2024-06-14 11:32:02
ᠬᠦᠢᠲᠡᠨ ᠤᠯᠠᠷᠢᠯ ᠳ᠋ᠤ᠌ ᠣᠨᠳᠣᠣ ᠭᠠᠵᠠᠷ ᠲᠤ᠌ ᠲᠡᠵᠢᠭᠡᠨ ᠦᠷᠡᠵᠢᠭᠦᠯᠬᠦ ᠵᠠᠭᠪᠤᠷ ᠬᠡᠳᠡᠭ ᠨᠢ ᠡᠰᠢ ᠰᠦᠷᠡᠯ ᠵᠢᠡᠷ ᠡᠯᠪᠡᠭ ᠪᠠᠢᠭ᠎ᠠ ᠮᠠᠯ ᠠᠵᠤ ᠠᠬᠤᠶ ᠲᠠᠷᠢᠶᠠᠯᠠᠩ ᠰᠣᠯᠪᠢᠴᠠᠭ᠍ᠰᠠᠨ ᠣᠷᠣᠨ ᠪᠠ ᠲᠠᠷᠢᠶᠠᠯᠠᠬᠤ ᠣᠷᠣᠨ ᠳ᠋ᠤ ᠭᠠᠴᠠᠭ᠎ᠠ ᠬᠢᠬᠡᠳ ᠲᠣᠰᠭᠣᠨ᠂ ᠮᠠᠯᠵᠢᠬᠤ ᠡᠷᠦᠬᠡ ᠬᠢᠬᠡᠳ ᠲᠠᠷᠢᠶᠠᠯᠠᠬᠤ ᠡᠷᠦᠬᠡ ᠵᠢᠨ ᠬᠠᠷᠢᠯᠴᠠᠨ ᠬᠠᠮᠳᠤᠷᠠᠯᠴᠠᠵᠤ ᠬᠠᠷᠢᠯᠴᠠᠨ ᠨᠥᠬᠥᠪᠥᠷᠢᠯᠡᠬᠦ᠌ ᠵᠢ ᠠᠬᠢᠭᠤᠯᠵᠤ᠂ ᠮᠠᠯᠵᠢᠬᠤ ᠭᠠᠴᠠᠭ᠎ᠠ ᠪᠤᠶᠤ ᠮᠠᠯᠵᠢᠬᠤ ᠡᠷᠦᠬᠡ ᠨᠢ ᠲᠠᠷᠢᠶᠠᠯᠠᠬᠤ ᠣᠷᠣᠨ ᠤ᠋ ᠨᠠᠮᠤᠷ ᠤ᠋ᠨ ᠬᠤᠷᠢᠶᠠᠯᠲᠠ ᠵᠢᠨ ᠳᠠᠷᠠᠭᠠᠬᠢ ᠲᠠᠷᠢᠶᠠᠨ ᠭᠠᠵᠠᠷ ᠢ᠋ ᠲᠦᠷᠢᠶᠡᠰᠦᠯᠡᠨ ᠮᠠᠯ ᠵᠢᠡᠨ ᠪᠡᠯᠴᠢᠬᠡᠷᠯᠡᠬᠦᠯᠵᠤ᠂ ᠲᠠᠷᠢᠶᠠᠯᠠᠬᠤ ᠤᠷᠤᠨ ᠳ᠋ᠤ ᠤᠳᠤᠷᠯᠠᠨ ᠡᠪᠤᠯᠵᠢᠬᠦ ᠵᠢ ᠬᠡᠯᠡᠵᠤ ᠪᠠᠢᠨ᠎ᠠ᠃
《ᠲᠤᠰ ᠵᠠᠭᠪᠤᠷ ᠨᠢ ᠨᠢᠬᠡ ᠲᠠᠯ᠎ᠠ ᠪᠡᠷ ᠮᠠᠯᠵᠢᠬᠤ ᠤᠷᠤᠨ ᠤ᠋ ᠲᠡᠵᠢᠭᠡᠯ ᠡᠪᠡᠰᠦ ᠨᠥᠭᠡᠴᠡᠯᠡᠬᠦ ᠬᠡᠮᠵᠢᠶ᠎ᠡ ᠵᠢ ᠪᠠᠭᠠᠰᠬᠠᠨ᠂ ᠬᠠᠳᠤᠯᠠᠩ ᠠᠪᠬᠤ ᠬᠡᠮᠵᠢᠶ᠎ᠡ ᠵᠢ ᠪᠠᠭᠠᠰᠬᠠᠵᠤ ᠪᠣᠯᠤᠨ᠎ᠠ᠃ ᠨᠦᠬᠦᠬᠡ ᠲᠠᠯ᠎ᠠ ᠪᠡᠷ ᠲᠠᠷᠢᠶᠠᠯᠠᠬᠤ ᠣᠷᠣᠨ ᠤ᠋ ᠡᠰᠢ ᠰᠦᠷᠡᠯ ᠵᠡᠷᠭᠡ ᠡᠬᠢ ᠪᠠᠶᠠᠯᠢᠭ ᠢ᠋ ᠪᠦᠲᠦᠮᠵᠢᠲᠡᠢ ᠠᠰᠢᠭᠯᠠᠬᠤ ᠵᠢᠨ ᠬᠠᠮᠳᠤ ᠮᠠᠯ ᠤᠨᠤᠭ᠎ᠠ ᠵᠢᠨ ᠢᠯᠭᠠᠳᠠᠰᠤ ᠨᠢ ᠪᠠᠰᠠ ᠲᠠᠷᠢᠶᠠᠨ ᠭᠠᠵᠠᠷ ᠤ᠋ᠨ ᠰᠢᠮ᠎ᠡ ᠬᠦᠴᠦ ᠵᠢ ᠲᠠᠬᠡᠭᠰᠢᠯᠡᠬᠦᠯᠳᠡᠭ ᠪᠤᠯᠬᠤᠷ ᠠᠮᠢ ᠠᠬᠤᠢ ᠵᠢᠨ ᠦᠷ᠎ᠡ ᠠᠰᠢᠭ ᠵᠢᠡᠷ ᠳᠣᠪᠣᠢᠮ᠎ᠠ ᠪᠠᠢᠳᠠᠭ ᠶᠤᠮ》 ᠭᠡᠵᠤ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠯ ᠠᠵᠤ ᠠᠬᠤᠢ ᠵᠢᠨ ᠳᠤᠪᠴᠢᠶ᠎ᠠ ᠵᠢᠨ ᠳᠡᠳ᠋ ᠳᠠᠷᠤᠭ᠎ᠠ ᠳᠦ ᠵᠧ ᠳᠠᠨᠢᠯᠴᠠᠭᠤᠯᠤᠯ᠎ᠠ᠃
ᠪᠠᠶᠠᠨᠨᠠᠭᠤᠷ ᠬᠣᠲᠠ ᠵᠢᠨ ᠬᠣᠢᠲᠤ ᠪᠡᠶ᠎ᠡ ᠵᠢᠨ ᠠᠭᠤᠯᠠᠨ ᠭᠠᠵᠠᠷ ᠤ᠋ᠨ ᠮᠠᠯᠵᠢᠬᠤ ᠣᠷᠣᠨ ᠨᠢ ᠡᠮᠦᠨ᠎ᠡ ᠪᠡᠶ᠎ᠡ ᠵᠢᠨ ᠪᠤᠷᠤᠳᠤᠬᠤᠢ ᠵᠢᠨ ᠤᠰᠤᠯᠠᠯᠲᠠ ᠵᠢᠨ ᠣᠷᠣᠨ ᠳ᠋ᠤ᠌ ᠲᠦᠰᠢᠭᠯᠡᠵᠦ᠂ ᠬᠥᠯᠥᠨ ᠪᠤᠢᠷ ᠬᠣᠲᠠ ᠵᠢᠨ ᠬᠢᠩᠭᠠᠨ ᠳᠠᠪᠠᠭᠠᠨ ᠤ᠋ ᠬᠤᠢᠳᠤ ᠪᠠᠶ᠎ᠠ ᠵᠢᠨ ᠮᠠᠯᠵᠢᠬᠤ ᠣᠷᠣᠨ ᠨᠢ ᠬᠢᠩᠭᠠᠨ ᠲᠠᠪᠠᠭᠠᠨ ᠤ᠋ ᠡᠮᠤᠨ᠎ᠠ ᠪᠠᠶ᠎ᠠ ᠵᠢᠨ ᠲᠠᠷᠢᠶᠠᠯᠠᠬᠤ ᠣᠷᠣᠨ ᠤ᠋ ᠡᠯᠪᠡᠭ ᠲᠠᠯᠪᠡᠭ ᠳᠡᠵᠢᠭᠡᠯ ᠡᠪᠡᠰᠦ ᠪᠠ ᠡᠰᠢ ᠰᠦᠷᠡᠯ ᠤ᠋ᠨ ᠡᠬᠢ ᠪᠠᠶᠠᠯᠢᠭ ᠲᠤ᠌ ᠲᠦᠰᠢᠭᠯᠡᠵᠦ᠂ 《ᠪᠠᠢᠭᠠᠯᠢᠯᠢᠭ ᠵᠢᠡᠷ ᠮᠠᠯᠵᠢᠬᠤ + ᠣᠨᠳᠣᠣ ᠭᠠᠵᠠᠷ ᠢ᠋ ᠵᠢᠭᠡᠯᠡᠨ ᠮᠠᠯᠵᠢᠬᠤ + ᠬᠠᠰᠢᠶᠠᠯᠠᠨ ᠲᠡᠵᠢᠭᠡᠬᠦ》 ᠬᠦᠢᠲᠡᠨ ᠤᠯᠠᠷᠢᠯ ᠳ᠋ᠤ᠌ ᠣᠨᠳᠣᠣ ᠭᠠᠵᠠᠷ ᠲᠤ᠌ ᠲᠡᠵᠢᠭᠡᠨ ᠦᠷᠡᠵᠢᠭᠦᠯᠬᠦ ᠪᠦᠳᠦᠮᠵᠢᠳᠠᠢ ᠠᠷᠭ᠎ᠠ ᠵᠠᠮ ᠢ᠋ ᠰᠦᠪᠡᠭᠴᠢᠯᠡᠵᠦ ᠭᠠᠷᠭᠠᠪᠠ᠃ ᠡᠳᠡᠬᠡᠷ ᠭᠠᠵᠠᠷ ᠤ᠋ᠨ ᠬᠤᠷᠠᠮᠳᠤᠭᠤᠯᠤᠭᠰᠠᠨ ᠠᠷᠭ᠎ᠠ ᠬᠡᠮᠵᠢᠶ᠎ᠠ ᠵᠢ 4 ᠲᠠᠯ᠎ᠠ ᠪᠡᠷ ᠬᠤᠷᠢᠶᠠᠩᠭᠤᠢᠯᠠᠵᠤ ᠪᠤᠯᠤᠨ᠎ᠠ᠃
— ᠪᠠᠢᠭᠠᠯᠢ ᠵᠢᠨ ᠨᠤᠳᠤᠭ ᠪᠡᠯᠴᠢᠭᠡᠷ ᠢ᠋ ᠰᠠᠢᠲᠤᠷ ᠠᠰᠢᠭᠯᠠᠪᠠ᠃ ᠪᠠᠶᠠᠨᠨᠠᠭᠤᠷ ᠬᠣᠲᠠ ᠵᠢᠨ ᠬᠣᠢᠲᠤ ᠪᠡᠶ᠎ᠡ ᠵᠢᠨ ᠠᠭᠤᠯᠠᠨ ᠭᠠᠵᠠᠷ ᠤ᠋ᠨ ᠮᠠᠯᠵᠢᠬᠤ ᠣᠷᠣᠨ ᠪᠣᠯᠤᠨ ᠬᠥᠯᠥᠨ ᠪᠤᠢᠷ ᠬᠣᠲᠠ ᠵᠢᠨ ᠬᠢᠩᠭᠠᠨ ᠳᠠᠪᠠᠭᠠᠨ ᠤ᠋ ᠬᠤᠢᠳᠤ ᠪᠠᠶ᠎ᠠ ᠵᠢᠨ ᠮᠠᠯᠵᠢᠬᠤ ᠣᠷᠣᠨ ᠨᠢ ᠬᠠᠪᠤᠷ ᠵᠤᠨ ᠤ᠋ ᠤᠯᠠᠷᠢᠯ ᠳ᠋ᠤ᠌ ᠪᠡᠯᠴᠢᠭᠡᠷ ᠢ᠋ ᠰᠡᠷᠭᠦᠭᠡᠭᠦ ᠪᠠ ᠮᠠᠯ ᠪᠡᠯᠴᠢᠭᠡᠷ ᠢ᠋ ᠲᠡᠩᠴᠡᠭᠦᠷᠢᠲᠡᠢ ᠪᠠᠢᠯᠭᠠᠬᠤ ᠳᠦᠷᠢᠮ ᠢ᠋ ᠴᠢᠩᠭ᠎ᠠ ᠨᠠᠢᠳᠠᠪᠤᠷᠢᠵᠢᠭᠤᠯᠤᠨ᠂ ᠨᠠᠮᠤᠷ ᠤ᠋ᠨ ᠤᠯᠠᠷᠢᠯ ᠳ᠋ᠤ᠌ ᠬᠠᠳᠤᠯᠠᠩ ᠪᠡᠯᠴᠢᠭᠡᠷ ᠤ᠋ᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠵᠦ᠂ ᠬᠤᠷᠠᠭ᠎ᠠ ᠢᠰᠢᠭᠡ ᠪᠠᠨ ᠣᠨᠳᠣᠣ ᠭᠠᠵᠠᠷ ᠲᠤ᠌ ᠠᠪᠠᠴᠢᠨ ᠤᠳᠤᠷᠯᠠᠨ ᠮᠠᠯᠵᠢᠬᠤ ᠡᠴᠡ ᠡᠮᠦᠨᠡᠬᠢ ᠠᠷᠠᠴᠢᠯᠠᠨ ᠲᠡᠵᠢᠭᠡᠬᠦ ᠥᠪᠡᠷ ᠤ᠋ᠨ ᠥᠷᠲᠡᠭ ᠢ᠋ ᠪᠠᠭᠤᠷᠠᠭᠤᠯᠪᠠ᠃
— ᠲᠠᠵᠢᠬᠡᠯ ᠡᠪᠡᠰᠦᠨ ᠤ᠋ ᠬᠠᠩᠭᠠᠯᠭ᠎ᠠ ᠵᠢ ᠰᠠᠢᠲᠤᠷ ᠪᠠᠲᠤᠯᠠᠪᠠ᠃ ᠪᠠᠶᠠᠨᠨᠠᠭᠤᠷ ᠬᠣᠲᠠ ᠪᠣᠯᠤᠨ ᠬᠥᠯᠥᠨ ᠪᠤᠢᠷ ᠬᠣᠲᠠ ᠵᠢᠨ ᠬᠢᠨ ᠪᠣᠷᠣᠲᠣᠬᠣᠶ ᠵᠢᠨ ᠤᠰᠤᠯᠠᠯᠲᠠ ᠵᠢᠨ ᠣᠷᠣᠨ ᠪᠣᠯᠤᠨ ᠬᠢᠩᠭᠠᠨ ᠲᠠᠪᠠᠭᠠᠨ ᠤ᠋ ᠡᠮᠤᠨ᠎ᠠ ᠪᠠᠶ᠎ᠠ ᠵᠢᠨ ᠲᠠᠷᠢᠶᠠᠨ ᠭᠠᠵᠠᠷ ᠢ᠋ ᠠᠰᠢᠭᠯᠠᠨ ᠬᠦᠭᠡ ᠳᠠᠷᠤᠰᠢ ᠵᠢᠨ ᠡᠷᠳᠡᠨᠢ ᠰᠢᠰᠢ ᠵᠢ ᠥᠷᠭᠡᠳᠭᠡᠨ ᠳᠠᠷᠢᠵᠤ᠂ ᠰᠦᠯ ᠰᠠᠢᠲᠠᠢ ᠴᠠᠷᠭᠠᠰᠤ ᠵᠢ ᠦᠷᠭᠡᠨ ᠵᠢᠡᠷ ᠳᠠᠷᠢᠵᠤ᠂ ᠪᠤᠭᠤᠳᠠᠢ ᠪᠠᠨ ᠬᠤᠷᠢᠶᠠᠭᠰᠠᠨ ᠤ᠋ ᠳᠠᠷᠠᠭ᠎ᠠ ᠲᠠᠬᠢᠨ ᠲᠡᠵᠢᠭᠡᠯ ᠤ᠋ᠨ ᠨᠣᠬᠠᠢ ᠵᠢᠨ ᠬᠣᠰᠢᠭᠤ ᠲᠠᠷᠢᠬᠤ ᠵᠢ ᠳᠡᠯᠭᠡᠷᠡᠭᠦᠯᠤᠨ᠂ ᠡᠰᠢ ᠰᠦᠷᠡᠯ ᠢ᠋ ᠲᠡᠵᠢᠭᠡᠯ ᠪᠣᠷᠳᠣᠭ᠎ᠠ ᠪᠤᠯᠭᠠᠨ ᠠᠰᠢᠭᠯᠠᠬᠤ ᠵᠢ ᠳᠡᠭᠡᠭᠰᠢᠯᠡᠭᠦᠯᠵᠤ᠂ ᠮᠠᠯᠴᠢᠳ ᠤ᠋ᠨ ᠡᠨᠳᠡ ᠢᠷᠡᠵᠤ ᠤᠳᠤᠷᠯᠠᠨ ᠮᠠᠯᠵᠢᠬᠤ ᠳ᠋ᠦ᠍ ᠨᠥᠬᠥᠴᠡᠯ ᠪᠦᠷᠢᠯᠳᠦᠭᠦᠯᠵᠤ ᠦᠭᠪᠡ᠃
— ᠣᠷᠣᠨ ᠪᠦᠰᠡ ᠵᠢᠨ ᠬᠠᠮᠲᠤᠷᠠᠯᠴᠠᠭ᠎ᠠ ᠵᠢ ᠰᠠᠢᠲᠤᠷ ᠵᠣᠯᠭᠠᠭᠤᠯᠪᠠ᠃ ᠪᠠᠶᠠᠨᠨᠠᠭᠤᠷ ᠬᠣᠲᠠ ᠵᠢᠨ ᠬᠣᠢᠲᠤ ᠪᠡᠶ᠎ᠡ ᠵᠢᠨ ᠠᠭᠤᠯᠠᠨ ᠭᠠᠵᠠᠷ ᠪᠣᠯᠤᠨ ᠬᠥᠯᠥᠨ ᠪᠤᠢᠷ ᠬᠣᠲᠠ ᠵᠢᠨ ᠬᠢᠩᠭᠠᠨ ᠲᠠᠪᠠᠭᠠᠨ ᠤ᠋ ᠬᠤᠢᠳᠤ ᠪᠠᠶ᠎ᠠ ᠵᠢᠨ ᠮᠠᠯᠵᠢᠬᠤ ᠣᠷᠣᠨ ᠳ᠋ᠤ᠌ ᠵᠢᠯ ᠪᠦᠷᠢ ᠵᠢᠨ 11 ᠰᠠᠷ᠎ᠠ ᠡᠴᠡ ᠢᠷᠡᠭᠦ ᠵᠢᠯ ᠤ᠋ᠨ 5 ᠰᠠᠷ᠎ᠠ ᠪᠣᠯᠲᠠᠯ᠎ᠠ ᠣᠨᠳᠣᠣ ᠭᠠᠵᠠᠷ ᠲᠤ᠌ ᠲᠡᠵᠢᠭᠡᠨ ᠦᠷᠡᠵᠢᠭᠦᠯᠬᠦ ᠮᠠᠯᠵᠢᠯ ᠤ᠋ᠨ ᠠᠷᠭ᠎ᠠ ᠬᠡᠯᠪᠡᠷᠢ ᠵᠢ ᠰᠤᠷᠳᠠᠯᠴᠢᠯᠠᠵᠤ᠂ ᠮᠠᠯᠵᠢᠬᠤ ᠣᠷᠣᠨ ᠳ᠋ᠤ᠌ 6 ᠰᠠᠷ᠎ᠠ ᠵᠢᠨ ᠪᠡᠯᠴᠢᠭᠡᠷ ᠰᠡᠷᠭᠦᠭᠡᠭᠦ ᠬᠤᠭᠤᠴᠠᠭ᠎ᠠ ᠵᠢ ᠪᠣᠢ ᠪᠣᠯᠭᠠᠪᠠ᠃ ᠤᠳᠤᠷᠯᠠᠨ ᠮᠠᠯᠵᠢᠬᠤ ᠬᠤᠭᠤᠴᠠᠭᠠᠨ ᠳ᠋ᠤ᠌ ᠲᠠᠷᠢᠶᠠᠯᠠᠬᠤ ᠣᠷᠣᠨ ᠡᠴᠡ ᠬᠠᠰᠢᠶᠠᠯᠠᠨ ᠲᠡᠵᠢᠭᠡᠬᠦ ᠭᠠᠵᠠᠷ ᠬᠠᠩᠭᠠᠵᠤ᠂ ᠮᠠᠯᠴᠢᠳ ᠨᠠᠮᠤᠷ ᠤ᠋ᠨ ᠬᠤᠷᠢᠶᠠᠯᠲᠠ ᠵᠢᠨ ᠳᠠᠷᠠᠭᠠᠬᠢ ᠲᠠᠷᠢᠶᠠᠨ ᠭᠠᠵᠠᠷ ᠢ᠋ ᠲᠦᠷᠢᠶᠡᠰᠦᠯᠡᠨ ᠲᠠᠷᠢᠶᠠᠨ ᠭᠤᠤᠷᠰᠤᠨ ᠳ᠋ᠤᠨᠢ ᠮᠠᠯ ᠤᠨᠤᠭ᠎ᠠ ᠪᠠᠨ ᠳᠠᠯᠪᠢᠵᠤ᠂ ᠨᠤᠳᠤᠭ ᠤᠰᠤᠨ ᠤ᠋ ᠪᠠᠨ ᠪᠡᠯᠴᠢᠭᠡᠷ ᠤ᠋ᠨ ᠳᠠᠷᠤᠭᠠᠰᠤ ᠵᠢ ᠰᠢᠢᠳᠪᠦᠷᠢᠯᠡᠭᠰᠡᠨ ᠵᠢᠡᠷ ᠪᠠᠷᠠᠬᠤ ᠦᠭᠡᠢ ᠪᠠᠰᠠ ᠦᠬᠡᠷ ᠬᠣᠨᠢᠨ ᠤ᠋ ᠪᠠᠨ ᠲᠠᠷᠭᠤ ᠬᠦᠴᠦ ᠵᠢ ᠪᠠᠳᠤᠯᠠᠪᠠ᠃
— ᠮᠠᠯ ᠤᠨᠤᠭᠠᠨ ᠤ᠋ ᠢᠯᠭᠠᠳᠠᠰᠤ ᠵᠢ ᠰᠠᠢᠲᠤᠷ ᠠᠰᠢᠭᠯᠠᠪᠠ᠃ ᠲᠠᠷᠢᠶᠠᠨ ᠭᠤᠤᠷᠰᠤᠨ ᠳ᠋ᠤ ᠮᠠᠯ ᠤᠨᠤᠭ᠎ᠠ ᠲᠠᠯᠪᠢᠬᠤ ᠪᠠᠷ ᠳᠠᠮᠵᠢᠨ ᠶᠡᠬᠡ ᠬᠡᠮᠵᠢᠶᠡᠨ ᠤ᠋ ᠰᠢᠬᠡᠭ ᠪᠣᠷᠳᠣᠭᠤᠷ ᠢ᠋ ᠲᠠᠷᠢᠶᠠᠯᠠᠬᠤ ᠣᠷᠣᠨ ᠳ᠋ᠤ᠌ ᠦᠯᠡᠳᠡᠭᠡᠵᠦ᠂ ᠮᠠᠯ ᠤᠨᠤᠭᠠᠨ ᠤ᠋ ᠢᠯᠭᠠᠳᠠᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠪᠡᠶᠡᠯᠡᠭᠦᠯᠪᠡ᠃ ᠲᠤᠬᠠᠢ ᠵᠢᠨ ᠭᠠᠵᠠᠷ ᠤ᠋ᠨ ᠬᠠᠮᠢᠶ᠎ᠠ ᠪᠦᠬᠦᠢ ᠰᠠᠯᠠᠭ᠎ᠠ ᠮᠦᠴᠢᠷ ᠤ᠋ᠨ ᠲᠤᠢᠮᠤᠴᠢᠯᠠᠨ ᠪᠤᠳᠤᠭᠰᠠᠨ ᠵᠢᠡᠷ᠂ ᠵᠢᠯ ᠪᠦᠷᠢ ᠵᠢᠨ ᠬᠦᠢᠳᠡᠨ ᠤᠯᠠᠷᠢᠯ ᠳ᠋ᠤ 10 ᠲᠦᠮᠡᠨ ᠪᠤᠭ ᠮᠠᠯ ᠢ᠋ ᠲᠠᠷᠢᠶᠠᠯᠠᠬᠤ ᠤᠷᠤᠨ ᠳ᠋ᠤ ᠲᠠᠵᠢᠬᠡᠨ ᠦᠷᠡᠵᠢᠬᠦᠯᠬᠦ ᠳ᠋ᠤ ᠬᠦᠷᠪᠡᠯ ᠲᠤᠬᠠᠢ ᠵᠢᠨ ᠭᠠᠵᠠᠷ ᠤ᠋ᠨ ᠲᠠᠷᠢᠶᠠᠴᠢᠳ ᠤ᠋ᠨ ᠬᠢᠮᠢ ᠵᠢᠨ ᠪᠤᠷᠳᠤᠭᠤᠷ ᠵᠡᠷᠬᠡ ᠲᠠᠯ᠎ᠠ ᠪᠡᠷ ᠬᠢ 400 ᠲᠦᠮᠡ ᠭᠠᠷᠤᠢ ᠲᠥᠭᠥᠷᠢᠭ ᠤ᠋ᠨ ᠵᠠᠷᠤᠳᠠᠯ ᠢ᠋ ᠠᠷᠪᠢᠯᠠᠵᠤ ᠲᠠᠢᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃