷᠢᠶᠡᠯᠡᠭᠳᠡᠭᠰᠡᠨ ᠴᠦ᠍ ᠬᠠᠳᠤᠨ ᠭᠤᠤᠯ ᠳ᠋ᠤ ᠲᠦᠰᠢᠭᠯᠡᠨ ᠤᠰᠤᠯᠠᠯᠳᠠ ᠬᠢᠵᠤ ᠵᠢᠯ ᠲᠠᠷᠠᠭᠠᠯᠠᠨ ᠡᠯᠪᠡᠭ ᠬᠤᠷᠢᠶᠠᠯᠳᠠ ᠤᠯᠵᠤ ᠪᠤᠢ᠃
ᠭᠠᠩ ᠬᠠᠭᠰᠠᠷᠠᠭᠠᠨ ᠤ᠋ ᠠᠰᠠᠭᠤᠳᠠᠯ ᠢ᠋ ᠰᠢᠢᠳᠪᠦᠷᠢᠯᠡᠬᠦ ᠵᠢᠨ ᠵᠠᠩᠭᠢᠯᠠᠭ᠎ᠠ ᠨᠢ ᠤᠰᠤᠨ ᠤ᠋ ᠡᠬᠢ ᠪᠠᠶᠠᠯᠢᠭ ᠢ᠋ ᠥᠨᠳᠥᠷ ᠦᠷ᠎ᠡ ᠠᠰᠢᠭ ᠲᠠᠢ ᠪᠡᠷ ᠠᠰᠢᠭᠯᠠᠬᠤ ᠳ᠋ᠤ ᠪᠠᠢᠳᠠᠭ᠃ ᠮᠠᠨ ᠤ᠋ ᠤᠷᠤᠨ ᠥᠩᠭᠡᠷᠡᠭᠰᠡᠨ ᠤ᠋ ᠶᠡᠬᠡ ᠤᠰᠤ ᠪᠠᠷ ᠨᠡᠯᠦᠢᠲᠡᠯᠡ ᠤᠰᠤᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠨᠢᠳᠤᠨᠤᠨ ᠲᠦᠩᠯᠢᠶᠣᠣ ᠬᠣᠲᠠ 661 ᠲᠦᠮᠡᠨ ᠮᠦ᠍ ᠵᠢᠨ ᠭᠦᠢᠬᠡᠨ ᠪᠤᠯᠠᠵᠤ ᠲᠣᠰᠤᠯᠭᠠᠨ ᠤᠰᠤᠯᠠᠬᠤ ᠥᠨᠳᠥᠷ ᠦᠷ᠎ᠡ ᠠᠰᠢᠭᠳᠤ ᠤᠰᠤ ᠠᠷᠪᠢᠯᠠᠬᠤ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠳᠦᠭᠡᠨ ᠪᠠᠢᠭᠤᠯᠪᠠ; ᠣᠷᠳᠣᠰ ᠬᠣᠲᠠ ᠤᠯᠤᠰ ᠤ᠋ᠨ ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠪᠠᠷᠢᠮᠵᠢᠶ᠎ᠠ ᠵᠢ ᠴᠢᠩᠭ᠎ᠠ ᠵᠢᠷᠤᠮᠯᠠᠨ᠂ ᠰᠢᠨ᠎ᠡ ᠬᠡᠯᠪᠡᠷᠢ ᠵᠢᠨ ᠨᠠᠷᠠᠨ ᠤ᠋ ᠡᠨ᠋ᠸᠷᠬᠢ ᠵᠢᠨ ᠳᠤᠯᠠᠭᠠᠨ ᠬᠥᠯᠡᠮᠵᠢ᠂ ᠣᠶᠤᠨᠴᠢ ᠪᠠᠷ ᠵᠠᠯᠭᠠᠯᠳᠤᠭᠰᠠᠨ ᠳᠤᠯᠠᠭᠠᠨ ᠬᠥᠯᠡᠮᠵᠢ᠂ ᠰᠢᠨ᠎ᠡ ᠰᠣᠷᠭᠣᠭ ᠵᠢᠡᠷ ᠨᠢ ᠬᠠᠳᠠᠭᠠᠯᠠᠬᠤ ᠬᠥᠮᠥᠷᠭᠡ᠂ ᠲᠠᠷᠢᠶᠠᠯᠠᠩ ᠤ᠋ᠨ ᠬᠠᠶᠠᠭᠳᠠᠮᠠᠯ ᠪᠣᠳᠠᠰ ᠢ᠋ ᠡᠬᠢ ᠪᠠᠶᠠᠯᠢᠭᠵᠢᠭᠤᠯᠤᠨ ᠠᠰᠢᠭᠯᠠᠬᠤ ᠲᠥᠪ ᠢ᠋ ᠪᠦᠳᠦᠭᠡᠨ ᠪᠠᠢᠭᠤᠯᠵᠤ᠂ ᠨᠢᠭᠡ ᠴᠤᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠲᠠᠷᠢᠶᠠᠯᠠᠩ ᠤ᠋ᠨ ᠮᠡᠷᠭᠡᠵᠢᠯ ᠤ᠋ᠨ ᠰᠢᠨ᠎ᠡ ᠵᠢ ᠡᠭᠦᠳᠬᠦ ᠬᠦᠷᠢᠶᠡᠯᠡᠩ ᠲᠣᠭᠣᠷᠢᠭ ᠢ᠋ ᠴᠤᠭᠴᠠᠯᠠᠪᠠ᠃
ᠨᠢᠳᠤᠨᠤᠨ ᠥᠪᠡᠷᠲᠡᠭᠡᠨ ᠵᠠᠰᠠᠬᠤ ᠣᠷᠣᠨ ᠡᠴᠡ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠢᠯᠳᠤᠬᠤ ᠪᠣᠳᠣᠯᠭ᠎ᠠ ᠵᠢ ᠬᠡᠷᠡᠭᠵᠢᠭᠦᠯᠵᠤ᠂ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲ᠋ᠷ ᠤ᠋ᠨ ᠲᠠᠷᠢᠶᠠᠯᠠᠩ ᠤ᠋ᠨ ᠤᠰᠤᠯᠠᠯᠳᠠ ᠵᠢᠨ ᠤᠰᠤ ᠠᠷᠪᠢᠯᠠᠨ᠂ ᠲᠠᠷᠢᠶᠠᠨ ᠭᠠᠵᠠᠷ ᠤ᠋ᠨ ᠤᠰᠤᠯᠠᠯᠲᠠ ᠵᠢᠨ ᠤᠰᠤᠨ ᠤ᠋ ᠪᠦᠲᠦᠮᠵᠢᠲᠡᠢ ᠠᠰᠢᠭᠯᠠᠯᠲᠠ ᠵᠢᠨ ᠢᠯᠡᠳᠭᠡᠮᠵᠢ ᠠᠩᠬ᠎ᠠ ᠤᠳᠠᠭ᠎ᠠ ᠪᠦᠬᠦ ᠤᠯᠤᠰ ᠤ᠋ᠨ ᠳᠤᠮᠳᠠᠴᠢ ᠲᠦᠪᠰᠢᠨ ᠡᠴᠡ ᠳᠠᠪᠠᠵᠤ᠂ 80.5 ᠲᠦᠮᠡᠨ ᠲᠤᠨ ᠨᠡᠭᠦᠷᠡᠰᠦᠲᠥ᠋ᠷᠥᠭᠴᠢ ᠬᠤᠷᠠᠮᠳᠤᠭᠤᠯᠤᠨ ᠠᠷᠠᠯᠵᠢᠶᠠᠯᠠᠵᠤ᠂ ᠠᠷᠠᠯᠵᠢᠶᠠᠨ ᠤ᠋ ᠬᠡᠮᠵᠢᠶ᠎ᠠ ᠨᠢ 2709 ᠲᠦᠮᠡᠨ ᠲᠥᠭᠥᠷᠢᠭ ᠲᠦ᠍ ᠬᠦᠷᠴᠦ ᠂ 4 ᠪᠣᠬᠢᠷᠲᠤᠯ ᠥᠬᠡᠢ ᠬᠦᠷᠢᠶᠡᠯᠡᠩ ᠲᠣᠭᠣᠷᠢᠭ ᠪᠤᠯᠤᠨ 67 ᠪᠣᠬᠢᠷᠲᠤᠯ ᠥᠬᠡᠢ ᠦᠢᠯᠡᠳᠪᠦᠷᠢ ᠵᠢ ᠰᠢᠨ᠎ᠡ ᠪᠡᠷ ᠡᠭᠦᠳᠦᠨ ᠪᠠᠢᠭᠤᠯᠪᠠ᠃ ᠡᠨᠡ ᠵᠢᠯ ᠤ᠋ᠨ 4 ᠰᠠᠷ᠎ᠠ ᠳ᠋ᠤ᠌᠂ ᠮᠠᠨ ᠤ᠋ ᠤᠷᠤᠨ ᠲᠠᠷᠢᠶᠠᠯᠠᠩ ᠤ᠋ᠨ ᠪᠣᠬᠢᠷᠲᠤᠯ ᠥᠬᠡᠢ ᠬᠥᠭᠵᠢᠭᠦᠯᠦᠯᠲᠡ ᠵᠢᠨ ᠮᠡᠷᠭᠡᠵᠢᠯ ᠤ᠋ᠨ ᠰᠤᠳᠤᠯᠭᠠᠨ ᠤ᠋ ᠬᠦᠷᠢᠶᠡᠯᠡᠩ ᠢ᠋ ᠪᠠᠢᠭᠤᠯᠵᠤ᠂ ᠤᠯᠠᠭᠠᠨᠬᠠᠳᠠ ᠬᠣᠲᠠ ᠵᠢᠨ ᠨᠢᠩᠴᠧᠩ ᠰᠢᠶᠠᠨ᠂ ᠪᠤᠭᠤᠲᠤ ᠬᠣᠲᠠ ᠵᠢᠨ ᠳ᠋ᠦᠩ ᠾᠧ ᠲᠣᠭᠣᠷᠢᠭ᠂ ᠣᠷᠳᠣᠰ ᠬᠣᠲᠠ ᠵᠢᠨ ᠵᠡᠭᠦᠨᠭᠠᠷ ᠬᠣᠰᠢᠭᠤ᠂ ᠪᠠᠶᠠᠨᠨᠠᠭᠤᠷ ᠬᠣᠲᠠ ᠵᠢᠨ ᠬᠠᠩᠭᠢᠨ ᠬᠣᠢᠲᠤ ᠬᠤᠰᠢᠭᠤᠨ ᠤ᠋ 4 ᠲᠦᠭᠦᠭᠡᠷᠦᠮᠵᠢᠳᠤ ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠤᠨᠳᠤᠤᠰᠢᠭᠤᠯᠤᠯᠳᠠ ᠵᠢᠨ ᠵᠢᠱ᠌ᠢᠶᠠ ᠦᠵᠡᠭᠦᠯᠬᠦ ᠰᠠᠭᠤᠷᠢᠨ ᠳ᠋ᠤ᠌ ᠫᠠᠢᠰᠠ ᠣᠯᠭᠣᠵᠤ᠂ ᠪᠦᠬᠦ ᠤᠷᠤᠨ ᠤ᠋ ᠲᠦᠭᠦᠭᠡᠷᠦᠮᠵᠢᠳᠤ ᠲᠠᠷᠢᠶᠠᠯᠠᠩ ᠤ᠋ᠨ ᠣᠳᠣᠬᠢᠴᠢᠯᠠᠭᠰᠠᠨ ᠪᠣᠬᠢᠷᠲᠤᠯ ᠥᠬᠡᠢ ᠬᠥᠭᠵᠢᠯᠲᠡ ᠳ᠋ᠦ᠍ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠦᠴᠦᠳᠦ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠮᠠᠨ ᠤ᠋ ᠤᠷᠤᠨ ᠪᠠᠰᠠ ᠲᠤᠰᠭᠠᠢ ᠮᠡᠷᠭᠡᠵᠢᠯᠲᠡᠨ ᠤ᠋ ᠪᠦᠯᠬᠦᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠤᠰᠭᠠᠢ ᠠᠵᠢᠯᠳᠠᠨ ᠤ᠋ ᠬᠦᠴᠦᠨ ᠢ᠋ ᠪᠠᠳᠠᠷᠠᠭᠤᠯᠵᠤ᠂ ᠲᠡᠷᠢᠭᠦᠨ ᠤ᠋ ᠲᠠᠷᠢᠶᠠᠯᠠᠩ ᠦᠢᠯᠡᠳᠪᠦᠷᠢᠯᠡᠯ ᠤ᠋ᠨ ᠮᠡᠷᠭᠡᠵᠢᠯ ᠤ᠋ᠨ ᠬᠡᠷᠡᠭᠯᠡᠯᠲᠡ ᠪᠠ ᠳᠡᠯᠭᠡᠷᠡᠭᠦᠯᠦᠯᠲᠡ ᠵᠢ ᠲᠦᠷᠭᠡᠳᠭᠡᠨ᠂ ᠲᠠᠷᠢᠶᠠᠯᠠᠩ ᠦᠢᠯᠡᠳᠪᠦᠷᠢᠯᠡᠯ ᠳ᠋ᠦ᠍ ᠵᠢᠯᠣᠭᠣᠳᠤᠯᠭ᠎ᠠ ᠪᠠ ᠯᠠᠪᠯᠠᠯᠲᠠ ᠬᠠᠩᠭᠠᠵᠤ᠂ ᠲᠧᠭᠨᠢᠭ ᠮᠡᠷᠭᠡᠵᠢᠯ ᠤ᠋ᠨ ᠦᠢᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠤ ᠪᠠᠢᠨ᠎ᠠ ᠃
ᠠᠮᠢ ᠠᠬᠤᠢ ᠣᠷᠴᠢᠨ ᠳᠤᠭᠤᠷᠢᠨ ᠡᠴᠡ ᠲᠠᠷᠢᠶᠠᠯᠠᠩ ᠦᠢᠯᠡᠳᠪᠦᠷᠢᠯᠡᠯ ᠤ᠋ᠨ ᠰᠠᠭᠤᠷᠢ ᠲᠥᠬᠥᠭᠡᠷᠦᠮᠵᠢ ᠬᠦᠷᠳᠡᠯ᠎ᠠ
ᠪᠣᠬᠢᠷᠲᠤᠯ ᠥᠬᠡᠢ ᠮᠠᠯᠵᠢᠬᠤ ᠲᠠᠷᠢᠶᠠᠯᠠᠬᠤ ᠣᠷᠣᠨ ᠢ᠋ ᠪᠦᠲᠦᠭᠡᠨ ᠪᠠᠢᠭᠤᠯᠬᠤ ᠵᠢᠨ ᠲᠥᠯᠥᠭᠡ᠂ ᠮᠠᠨ ᠤ᠋ ᠣᠷᠣᠨ ᠲᠠᠷᠢᠶᠠᠯᠠᠩ ᠤ᠋ᠨ ᠰᠠᠭᠤᠷᠢ ᠲᠥᠬᠥᠭᠡᠷᠦᠮᠵᠢ ᠵᠢ ᠶᠡᠬᠡ ᠪᠡᠷ ᠪᠦᠳᠦᠭᠡᠨ ᠪᠠᠢᠭᠤᠯᠪᠠ᠃ ᠨᠢᠳᠤᠨᠤᠨ ᠵᠡᠭᠦᠨ ᠬᠡᠰᠡᠭ ᠤ᠋ᠨ ᠭᠠᠵᠠᠷ ᠣᠷᠣᠨ ᠳ᠋ᠤ᠌ ᠴᠤᠤᠯ ᠭᠣᠣᠯ ᠤ᠋ᠨ ᠤᠰᠤ ᠵᠢ ᠯᠢᠶᠣᠣ ᠾᠧ ᠭᠣᠣᠯ ᠳ᠋ᠤ᠌ ᠲᠠᠳᠠᠬᠤ ᠢᠨᠵᠧᠨᠧᠷᠢᠩ ᠤ᠋ᠨ ᠪᠦᠳᠦᠬᠡᠨ ᠪᠠᠢᠭᠤᠯᠤᠯᠳᠠ ᠵᠢ ᠲᠦᠷᠬᠡᠳᠬᠡᠨ ᠠᠬᠢᠭᠤᠯᠵᠤ᠂ ᠪᠠᠷᠠᠭᠤᠨ ᠬᠡᠰᠡᠭ ᠤ᠋ᠨ ᠭᠠᠵᠠᠷ ᠣᠷᠣᠨ ᠳ᠋ᠤ᠌ ᠬᠠᠷ᠎ᠠ ᠭᠣᠣᠯ ᠤ᠋ᠨ ᠤᠰᠤ ᠵᠢ ᠰᠠᠯᠭᠠᠬᠤ ᠢᠨᠵᠧᠨᠧᠷᠢᠩ᠂ ᠬᠠᠢᠷᠤᠪ ᠤ᠋ᠨ ᠲᠣᠬᠣᠢ ᠵᠢᠨ ᠤᠰᠤᠨ ᠠᠰᠢᠭᠯᠠᠯᠲᠠ ᠵᠢᠨ ᠬᠦᠢᠰᠦ ᠵᠡᠷᠭᠡ ᠢᠨᠵᠧᠨᠧᠷᠢᠩ ᠢ᠋ ᠪᠦᠳᠦᠭᠡᠨ ᠪᠠᠢᠭᠤᠯᠵᠤ᠂ ᠣᠳᠣᠬᠠᠨ ᠳ᠋ᠤ᠌ ᠪᠠᠰᠠ ᠥᠪᠥᠷ ᠮᠣᠩᠭᠣᠯ ᠤ᠋ᠨ ᠰᠠᠯᠪᠤᠷᠢ ᠱᠤᠭᠤᠮ ᠤ᠋ᠨ ᠤᠰᠤ ᠬᠠᠩᠭᠠᠬᠤ ᠢᠨᠵᠧᠨᠧᠷᠢᠩ ᠪᠣᠯᠤᠨ ᠪᠣᠷᠣᠲᠣᠬᠣᠢ ᠵᠢᠨ ᠤᠰᠤᠯᠠᠯᠲᠠ ᠵᠢᠨ ᠣᠷᠣᠨ ᠤ᠋ ᠣᠳᠣᠬᠢᠴᠢᠯᠠᠬᠤ ᠥᠭᠡᠷᠡᠴᠢᠯᠡᠯᠲᠡ ᠵᠢᠨ ᠢᠨᠵᠧᠨᠧᠷᠢᠩ ᠢ᠋ ᠪᠦᠳᠦᠭᠡᠨ ᠪᠠᠢᠭᠤᠯᠵᠤ᠂ ᠵᠠᠷᠢᠮ ᠭᠠᠵᠠᠷ ᠤᠷᠤᠨ ᠤ᠋ ᠲᠠᠷᠢᠶᠠᠯᠠᠩ ᠤ᠋ᠨ ᠤᠰᠤ ᠳᠤᠲᠠᠭᠳᠠᠬᠤ ᠳᠠᠷᠤᠯᠲᠠ ᠵᠢ ᠪᠦᠳᠦᠮᠵᠢᠳᠠᠢ ᠬᠥᠩᠭᠡᠷᠡᠭᠦᠯᠪᠡ᠃
ᠨᠢᠳᠤᠨᠤᠨ ᠦᠪᠡᠷᠳᠡᠭᠡᠨ ᠵᠠᠰᠠᠬᠤ ᠤᠷᠤᠨ ᠡᠴᠡ ᠠᠮᠢ ᠠᠬᠤᠢ ᠵᠢᠨ ᠵᠠᠰᠠᠯᠲᠠ ᠵᠢᠨ ᠣᠷᠣᠨ ᠢ᠋ ᠤᠯᠤᠰ ᠤ᠋ᠨ ᠲᠥᠯᠥᠪᠵᠢᠭᠦᠯᠭᠡ ᠳ᠋ᠦ᠍ ᠣᠷᠣᠭᠤᠯᠵᠤ᠂ ᠪᠦᠬᠦ ᠵᠢᠯ ᠳ᠋ᠦ᠍ 556 ᠲᠦᠮᠡᠨ ᠮᠦ᠍ ᠮᠣᠳᠣ ᠲᠠᠷᠢᠨ᠂ 1817 ᠲᠦᠮᠡᠨ ᠮᠦ᠍ ᠡᠪᠡᠰᠦ ᠲᠠᠷᠢᠵᠤ᠂ 950 ᠲᠦᠮᠡᠨ ᠮᠦ᠍ ᠡᠯᠡᠰᠦ ᠵᠢ ᠰᠡᠷᠭᠡᠢᠯᠡᠨ ᠵᠠᠰᠠᠪᠠ᠃ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠵᠢ ᠰᠠᠢᠲᠤᠷ ᠠᠳᠭᠤᠵᠤ᠂ ᠬᠠᠳᠤᠨ ᠭᠤᠤᠯ ᠲᠠᠭᠠᠤ ᠤᠷᠤᠨ ᠤ᠋ 770 ᠡᠷᠦᠬᠡ᠂ 1853 ᠬᠥᠮᠦᠨ ᠢ᠋ ᠨᠡᠭᠦᠯᠭᠡᠨ ᠰᠢᠯᠵᠢᠭᠦᠯᠵᠤ ᠪᠦᠳᠦᠭᠡᠨ ᠪᠠᠢᠭᠤᠯᠤᠭᠰᠠᠨ ᠪᠠ ᠲᠠᠷᠢᠶᠠᠯᠠᠬᠤ ᠵᠢ ᠴᠠᠭᠠᠵᠠᠯᠠᠬᠤ ᠳᠠᠷᠢᠶᠠᠯᠠᠬᠤ ᠵᠢ ᠬᠢᠵᠠᠭᠠᠷᠯᠠᠬᠤ ᠣᠨ ᠤ᠋ ᠡᠭᠦᠷᠭᠡ ᠵᠢ ᠪᠡᠶᠡᠯᠡᠭᠦᠯᠵᠦ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠰᠢᠷᠠᠠᠤᠰᠤᠨ ᠭᠣᠣᠯ ᠤ᠋ᠨ ᠬᠢᠯᠢ ᠳᠣᠲᠣᠷᠠᠬᠢ ᠬᠡᠰᠡᠭ ᠤ᠋ᠨ ᠬᠠᠮᠠᠭᠠᠯᠠᠯᠲᠠ ᠵᠠᠰᠠᠯᠲᠠ ᠨᠢ ᠪᠦᠬᠦ ᠤᠯᠤᠰ ᠤ᠋ᠨ ᠦᠵᠡᠰᠭᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ ᠤ᠋ᠨ ᠰᠢᠯᠢᠳᠡᠭ ᠵᠢᠱ᠌ᠢᠶᠠ ᠪᠡᠷ ᠰᠣᠩᠭᠣᠭᠳᠠᠪᠠ᠃ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠰᠠᠢᠲᠤᠷ ᠬᠢᠵᠦ᠂ 21.3 ᠲᠦᠮᠡᠨ ᠡᠷᠦᠬᠡ ᠳ᠋ᠤ ᠠᠷᠢᠭᠤᠨ ᠴᠡᠪᠡᠷ ᠳᠤᠯᠠᠭᠠᠯᠠᠭ᠎ᠠ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠵᠢᠨ ᠨᠠᠭᠤᠷ ᠪᠠ ᠴᠠᠭᠠᠨᠨᠠᠭᠤᠷ ᠢ᠋ ᠶᠡᠷᠦᠩᠬᠡᠢᠯᠡᠨ ᠵᠠᠰᠠᠭᠰᠠᠨ ᠦᠷ᠎ᠡ ᠪᠦᠲᠦᠮᠵᠢ ᠨᠢ ᠤᠯᠤᠰ ᠤ᠋ᠨ ᠨᠤᠳᠠᠯᠠᠯᠳᠠ ᠵᠢ ᠤᠯᠵᠤ᠂ ᠤᠯᠠᠭᠠᠨᠰᠤᠬᠠᠢ ᠨᠠᠭᠤᠷ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠵᠢᠨ ᠳᠦᠷᠢᠮ ᠢ᠋ ᠨᠡᠢᠲᠡᠯᠡᠨ ᠬᠡᠷᠡᠭᠵᠢᠭᠦᠯᠵᠦ᠂ ᠪᠦᠬᠦ ᠣᠷᠣᠨ ᠤ᠋ ᠭᠠᠵᠠᠷ ᠳᠡᠭᠡᠷᠡᠬᠢ ᠤᠰᠤᠨ ᠤ᠋ ᠣᠭᠲᠣᠯᠤᠭᠠᠰᠤ ᠵᠢᠨ ᠰᠢᠯᠢᠳᠡᠭ ᠬᠠᠷᠢᠴᠠᠯ᠂ ᠦᠬᠠᠢ ᠵᠢᠴᠢ ᠡᠷᠭᠢᠨ ᠲᠣᠭᠣᠷᠢᠨ ᠤ᠋ ᠭᠠᠵᠠᠷ ᠣᠷᠣᠨ ᠤ᠋ PM2.5 ᠵᠢᠨ ᠥᠳᠭᠡᠴᠡ ᠵᠢᠨ ᠪᠠᠭᠤᠷᠠᠯᠳᠠ ᠨᠢ ᠲᠡᠦᠬᠡ ᠵᠢᠨ ᠬᠠᠮᠤᠭ ᠤ᠋ᠨ ᠰᠠᠢᠨ ᠲᠦᠪᠰᠢᠨ ᠳ᠋ᠦ᠍ ᠬᠦᠷᠴᠠᠢ᠃
ᠮᠠᠨ ᠤ᠋ ᠤᠷᠤᠨ ᠮᠠᠯ ᠠᠵᠤ ᠠᠬᠤᠢ ᠳᠠᠷᠢᠶᠠᠯᠠᠩ ᠤ᠋ᠨ ᠣᠳᠣᠬᠢᠴᠢᠯᠠᠯᠳᠠ ᠵᠢᠨ ᠠᠯᠬᠤᠭ᠎ᠠ ᠵᠢ ᠲᠦᠷᠬᠡᠳᠬᠡᠨ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠥᠷᠥᠯ ᠲᠡᠮᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠮᠠᠯ ᠠᠵᠤ ᠠᠬᠤᠢ ᠲᠠᠷᠢᠶᠠᠯᠠᠩ ᠤ᠋ᠨ ᠲᠠᠷᠠᠬᠠᠢ ᠪᠤᠲᠠᠷᠬᠠᠢ ᠪᠠᠢᠭᠰᠠᠨ ᠡᠴᠡ ᠡᠷᠴᠢᠮᠵᠢᠭᠰᠡᠨ ᠳᠠᠢᠰᠢ ᠬᠤᠪᠢᠷᠠᠬᠤ ᠵᠢ ᠠᠬᠢᠭᠤᠯᠪᠠ᠃ ᠲᠠᠷᠢᠶᠠᠨ ᠭᠠᠵᠠᠷ ᠢ᠋ ᠬᠠᠮᠠᠭᠠᠯᠠᠬᠤ ᠪᠠ ᠠᠮᠤ ᠪᠤᠳᠠᠭᠠᠨ ᠤ᠋ ᠠᠮᠤᠷ ᠲᠦᠪᠰᠢᠨ ᠤ᠋ ᠬᠠᠷᠢᠭᠤᠴᠠᠯᠭ᠎ᠠ ᠵᠢ ᠨᠠᠢᠳᠠᠪᠤᠷᠢᠵᠢᠭᠤᠯᠵᠤ᠂ ᠠᠮᠤ ᠪᠤᠳᠠᠭᠠᠨ ᠤ᠋ ᠲᠠᠷᠢᠮᠠᠯ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠤᠨ᠂ ᠬᠡᠪᠴᠢᠶᠡᠵᠢᠭᠰᠡᠨ ᠡᠵᠡᠩᠨᠡᠯᠲᠡ ᠵᠢ ᠲᠦᠷᠭᠡᠳᠭᠡᠨ ᠠᠬᠢᠭᠤᠯᠵᠤ᠂ ᠲᠥᠬᠥᠭᠡᠷᠦᠮᠵᠢᠳᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠵᠦ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ ᠤ᠋ ᠣᠳᠣᠬᠢᠴᠢᠯᠠᠭᠰᠠᠨ ᠥᠭᠡᠷᠡᠴᠢᠯᠡᠯᠲᠡ᠂ ᠤᠯᠤᠰ ᠤ᠋ᠨ ᠬᠤᠵᠢᠷᠯᠢᠭ ᠭᠠᠵᠠᠷ ᠤ᠋ᠨ ᠥᠭᠡᠷᠡᠴᠢᠯᠡᠯᠲᠡ ᠵᠢᠨ ᠶᠡᠷᠦᠩᠬᠡᠢᠯᠡᠨ ᠠᠰᠢᠭᠯᠠᠬᠤ ᠲᠤᠷᠰᠢᠯᠲᠠ ᠵᠢ ᠠᠬᠢᠭᠤᠯᠵᠤ᠂ ᠬᠢᠩᠭᠠᠨ ᠠᠢᠮᠠᠭ ᠤ᠋ᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠣᠷᠣᠨ ᠤ᠋ ᠪᠦᠲᠦᠭᠡᠨ ᠪᠠᠢᠭᠤᠯᠤᠯᠲᠠ ᠵᠢ ᠳᠡᠮᠵᠢᠪᠡ᠃ ᠡᠨᠡ ᠵᠢᠯ ᠪᠦᠬᠦ ᠣᠷᠣᠨ ᠳ᠋ᠤ᠌ 850 ᠲᠦᠮᠡᠨ ᠮᠦ᠍ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠰᠢᠨ᠎ᠡ ᠪᠡᠷ ᠪᠦᠳᠦᠭᠡᠨ ᠪᠠᠢᠭᠤᠯᠵᠤ᠂ 900 ᠲᠦᠮᠡᠨ ᠮᠦ᠍ ᠵᠢᠨ ᠬᠠᠷ᠎ᠠ ᠬᠥᠷᠥᠰᠥ ᠵᠢᠨ ᠬᠠᠮᠠᠭᠠᠯᠠᠯᠳᠠ ᠵᠢᠨ ᠢᠨᠵᠧᠨᠧᠷᠢᠩ ᠢ᠋ ᠬᠡᠷᠡᠭᠵᠢᠭᠦᠯᠦᠨ᠂ 24 ᠲᠦᠮᠡᠨ ᠮᠦ᠍ ᠵᠢᠨ ᠲᠥᠬᠦᠭᠡᠷᠦᠮᠵᠢᠲᠦ ᠲᠠᠷᠢᠶᠠᠯᠠᠩ ᠢ᠋ ᠰᠢᠨ᠎ᠡ ᠪᠡᠷ ᠪᠦᠳᠦᠭᠡᠨ ᠪᠠᠢᠭᠤᠯᠵᠤ᠂ 200 ᠬᠡᠪᠴᠢᠶᠡᠵᠢᠭᠰᠡᠨ ᠲᠡᠵᠢᠭᠡᠪᠦᠷᠢ ᠵᠢᠨ ᠲᠠᠯᠠᠪᠠᠢ ᠵᠢ ᠳᠡᠰ ᠳᠡᠪᠰᠢᠭᠦᠯᠦᠨ ᠥᠭᠡᠷᠡᠴᠢᠯᠡᠵᠦ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠳ᠋ᠤ᠌ ᠨᠡᠩ ᠶᠡᠬᠡ ᠥᠪᠥᠷ ᠮᠣᠩᠭᠣᠯ ᠤ᠋ᠨ ᠬᠦᠴᠦᠨ ᠴᠢᠳᠠᠯ ᠢ᠋ ᠨᠡᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃