ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2024-07-18 17:26:35

ᠵᠣᠬᠢᠶᠠᠭ᠍ᠴᠢ᠄ ᠠᠭᠤᠯᠠ ᠣᠩᠱᠢᠭ᠍ᠰᠠᠨ ᠣᠳᠠᠭ᠎ᠠ᠄ 3

ᠬᠦᠨᠳᠡᠭᠦᠷ ᠠᠵᠤ ᠦᠢᠯᠡᠰ᠎ᠦᠨ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ᠎ᠶ᠋ᠢ ᠴᠢᠩᠭᠠᠳᠭᠠᠬᠤ ᠪᠤᠯ ᠮᠠᠨ᠎ᠤ ᠤᠷᠤᠨ᠎ᠤ ᠠᠭᠤᠷ ᠠᠮᠢᠰᠭᠤᠯ᠎ᠤᠨ ᠬᠤᠪᠢᠷᠠᠯᠲᠠ᠎ᠳᠤ ᠢᠳᠡᠪᠬᠢᠲᠡᠢ ᠵᠤᠬᠢᠴᠠᠬᠤ ᠶᠢᠰᠦᠨ ᠶᠡᠬᠡ ᠠᠵᠢᠯᠯᠠᠭᠠᠨ᠎ᠤ ᠨᠢᠭᠡ ᠪᠤᠯᠤᠨ᠎ᠠ᠃ 《ᠬᠦᠨᠳᠡᠭᠦᠷ ᠠᠵᠤ ᠦᠶ᠋ᠯᠡᠰ᠎ᠦᠨ ᠲᠠᠯ᠎ᠠ᠎ᠪᠠᠷ᠂ ᠪᠢᠳᠡ ᠡᠨᠧᠷᠭᠢ᠎ᠶ᠋ᠢᠨ ᠠᠵᠢᠯ ᠲᠥᠷᠥᠯ᠎ᠦᠨ ᠠᠭᠤᠷ ᠠᠮᠢᠰᠭᠤᠯ᠎ᠤᠨ ᠤᠶᠠᠨ ᠬᠠᠲᠠᠨ ᠴᠢᠨᠠᠷ᠎ᠢ ᠳᠡᠭᠡᠭ᠌ᠰᠢᠯᠡᠭᠦᠯᠵᠦ᠂ ᠵᠠᠮ ᠬᠠᠷᠢᠯᠴᠠᠭᠠᠨ᠎ᠤ ᠡᠨᠳᠡᠯ᠎ᠢ ᠰᠡᠷᠭᠡᠢᠯᠡᠬᠦ᠌ ᠪᠠ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢ ᠴᠢᠩᠭᠠᠳᠭᠠᠵᠤ᠂ ᠠᠭᠤᠷ ᠠᠮᠢᠰᠭᠤᠯ᠎ᠳᠤ ᠵᠣᠬᠢᠴᠠᠬᠤ ᠬᠡᠯᠪᠡᠷᠢ᠎ᠶ᠋ᠢᠨ ᠵᠢᠭᠤᠯᠴᠢᠯᠠᠯ᠎ᠤᠨ ᠦᠶ᠋ᠯᠡᠰ᠎ᠢ ᠬᠥᠭ᠌ᠵᠢᠭᠦᠯᠬᠦ᠌ 3 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠳᠡᠳ᠋ ᠳᠠᠷᠤᠭ᠎ᠠ ᠸᠧᠶ ᠾᠧ ᠵᠠᠩ 《ᠬᠦᠨᠳᠡᠭᠦᠷ ᠠᠵᠤ ᠦᠢᠯᠡᠰ᠎ᠦᠨ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ᠎ᠶ᠋ᠢ ᠴᠢᠩᠭᠠᠳᠭᠠᠬᠤ ᠠᠵᠢᠯᠯᠠᠭᠠᠨ》 ᠎ᠢ᠋ ᠲᠠᠨᠢᠯᠴᠠᠭᠤᠯᠪᠠ᠃

ᠮᠠᠨ᠎ᠤ ᠤᠷᠤᠨ ᠡᠨᠧᠷᠭᠢ᠎ᠶ᠋ᠢᠨ ᠰᠤᠷᠪᠤᠯᠵᠢ᠎ᠶ᠋ᠢᠨ ᠠᠵᠢᠯ ᠲᠥᠷᠥᠯ᠎ᠦᠨ ᠠᠭᠤᠷ ᠠᠮᠢᠰᠭᠤᠯ᠎ᠤᠨ ᠤᠶᠠᠨ ᠬᠠᠳᠠᠨ ᠴᠢᠨᠠᠷ᠎ᠢ ᠳᠡᠭᠡᠭ᠌ᠰᠢᠯᠡᠭᠦᠯᠵᠦ᠂ ᠶᠡᠬᠡ ᠰᠠᠯᠬᠢ ᠰᠠᠯᠬᠢᠯᠠᠬᠤ᠂ ᠴᠠᠬᠢᠯᠭᠠᠨ ᠤᠲᠠᠰᠤᠨ᠎ᠳᠦ ᠮᠥᠰᠥ ᠬᠦᠯᠳᠡᠬᠦ ᠵᠡᠷᠭᠡ ᠴᠠᠬᠢᠯᠭᠠᠨ ᠬᠦᠴᠦᠨ᠎ᠤ ᠴᠠᠭ ᠠᠭᠤᠷ᠎ᠤᠨ ᠭᠠᠮᠱᠢᠭ᠎ᠢ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠤᠬᠠᠠᠵᠤ᠂ ᠨᠡᠭᠦᠷᠡᠰᠦ ᠴᠠᠬᠢᠯᠭᠠᠨ ᠲᠣᠰᠣ ᠬᠡᠢ᠎ᠶ᠋ᠢᠨ ᠦᠢᠯᠡᠳᠪᠦᠷᠢᠯᠡᠯ᠂ ᠲᠣᠬᠢᠷᠠᠭᠤᠯᠭ᠎ᠠ᠂ ᠲᠡᠭᠡᠭᠡᠪᠦᠷᠢ᠎ᠶ᠋ᠢᠨ ᠪᠦᠬᠦ᠌ ᠶᠠᠪᠤᠴᠠ᠎ᠶ᠋ᠢᠨ ᠴᠠᠭ ᠠᠭᠤᠷ᠎ᠤᠨ ᠦᠢᠯᠡᠴᠢᠯᠡᠭᠡᠨ᠎ᠢ ᠴᠢᠩᠭᠠᠳᠭᠠᠨ᠂ ᠶᠡᠬᠡ ᠬᠡᠪᠴᠢᠶᠡᠨ᠎ᠦ ᠰᠠᠯᠬᠢᠨ ᠡᠨᠧᠷᠭᠢ ᠨᠡᠷᠡᠨ᠎ᠤ ᠡᠨᠧᠷᠭᠢ᠎ᠶ᠋ᠢ ᠨᠡᠭᠡᠭᠡᠨ ᠠᠱᠢᠭ᠍ᠯᠠᠬᠤ ᠢᠨᠵᠧᠨᠧᠷᠢᠩ᠂ ᠴᠢᠬᠤᠯᠠ ᠡᠨᠧᠷᠭᠢ᠎ᠶ᠋ᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠠᠭᠤᠷ ᠠᠮᠢᠰᠭᠤᠯ᠎ᠤᠨ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠵᠡᠷᠭᠡ ᠠᠵᠢᠯᠯᠠᠭ᠎ᠠ᠎ᠵᠢ ᠥᠷᠨᠢᠭᠦᠯᠦᠨ᠎ᠡ᠃ ᠠᠭᠤᠷ ᠠᠮᠢᠰᠭᠤᠯ᠎ᠤᠨ ᠡᠬᠢ ᠪᠠᠶᠠᠯᠢᠭ ᠪᠠ ᠡᠨᠧᠷᠭᠢ᠎ᠶ᠋ᠢᠨ ᠬᠡᠷᠡᠭ᠌ᠴᠡᠭᠡ᠎ᠶ᠋ᠢᠨ ᠬᠤᠪᠢᠷᠠᠯᠲᠠ᠎ᠶ᠋ᠢ ᠦᠨᠳᠦᠰᠦᠯᠡᠨ᠂ ᠨᠡᠭᠦᠷᠡᠰᠦ᠂ ᠨᠡᠭᠦᠷᠡᠰᠦ ᠴᠠᠬᠢᠯᠭᠠᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠦᠨᠳᠦᠰᠦᠨ ᠵᠦᠶ᠋ᠯ᠎ᠢ ᠪᠠᠲᠤᠯᠠᠬᠤ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠨᠡᠭᠡᠭᠡᠨ ᠠᠱᠢᠭ᠍ᠯᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ ᠴᠢᠨᠠᠷ ᠪᠠ ᠲᠣᠭ᠍ᠲᠠᠪᠤᠷᠢᠲᠤ ᠴᠢᠨᠠᠷ᠎ᠢ ᠴᠢᠩᠭᠠᠷᠠᠭᠤᠯᠤᠨ᠎ᠠ᠃ ᠬᠠᠴᠢᠨ ᠠᠭᠤᠷ ᠠᠮᠢᠰᠭᠤᠯ᠎ᠳᠤ ᠴᠠᠬᠢᠯᠭᠠᠨ ᠬᠦᠷᠭᠡᠬᠦ ᠱᠢᠰᠲ᠋ᠧᠮ᠎ᠦᠨ ᠬᠠᠮᠠᠭᠠᠯᠠᠯᠲᠠ ᠪᠠ ᠪᠠᠴᠢᠮ ᠪᠠᠢᠳᠠᠯ᠎ᠢ ᠠᠷᠭᠠᠴᠠᠭᠠᠬᠤ ᠲᠣᠬᠢᠷᠠᠭᠣᠯᠣᠯᠳᠠ᠎ᠶ᠋ᠢ ᠴᠢᠩᠭᠠᠳᠭᠠᠵᠤ᠂ ᠴᠠᠬᠢᠯᠭᠠᠨ ᠬᠦᠴᠦᠨ᠎ᠦ ᠰᠠᠭᠤᠷᠢ ᠲᠥᠬᠥᠭᠡᠷᠦᠮᠵᠢ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠵᠢᠱ᠌ᠢᠵᠦ᠍ ᠤᠷᠢᠳᠴᠢᠯᠠᠨ ᠰᠡᠷᠡᠮᠵᠢᠯᠡᠭᠦᠯᠬᠦ᠌ ᠂ ᠰᠡᠷᠭᠡᠢᠯᠡᠵᠤ ᠠᠷᠭᠠᠴᠠᠭᠠᠬᠤ ᠵᠢᠴᠢ ᠲᠦᠷᠭᠡᠨ ᠰᠡᠷᠭᠦᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

ᠵᠠᠮ ᠬᠠᠷᠢᠯᠴᠠᠭᠠᠨ᠎ᠤ ᠡᠨᠳᠡᠯ᠎ᠢ ᠰᠡᠷᠭᠡᠢᠯᠡᠬᠦ᠌ ᠪᠠ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢ ᠴᠢᠩᠭᠠᠳᠭᠠᠵᠤ᠂ ᠵᠠᠮ ᠬᠠᠷᠢᠯᠴᠠᠭ᠎ᠠ ᠂ ᠲᠡᠮᠦᠷ ᠵᠠᠮ᠂ ᠳᠣᠲᠣᠭᠠᠳᠤ ᠭᠣᠣᠯ ᠮᠥᠷᠡᠨ᠎ᠦ ᠲᠡᠭᠡᠭᠡᠪᠦᠷᠢ᠂ ᠠᠭᠠᠷ᠎ᠤᠨ ᠲᠡᠭᠡᠭᠡᠪᠦᠷᠢ ᠵᠡᠷᠭᠡ ᠵᠠᠮ ᠬᠠᠷᠢᠯᠴᠠᠭᠠᠨ᠎ᠤ ᠴᠠᠭ ᠠᠭᠤᠷ᠎ᠤᠨ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠴᠠᠭ ᠠᠭᠤᠷ ᠎ᠤᠨ ᠰᠡᠷᠡᠮᠵᠢᠯᠡᠭᠦᠯᠬᠦ᠌ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭᠠᠭ᠍ᠰᠠᠨ ᠪᠠᠴᠢᠮ ᠪᠠᠢᠳᠠᠯ᠎ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭ᠍ᠲᠠᠴᠠ᠎ᠶ᠋ᠢ ᠪᠥᠷᠢᠨᠱᠢᠬᠥᠯᠵᠤ᠂ ᠬᠠᠴᠢᠨ ᠠᠭᠤᠷ ᠠᠮᠢᠰᠭᠤᠯ᠎ᠲᠤᠤᠷ᠎ᠠ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠠᠵᠢᠯ᠎ᠢ ᠵᠣᠭ᠍ᠰᠣᠭᠠᠬᠤ᠂ ᠬᠢᠴᠢᠶᠡᠯ᠎ᠢ ᠵᠣᠭ᠍ᠰᠣᠭᠠᠬᠤ᠂ ᠡᠵᠡᠨᠭᠨᠡᠬᠦ ᠵᠢ ᠵᠣᠭ᠍ᠰᠣᠭᠠᠬᠤ᠂ ᠲᠡᠭᠡᠭᠡᠪᠦᠷᠢᠯᠡᠬᠦ᠌᠎ᠶ᠋ᠢ ᠵᠣᠭ᠍ᠰᠣᠭᠠᠬᠤ ᠲᠥᠷᠢᠮ᠎ᠢ ᠪᠥᠷᠢᠨᠱᠢᠬᠥᠯᠥᠨ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ᠎ᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠂ ᠡᠵᠡᠩᠨᠡᠯᠲᠡ ᠲᠣᠬᠢᠷᠠᠭᠤᠯᠭ᠎ᠠ ᠵᠡᠷᠭᠡ ᠎ᠵᠢᠨ ᠴᠠᠭ ᠠᠭᠤᠷ᠎ᠤᠨ ᠪᠠᠲᠤᠯᠠᠭ᠎ᠠ᠎ᠶ᠋ᠢᠨ ᠦᠶ᠋ᠯᠡᠴᠢᠯᠡᠭᠡ᠎ᠶ᠋ᠢ ᠴᠢᠩᠭᠠᠳᠭᠠᠨ᠎ᠠ᠃ ᠠᠪᠤᠷᠠᠨ ᠲᠤᠰᠠᠯᠠᠬᠤ ᠪᠠ ᠠᠶᠤᠯ᠎ᠠᠴᠠ ᠵᠠᠢᠯᠠᠬᠤ ᠵᠠᠮ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠦᠯᠵᠢᠶᠡᠨ᠎ᠦ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠶ᠋ᠢ ᠲᠡᠭᠡᠭᠰᠢᠯᠡᠬᠦᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯ ᠥᠬᠡᠶ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠦᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠠᠭᠤᠷᠠᠶ ᠭᠠᠵᠠᠷ᠂ ᠤᠰᠤᠨ ᠣᠷᠣᠨ ᠪᠣᠯᠤᠨ ᠠᠭᠠᠷ᠎ᠤᠨ ᠠᠶᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ ᠬᠠᠴᠢᠨ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃

ᠠᠭᠤᠷ ᠠᠮᠢᠰᠭᠤᠯ᠎ᠳᠤ ᠵᠣᠬᠢᠴᠠᠬᠤ ᠬᠡᠯᠪᠡᠷᠢ᠎ᠶ᠋ᠢᠨ ᠵᠢᠭᠤᠯᠴᠢᠯᠠᠯ᠎ᠤᠨ ᠦᠶ᠋ᠯᠡᠰ᠎ᠢ ᠬᠥᠭ᠌ᠵᠢᠭᠦᠯᠵᠦ᠂ ᠣᠯᠠᠨ ᠵᠦᠶ᠋ᠯ᠎ᠦᠨ ᠠᠷᠭ᠎ᠠ ᠵᠠᠮ᠎ᠢᠶᠠᠷ ᠳᠠᠮᠵᠢᠭᠤᠯᠤᠨ ᠭᠤᠤᠯᠳᠠᠯᠭ᠎ᠠ᠎ᠲᠠᠶ ᠦᠵᠡᠮᠵᠢ᠎ᠶ᠋ᠢᠨ ᠣᠷᠣᠨ᠎ᠳᠤ ᠵᠢᠭᠤᠯᠴᠢᠯᠠᠯ᠎ᠤᠨ ᠴᠠᠭ ᠠᠭᠤᠷ᠎ᠢ ᠠᠵᠢᠭ᠍ᠯᠠᠨ ᠬᠡᠮᠵᠢᠬᠦ᠌ ᠥᠷᠲᠡᠭᠡ ᠪᠠᠢᠭᠤᠯᠵᠤ᠂ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠴᠠᠭ ᠠᠭᠤᠷ᠎ᠢ ᠠᠵᠢᠭ᠍ᠯᠠᠨ ᠬᠡᠮᠵᠢᠬᠦ᠌ ᠪᠠ ᠭᠠᠮᠱᠢᠭ᠎ᠢ ᠰᠡᠷᠡᠮᠵᠢᠯᠡᠭᠦᠯᠬᠦ᠌ ᠴᠢᠳᠠᠪᠤᠷᠢ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠡ᠃ ᠵᠢᠭᠤᠯᠴᠢᠯᠠᠯ ᠎ᠤᠨ ᠵᠤᠷᠢᠯᠳᠠᠳᠤ ᠭᠠᠵᠠᠷ᠎ᠤᠨ ᠬᠠᠴᠢᠨ ᠠᠭᠤᠷ ᠠᠮᠢᠰᠭᠤᠯ ᠳ᠋ᠡᠬᠢ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠡᠷᠴᠢᠮ᠎ᠢ ᠴᠢᠩᠭᠠᠷᠠᠭᠤᠯᠵᠤ᠂ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠲᠣᠭ᠍ᠲᠠᠭᠠᠨ ᠲᠡᠭᠦᠯᠳᠡᠷᠵᠢᠭᠦᠯᠦᠨ᠎ᠡ᠃ ᠠᠭᠤᠷ ᠠᠮᠢᠰᠭᠤᠯ᠎ᠤᠨ ᠡᠬᠢ ᠪᠠᠶᠠᠯᠢᠭ᠎ᠤᠨ ᠳᠠᠯᠳᠠ ᠬᠦᠴᠦᠨ᠎ᠢ ᠠᠭᠤᠳᠠᠯᠵᠤ᠂ ᠳᠤᠮᠳᠠᠳᠤ ᠤᠯᠤᠰ᠎ᠤᠨ ᠪᠠᠢᠭᠠᠯᠢ᠎ᠶ᠋ᠢᠨ ᠬᠦᠴᠢᠯᠲᠥ᠋ᠷᠥᠭ᠌ᠴᠢ᠎ᠶ᠋ᠢᠨ ᠪᠠᠭᠠᠷ᠂ ᠵᠤᠰᠠᠯᠠᠩ᠎ᠤᠨ ᠵᠢᠭᠤᠯᠴᠢᠯᠠᠯ᠎ᠤᠨ ᠵᠣᠷᠢᠯᠳᠠᠳᠤ ᠭᠠᠵᠠᠷ ᠵᠡᠷᠭᠡ ᠨᠠᠷᠠᠲᠤ ᠲᠥᠷᠥᠯ ᠲᠡᠮᠳᠡᠭ ᠎ᠢ ᠡᠭᠦᠳᠦᠨ ᠪᠠᠢᠭᠤᠯᠤᠨ᠎ᠠ᠃ ᠡᠯ᠎ᠡ ᠭᠠᠵᠠᠷ᠎ᠤᠨ ᠬᠢᠨ ᠳᠤᠯᠠᠭᠠᠨ ᠴᠢᠭᠢᠭ᠌ᠯᠢᠭ᠎ᠦᠨ ᠬᠡᠮᠵᠢᠶ᠎ᠡ᠎ᠶ᠋ᠢᠨ ᠢᠯᠡᠳᠭᠡᠭ᠌ᠴᠢ ᠲᠣᠭ᠎ᠠ᠂ ᠬᠤᠪᠴᠠᠰᠤ ᠬᠤᠨᠠᠷ᠎ᠤᠨ ᠢᠯᠡᠳᠭᠡᠭ᠌ᠴᠢ ᠲᠣᠭ᠎ᠠ ᠵᠡᠷᠭᠡ ᠵᠢᠭᠤᠯᠴᠢᠯᠠᠯ᠎ᠤᠨ ᠠᠭᠤᠷ ᠠᠮᠢᠰᠭᠤᠯ᠎ᠤᠨ ᠲᠠᠭᠠᠯᠠᠮᠵᠢᠲᠠᠶ ᠪᠠᠢᠬᠤ ᠬᠡᠮᠵᠢᠶᠡᠨ᠎ᠦ ᠢᠯᠡᠳᠭᠡᠭ᠌ᠴᠢ ᠲᠣᠭ᠎ᠠ ᠨᠡᠢᠲᠡᠯᠡᠬᠦ᠌ ᠲᠦᠷᠢᠮ᠎ᠢ ᠬᠡᠷᠡᠭ᠌ᠵᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠴᠠᠭ ᠠᠭᠤᠷ᠎ᠤᠨ ᠠᠮᠤᠷ ᠲᠦᠪᠱᠢᠨ᠎ᠦ ᠤᠬᠠᠭᠤᠯᠭ᠎ᠠ᠎ᠶ᠋ᠢ ᠴᠢᠩᠭᠠᠳᠭᠠᠵᠤ᠂ ᠵᠢᠭᠤᠯᠴᠢᠯᠠᠭ᠍ᠴᠢᠳ᠎ᠤᠨ ᠥᠪᠡᠷ᠎ᠢ᠎ᠪᠡᠨ ᠬᠠᠮᠠᠭᠠᠯᠠᠬᠤ ᠤᠬᠠᠮᠰᠠᠷ᠎ᠢ ᠲᠡᠭᠡᠭᠰᠢᠯᠡᠬᠦᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面