ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-07-05 10:53:02

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠪᠡᠯᠴᠢᠭᠡᠷ ᠤ᠋ᠨ ᠮᠠᠯ ᠠᠵᠤ ᠠᠬᠤᠶ ᠵᠢᠨ ᠬᠥᠭ᠌ᠵᠢᠯᠲᠡ ᠵᠢᠨ 10 ᠰᠢᠨ᠎ᠡ ᠵᠠᠭ᠍ᠪᠤᠷ ⑩

ᠮᠠᠯ ᠠᠵᠤ ᠠᠬᠤᠶ ᠰᠣᠶᠣᠯ ᠵᠢᠭᠤᠯᠴᠢᠯᠠᠯ ᠢ᠋ ᠠᠭᠤᠰᠤᠯᠴᠠᠭᠤᠯᠬᠤ ᠵᠠᠭ᠍ᠪᠤᠷ ᠬᠡᠳᠡᠭ ᠨᠢ ᠮᠠᠯᠵᠢᠬᠤ ᠣᠷᠣᠨ ᠤ᠋ ᠠᠵᠤ ᠦᠶ᠋ᠯᠡᠰ ᠵᠢᠡᠷ ᠰᠠᠭᠤᠷᠢ ᠪᠣᠯᠭᠠᠨ ᠮᠠᠯ ᠮᠠᠯᠵᠢᠬᠤ ᠵᠢᠨ ᠬᠠᠮᠲᠤ ᠮᠠᠯᠵᠢᠬᠤ ᠣᠷᠣᠨ ᠤ᠋ ᠵᠢᠭᠤᠯᠴᠢᠯᠠᠯ ᠢ᠋ ᠬᠥᠭ᠌ᠵᠢᠭᠦᠯᠵᠦ᠍᠂ ᠦᠶ᠋ᠯᠡᠳᠪᠦᠷᠢᠯᠡᠯ᠂ ᠪᠤᠯᠪᠠᠰᠤᠷᠠᠭᠤᠯᠤᠯᠳᠠ ᠪᠠ ᠦᠶ᠋ᠯᠡᠴᠢᠯᠡᠬᠡ ᠭᠤᠷᠪᠠᠨ ᠭᠣᠭ᠍ᠴᠣᠭ᠎ᠠ ᠶ᠋ᠢ ᠳᠠᠢᠴᠢᠯᠠᠨ ᠬᠣᠯᠪᠣᠭᠠᠯᠠᠵᠤ ᠣᠷᠣᠯᠭ᠎ᠠ ᠪᠡᠨ ᠨᠡᠮᠡᠭ᠌ᠳᠡᠭᠦᠯᠬᠦ᠌ ᠵᠢ ᠬᠡᠯᠡᠵᠤ ᠪᠠᠢᠨ᠎ᠠ᠃

《ᠲᠤᠰ ᠵᠠᠭᠪᠤᠷ ᠪᠤᠯ ᠬᠦᠳᠡᠬᠡ ᠲᠤᠰᠬᠤᠨ ᠢ᠋ ᠬᠦᠭᠵᠢᠬᠦᠯᠤᠨ ᠮᠠᠨᠳᠤᠭᠤᠯᠬᠤ᠂ ᠮᠠᠯᠴᠢᠳ ᠤ᠋ᠨ ᠤᠷᠤᠯᠭ᠎ᠠ ᠵᠢ ᠨᠡᠮᠡᠭᠳᠡᠬᠦᠯᠬᠦ᠂ ᠨᠤᠳᠤᠭ ᠪᠡᠯᠴᠢᠬᠡᠷ ᠤ᠋ᠨ ᠠᠮᠢ ᠠᠬᠤᠢ ᠵᠢ ᠬᠠᠮᠠᠭᠠᠯᠠᠬᠤ᠂ ᠪᠡᠯᠴᠢᠬᠡᠷ ᠤ᠋ᠨ ᠮᠠᠯ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠵᠢᠨ ᠴᠢᠬᠤᠯᠠ ᠠᠷᠭ᠎ᠠ ᠵᠠᠮ ᠪᠤᠯᠬᠤ ᠶᠤᠮ》 ᠬᠡᠵᠤ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠯ ᠠᠵᠤ ᠠᠬᠤᠢ ᠵᠢᠨ ᠳᠤᠪᠴᠢᠶ᠎ᠠ ᠵᠢᠨ ᠳᠡᠳ᠋ ᠳᠠᠷᠤᠭ᠎ᠠ ᠳᠦ ᠵᠧ ᠳᠠᠨᠢᠯᠴᠠᠭᠤᠯᠤᠯ᠎ᠠ᠃ ᠰᠢᠯᠢ ᠵᠢᠨ ᠭᠣᠣᠯ ᠠᠢᠮᠠᠭ ᠤ᠋ᠨ ᠲᠤᠯᠤᠨ ᠨᠤᠤᠷ ᠰᠢᠶᠠᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠳ᠋ᠤ᠌ ᠪᠠᠢᠷᠢᠯᠠᠵᠤ᠂ ᠥᠪᠥᠷ ᠮᠣᠩᠭᠣᠯ ᠤ᠋ᠨ ᠪᠡᠭᠡᠵᠢᠩ ᠡᠴᠡ ᠬᠠᠮᠤᠭ ᠤ᠋ᠨ ᠣᠢᠷ᠎ᠠ ᠪᠠᠢᠳᠠᠭ ᠬᠣᠰᠢᠭᠤ ᠰᠢᠶᠠᠨ ᠪᠣᠯᠤᠨ᠎ᠠ᠂ ᠮᠥᠨ ᠴᠥ᠍ ᠪᠡᠭᠡᠵᠢᠩ ᠲᠢᠶᠠᠨᠵᠢᠨ ᠾᠧᠪᠧᠢ ᠣᠷᠣᠨ ᠤ᠋ ᠴᠢᠬᠤᠯᠠ ᠠᠮᠢ ᠠᠬᠤᠢ ᠵᠢᠨ ᠬᠠᠯᠬᠠᠪᠴᠢ ᠪᠤᠯᠬᠤ ᠶᠤᠮ᠃ ᠲᠤᠯᠤᠨ ᠨᠤᠤᠷ ᠰᠢᠶᠠᠨ ᠤ᠋ ᠯᠤᠸᠠᠨ ᠶᠤᠸᠠᠨ ᠪᠠᠯᠭᠠᠰᠤ ᠵᠢᠨ ᠸᠧᠨ ᠲᠠᠩ ᠾᠧ ᠲᠣᠰᠭᠣᠨ 《ᠨᠤᠲᠤᠭ ᠤ᠋ᠨ ᠣᠨᠴᠠ ᠭᠠᠷᠤᠯᠲᠠ ᠵᠢᠨ ᠳᠠᠮᠵᠢᠭᠤᠯᠭ᠎ᠠ ᠵᠢᠨ ᠬᠦᠮᠦᠷᠭᠡ + ᠠᠷᠠᠳ ᠤ᠋ᠨ ᠪᠠᠭᠤᠳᠠᠯ》 ᠤ᠋ᠨ ᠠᠷᠭ᠎ᠠ ᠬᠡᠯᠪᠡᠷᠢ ᠪᠡᠷ ᠮᠠᠯ ᠠᠵᠤ ᠠᠬᠤᠢ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠬᠥᠭᠵᠢᠭᠦᠯᠵᠤ᠂ ᠮᠠᠯᠴᠢᠨ ᠲᠠᠷᠢᠶᠠᠴᠢᠳ ᠤ᠋ᠨ ᠦᠢᠯᠡᠳᠪᠦᠷᠢᠯᠡᠯ ᠤ᠋ᠨ ᠬᠡᠯᠪᠡᠷᠢ ᠪᠠᠨ ᠬᠤᠪᠢᠷᠠᠭᠤᠯᠵᠤ ᠣᠷᠣᠯᠭ᠎ᠠ ᠪᠠᠨ ᠨᠡᠮᠡᠭᠳᠡᠭᠦᠯᠬᠦ ᠵᠢ ᠶᠡᠬᠡ ᠪᠡᠷ ᠠᠬᠢᠭᠤᠯᠪᠠ᠃


5107748_baix_1719890656839_m.jpg


— 《ᠵᠢᠭᠤᠯᠴᠢᠯᠠᠯ ᠤ᠋ᠨ ᠴᠤᠭᠯᠠᠭ᠎ᠠ ᠮᠠᠢᠮᠠᠢ》 ᠵᠢ ᠡᠷᠬᠢᠯᠡᠨ ᠬᠦᠭᠵᠢᠬᠡᠪᠡ᠃ ᠸᠧᠨ ᠲᠠᠩ ᠾᠧ ᠲᠣᠰᠭᠣᠨ ᠾᠧᠪᠧᠢ ᠮᠤᠵᠢ ᠵᠢᠨ ᠰᠠᠢᠬᠠᠨᠳᠠᠪᠠᠭ᠎ᠠ ᠪᠤᠯᠤᠨ ᠤᠯᠠᠭᠠᠨᠬᠠᠳᠠ ᠬᠤᠳᠠ ᠵᠢᠨ ᠬᠡᠰᠢᠭᠲᠡᠨ ᠬᠤᠰᠢᠭᠤ ᠵᠡᠷᠬᠡ ᠡᠷᠭᠢᠨ ᠲᠣᠭᠣᠷᠢᠨ ᠤ᠋ ᠭᠠᠵᠠᠷ ᠤ᠋ᠨ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠲᠦ᠍ ᠲᠦᠰᠢᠭᠯᠡᠨ ᠾᠧᠪᠧᠢ ᠵᠢᠨ ᠰᠢᠩ ᠯᠢᠤᠢ ᠠᠷᠠᠯᠵᠢᠶ᠎ᠠ ᠬᠤᠳᠠᠯᠳᠤᠭᠠᠨ ᠤ᠋ ᠬᠢᠵᠠᠭᠠᠷᠲᠤ ᠺᠣᠮᠫᠠᠨᠢ ᠵᠢ ᠣᠷᠣᠭᠤᠯᠤᠨ ᠠᠪᠴᠢᠷᠠᠵᠤ᠂ 185 ᠲᠦᠮᠡᠨ ᠲᠥᠭᠥᠷᠢᠭ ᠤ᠋ᠨ ᠪᠡᠯᠡ ᠣᠷᠣᠭᠤᠯᠵᠤ ᠪᠠᠢᠭᠠᠳ 4000 ᠲᠡᠭᠰᠢ ᠳᠥᠷᠪᠡᠯᠵᠢᠨ ᠮᠸᠲᠷ ᠪᠦᠬᠦᠢ ᠨᠤᠲᠤᠭ ᠤ᠋ᠨ ᠣᠨᠴᠠ ᠭᠠᠷᠤᠯᠲᠠ ᠵᠢᠨ ᠳᠠᠮᠵᠢᠭᠤᠯᠭ᠎ᠠ ᠵᠢᠨ ᠬᠥᠮᠥᠷᠭᠡ — ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠪᠥᠭᠡᠮ ᠵᠢᠡᠷ ᠪᠤᠷᠤᠯᠠᠭᠤᠯᠬᠤ ᠬᠡᠳᠦ ᠳᠡᠯᠭᠡᠭᠦᠷ ᠢ᠋ ᠪᠠᠢᠭᠤᠯᠪᠠ᠃ ᠨᠤᠲᠤᠭ ᠤ᠋ᠨ ᠣᠨᠴᠠ ᠭᠠᠷᠤᠯᠲᠠ ᠵᠢᠨ ᠳᠠᠮᠵᠢᠭᠤᠯᠭ᠎ᠠ ᠵᠢᠨ ᠬᠥᠮᠥᠷᠭᠡ ᠵᠢᠨ ᠬᠢᠨ ᠾᠧᠪᠧᠢ ᠵᠢᠨ ᠴᠧᠩᠳ᠋ᠧ᠂ ᠴᠢᠨ ᠬᠤᠸᠠᠩ ᠳ᠋ᠣᠣ᠂ ᠱᠠᠨᠳᠦ᠋ᠩ᠂ ᠱᠠᠨ ᠰᠢ᠂ ᠾᠧᠨᠠᠨ ᠪᠣᠯᠤᠨ ᠬᠥᠬᠡᠬᠣᠲᠠ ᠵᠡᠷᠭᠡ ᠤᠯᠤᠰ ᠤ᠋ᠨ ᠳᠣᠲᠣᠭᠠᠳᠤ ᠵᠢᠨ 100 ᠭᠠᠷᠤᠢ ᠵᠢᠭᠤᠯᠴᠢᠯᠠᠯ ᠤ᠋ᠨ ᠺᠣᠮᠫᠠᠨᠢ ᠲᠠᠢ ᠬᠠᠮᠲᠤᠷᠠᠨ ᠵᠢᠭᠤᠯᠴᠢᠯᠠᠭᠰᠠᠳ ᠢ᠋ ᠳᠠᠳᠠᠨ ᠠᠪᠴᠢᠷᠠᠵᠤ᠂ ᠡᠩ ᠤ᠋ᠨ ᠦᠶ᠎ᠠ ᠳ᠋ᠤ ᠭᠠᠭᠴᠠ ᠡᠳᠦᠷ ᠤ᠋ᠨ ᠬᠦᠯᠢᠶᠡᠨ ᠠᠪᠬᠤ ᠵᠢᠭᠤᠯᠴᠢᠯᠠᠭᠴᠢ ᠨᠢ 1000 — 2000 ᠬᠦᠮᠦᠨ ᠳ᠋ᠤ ᠬᠦᠷᠴᠦ᠂ ᠵᠢᠯ ᠪᠦᠷᠢ ᠳᠤᠰᠬᠤᠨ ᠤ᠋ ᠬᠠᠮᠲᠤ ᠵᠢᠨ ᠠᠵᠤ ᠠᠬᠤᠢ ᠳ᠋ᠤ᠌ 10 ᠲᠦᠮᠡᠨ ᠲᠥᠭᠥᠷᠢᠭ ᠡᠴᠡ ᠳᠡᠭᠡᠭᠰᠢᠬᠢ ᠣᠷᠣᠯᠭ᠎ᠠ ᠨᠡᠮᠡᠷᠢᠯᠡᠵᠤ ᠪᠠᠢᠨ᠎ᠠ᠃ ᠤᠳᠤ ᠳᠠᠮᠵᠢᠭᠤᠯᠭ᠎ᠠ ᠵᠢᠨ ᠬᠥᠮᠥᠷᠭᠡ ᠳ᠋ᠡᠬᠡᠨ ᠭᠤᠤᠯᠳᠠᠭᠤ ᠮᠠᠯ ᠠᠵᠤ ᠠᠬᠤᠢ ᠲᠠᠷᠢᠶᠠᠯᠠᠩ ᠤ᠋ᠨ ᠲᠤᠰᠠᠯᠠᠬᠤ ᠪᠦᠲᠦᠭᠡᠭᠳᠡᠬᠦᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠦᠲᠦᠭᠡᠭᠳᠡᠬᠦᠨ ᠢ᠋ ᠪᠣᠷᠣᠯᠠᠭᠤᠯᠬᠤ ᠪᠠ ᠰᠣᠶᠣᠯ ᠤ᠋ᠨ ᠪᠦᠳᠦᠭᠡᠯᠴᠢ ᠪᠦᠲᠦᠭᠡᠭᠳᠡᠬᠦᠨ ᠢ᠋ ᠰᠤᠳᠤᠯᠤᠨ ᠨᠡᠭᠡᠭᠡᠵᠤ᠂ ᠬᠦᠷᠦᠯᠴᠡᠨ ᠢᠷᠡᠭᠰᠡᠨ ᠵᠢᠭᠤᠯᠴᠢᠯᠠᠭᠰᠠᠳ ᠲᠤ᠌ ᠨᠤᠲᠤᠭ ᠤ᠋ᠨ ᠣᠨᠴᠠ ᠭᠠᠷᠤᠯᠲᠠ ᠪᠠᠨ ᠲᠥᠪᠯᠡᠷᠡᠭᠦᠯᠦᠨ ᠬᠤᠳᠠᠯᠳᠤᠵᠤ ᠪᠤᠢ᠃ ᠡᠨᠡ ᠨᠢ ᠨᠢᠬᠡ ᠲᠠᠯ᠎ᠠ ᠪᠡᠷ ᠲᠤᠬᠠᠢ ᠵᠢᠨ ᠭᠠᠵᠠᠷ ᠤ᠋ᠨ ᠮᠠᠯᠴᠢᠨ ᠲᠠᠷᠢᠶᠠᠴᠢᠳ ᠲᠦ᠍ ᠭᠡᠷ ᠤ᠋ᠨ ᠡᠭᠦᠳᠡᠨ ᠳ᠋ᠡᠭᠡᠨ ᠠᠵᠢᠯ ᠣᠯᠬᠤ ᠲᠣᠬᠢᠶᠠᠯ ᠣᠯᠭᠤᠵᠤ᠂ ᠨᠢᠳᠤᠨᠤᠨ ᠤ᠋ 8 ᠰᠠᠷ᠎ᠠ ᠪᠣᠯᠲᠠᠯ᠎ᠠ ᠲᠤᠬᠠᠢ ᠵᠢᠨ ᠭᠠᠵᠠᠷ ᠤ᠋ᠨ ᠭᠡᠷ ᠲᠡᠭᠡᠨ ᠬᠣᠴᠣᠷᠤᠭᠰᠠᠨ ᠡᠮᠡᠭᠲᠡᠢᠴᠦᠳ᠂ ᠨᠤᠲᠤᠭ ᠲᠠᠭᠠᠨ ᠪᠤᠴᠠᠭᠰᠠᠨ ᠬᠥᠳᠡᠯᠮᠦᠷᠢ ᠬᠦᠴᠦᠨ ᠳ᠋ᠤ 35 ᠠᠵᠢᠯ ᠤ᠋ᠨ ᠪᠠᠢᠷᠢ ᠬᠠᠩᠭᠠᠨ᠂ ᠬᠥᠮᠦᠨ ᠳᠤᠮᠳᠠᠴᠢ ᠵᠢᠨ ᠰᠠᠷ᠎ᠠ ᠵᠢᠨ ᠣᠷᠣᠯᠭ᠎ᠠ ᠨᠢ 4000 ᠲᠥᠭᠥᠷᠢᠭ ᠲᠦ᠍ ᠬᠦᠷᠴᠠᠢ᠃ ᠨᠦᠬᠦᠬᠡ ᠲᠠᠯ᠎ᠠ ᠪᠡᠷ ᠲᠤᠬᠠᠢ ᠵᠢᠨ ᠭᠠᠵᠠᠷ ᠤ᠋ᠨ ᠣᠳᠣ ᠦᠶ᠎ᠡ ᠵᠢᠨ ᠡᠳ᠋ ᠪᠠᠷᠠᠭᠠᠨ ᠤ᠋ ᠭᠦᠢᠯᠭᠡᠭᠡ ᠵᠢ ᠳᠠᠢᠴᠢᠯᠠᠨ᠂ ᠣᠢᠷ᠎ᠠ ᠬᠠᠪᠢ ᠵᠢᠨ ᠲᠣᠰᠭᠣᠨ ᠤ᠋ 40 ᠬᠥᠮᠦᠨ ᠳ᠋ᠦ᠍ ᠠᠵᠢᠯ ᠣᠯᠭᠣᠵᠤ᠂ ᠬᠦᠮᠦᠨ ᠲᠤᠮᠳᠠᠴᠢ ᠵᠢᠨ ᠰᠠᠷ᠎ᠠ ᠵᠢᠨ ᠣᠷᠣᠯᠭ᠎ᠠ ᠨᠢ 3600 ᠲᠦᠭᠦᠷᠢᠭ ᠲᠦ᠍ ᠬᠦᠷᠴᠠᠢ᠃

— 《ᠠᠷᠠᠳ ᠤ᠋ᠨ ᠰᠠᠭᠤᠴᠠ ᠵᠢᠨ ᠵᠢᠵᠢᠭ ᠪᠠᠯᠭᠠᠰᠤ》 ᠵᠢ ᠪᠠᠢᠭᠤᠯᠤᠨ ᠬᠦᠵᠢᠬᠦᠯᠪᠡ᠃ ᠸᠸᠨ ᠳᠠᠩ ᠾᠧ ᠲᠣᠰᠭᠣᠨ ᠠᠮᠢᠳᠤᠷᠠᠯ ᠤ᠋ᠨ ᠳᠤᠭᠤᠷᠢᠭ ᠪᠠ ᠲᠠᠵᠢᠬᠡᠪᠤᠷᠢ ᠵᠢᠨ ᠳᠤᠭᠤᠷᠢᠭ ᠢ᠋ ᠲᠦᠪᠯᠡᠷᠡᠬᠦᠯᠦᠨ ᠪᠠᠢᠭᠤᠯᠵᠤ᠂ ᠲᠤᠰᠬᠤᠨ ᠤ᠋ ᠠᠷᠠᠳ ᠤ᠋ᠨ ᠤᠤᠯ ᠤ᠋ᠨ ᠣᠷᠣᠨ ᠰᠠᠭᠤᠴᠠ ᠪᠠ ᠬᠦᠷᠢᠶ᠎ᠠ ᠬᠠᠰᠢᠶ᠎ᠠ ᠪᠠᠨ ᠥᠭᠡᠷᠡᠴᠢᠯᠡᠨ ᠠᠷᠠᠳ ᠤ᠋ᠨ ᠰᠠᠭᠤᠴᠠ᠂ ᠲᠠᠷᠢᠶᠠᠴᠢᠨ ᠠᠢᠯ ᠤ᠋ᠨ ᠵᠢᠭᠤᠯᠴᠢᠯᠠᠯ᠂ ᠮᠠᠯᠴᠢᠨ ᠠᠢᠯ ᠤ᠋ᠨ ᠵᠢᠭᠤᠯᠴᠢᠯᠠᠯ ᠡᠷᠬᠢᠯᠡᠬᠦ ᠵᠢ ᠵᠣᠷᠢᠭᠵᠢᠭᠤᠯᠵᠤ᠂ ᠲᠦᠷᠢᠶᠡᠰᠦᠯᠡᠯ ᠤ᠋ᠨ ᠬᠡᠯᠪᠡᠷᠢ ᠪᠡᠷ ᠨᠢᠭᠡᠳᠦᠯᠲᠡᠢ ᠬᠠᠮᠢᠶᠠᠷᠤᠯᠲᠠ ᠬᠢᠵᠤ᠂ ᠢᠯᠡ ᠲᠣᠳᠣ ᠣᠨᠴᠠᠯᠢᠭ ᠪᠦᠬᠦᠢ 《ᠬᠦᠷᠢᠶ᠎ᠡ ᠬᠠᠰᠢᠶᠠᠨ ᠤ᠋ ᠣᠢ ᠰᠢᠭᠤᠢ ᠵᠢ ᠡᠳ᠋ᠯᠡᠬᠦ᠂ ᠨᠤᠳᠤᠭ ᠤ᠋ᠨ ᠴᠢᠯᠠᠭᠤᠨ ᠤ᠋ ᠦᠯᠢᠭᠡᠷ ᠢ᠋ ᠰᠤᠨᠤᠰᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠪᠠᠶᠡᠴᠢᠯᠡᠨ ᠤᠢᠯᠠᠭᠠᠬᠤ᠂ ᠤᠳᠤᠳ ᠲᠦᠭᠡᠭᠰᠡᠨ ᠰᠦᠨᠢ ᠵᠢᠨ ᠤᠭᠳᠠᠷᠭᠤᠢ ᠵᠢ ᠰᠤᠨᠢᠷᠬᠠᠬᠤ》 ᠬᠦᠳᠡᠬᠡ ᠲᠤᠰᠬᠤᠨ ᠤ᠋ ᠵᠢᠭᠤᠯᠴᠢᠯᠠᠯ ᠢ᠋ ᠬᠦᠭᠵᠢᠬᠦᠯᠵᠤ᠂ ᠳᠥᠭᠥᠮ ᠲᠦᠳᠡ ᠪᠦᠭᠡᠳ ᠬᠡᠷᠡᠭᠯᠡᠭᠡᠨ ᠤ᠋ ᠴᠢᠨᠠᠷ ᠲᠠᠢ᠂ ᠡᠷᠡᠭᠦᠯ ᠰᠠᠷᠠᠭᠤᠯ ᠤᠮᠠᠷᠠᠲᠤ ᠵᠢᠨ ᠬᠦᠷᠢᠶ᠎ᠡ ᠬᠠᠰᠢᠶ᠎ᠠ ᠵᠢᠨ ᠬᠡᠪ ᠨᠠᠮᠪᠠ ᠵᠢ ᠢᠯᠡᠷᠡᠭᠦᠯᠤᠨ᠂ ᠨᠠᠮ ᠰᠡᠯᠡᠭᠦᠨ ᠠᠮᠢᠳᠤᠷᠠᠯ ᠢ᠋ ᠡᠳ᠋ᠯᠡᠬᠦᠯᠬᠦ᠂ ᠤᠮᠠᠷᠠᠲᠤ ᠵᠢᠨ ᠥᠩᠭᠡ ᠦᠵᠡᠮᠵᠢ ᠵᠢ ᠰᠤᠨᠢᠷᠬᠠᠭᠤᠯᠬᠤ ᠵᠢ ᠴᠢᠬᠤᠯᠠᠴᠢᠯᠠᠵᠤ᠂ ᠨᠠᠷᠬᠢᠶᠠᠨᠳᠤ ᠬᠤᠳᠠ ᠡᠴᠡ ᠢᠷᠡᠭᠰᠡᠨ ᠵᠢᠭᠤᠯᠴᠢᠯᠠᠭᠰᠠᠳ ᠤ᠋ᠨ ᠲᠠᠭᠠᠰᠢᠶᠠᠯ ᠳ᠋ᠤ ᠬᠦᠷᠴᠠᠢ᠃ 《ᠠᠷᠠᠳ ᠤ᠋ᠨ ᠪᠠᠭᠤᠴᠠ ᠵᠢᠨ ᠵᠢᠵᠢᠭ ᠪᠠᠯᠭᠠᠰᠤ》 ᠵᠢ ᠡᠵᠡᠩᠨᠡᠯᠳᠠ ᠳ᠋ᠤ ᠤᠷᠤᠭᠤᠯᠤᠭᠰᠠᠨ ᠡᠴᠡ ᠨᠠᠭᠠᠰᠢ᠂ ᠲᠣᠰᠭᠣᠨ ᠤ᠋ ᠠᠷᠠᠳ ᠤ᠋ᠨ ᠡᠷᠦᠬᠡ ᠪᠦᠷᠢ ᠵᠢᠨ ᠵᠢᠯ ᠤ᠋ᠨ ᠤᠷᠤᠯᠭ᠎ᠠ ᠵᠢ ᠲᠤᠮᠳᠠᠴᠢ ᠪᠡᠷ 5 ᠲᠦᠮᠡᠨ ᠲᠥᠭᠥᠷᠢᠭ ᠡᠴᠡ ᠳᠡᠭᠡᠭᠰᠢ ᠨᠡᠮᠡᠭᠳᠡᠬᠦᠯᠵᠤ᠂ 《ᠦᠵᠡᠰᠭᠦᠯᠡᠩᠲᠦ ᠰᠠᠢᠬᠠᠨ ᠠᠮᠢ ᠠᠬᠤᠢ》 ᠵᠢ 《ᠦᠵᠡᠰᠭᠦᠯᠡᠩᠲᠦ ᠰᠠᠢᠬᠠᠨ ᠠᠵᠤ ᠠᠬᠤᠢ》 ᠪᠤᠯᠭᠠᠨ ᠬᠤᠪᠢᠷᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面