2024-10-18 17:20:11
ᠠᠯᠲᠠᠨ ᠨᠠᠮᠤᠷ ᠤ᠋ᠨ ᠠᠷᠪᠠᠨ ᠰᠠᠷ᠎ᠠ ᠳ᠋ᠤ᠌ ᠪᠦᠬᠦ ᠤᠷᠤᠨ ᠤ᠋ ᠡᠯ᠎ᠡ ᠭᠠᠵᠠᠷ ᠲᠦ᠍ ᠡᠯᠪᠡᠭ ᠬᠤᠷᠢᠶᠠᠯᠲᠠ ᠵᠢᠨ ᠪᠠᠶᠠᠷ ᠪᠠᠬᠠᠳᠤᠯ ᠵᠢᠠᠷ ᠪᠢᠯᠬᠠᠨ᠎ᠠ᠃ ᠡᠨᠡ ᠵᠢᠯ ᠮᠠᠨ ᠤ᠋ ᠤᠷᠤᠨ ᠲᠠᠷᠢᠮᠠᠯ ᠤ᠋ᠨ ᠲᠠᠯᠠᠪᠠᠢ ᠵᠢ ᠲᠤᠭᠳᠠᠪᠤᠷᠢᠵᠢᠭᠤᠯᠬᠤ᠂ ᠮᠦ᠍ ᠨᠢᠬᠡᠴᠢ ᠵᠢᠨ ᠤᠨᠠᠯᠳᠠ ᠵᠢ ᠲᠠᠬᠡᠭᠰᠢᠯᠡᠬᠦᠯᠬᠦ ᠂《ᠲᠠᠪᠤᠨ ᠰᠠᠢᠨ ᠠᠷᠠ ᠬᠡᠮᠵᠢᠶ᠎ᠠ》ᠵᠢ ᠴᠢᠩᠭᠠᠳᠬᠠᠬᠤ ᠵᠢ ᠯᠠᠪᠳᠠᠭᠤᠨ ᠪᠠᠳᠤᠳᠠᠢ ᠠᠬᠢᠭᠤᠯᠵᠤ᠂ ᠠᠮᠤ ᠪᠤᠳᠠᠭᠠᠨ ᠤ᠋ ᠲᠠᠷᠢᠮᠠᠯ ᠤ᠋ᠨ ᠦᠨᠳᠤᠷ ᠤᠨᠠᠯᠳᠠ ᠵᠢ ᠪᠠᠳᠤᠯᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ ᠵᠢ ᠲᠤᠯᠭᠠᠭᠤᠷᠢᠯᠠᠵᠠᠢ᠃
ᠲᠦᠷᠦᠭᠦᠭᠡᠨ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠵᠢᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠲᠠᠷᠢᠮᠠᠯ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠭᠠᠵᠠᠷ ᠪᠤᠯᠤᠨ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠢᠨ ᠲᠤᠰᠬᠠᠢ ᠮᠡᠷᠭᠡᠵᠢᠯᠲᠡᠨ ᠨᠠᠷ ᠵᠢᠡᠷ ᠪᠦᠷᠢᠯᠳᠦᠭᠰᠡᠨ ᠡᠷᠳᠡᠨᠢ ᠰᠢᠰᠢ ᠵᠢᠨ ᠤᠨᠠᠯᠲᠠ ᠵᠢ ᠬᠡᠮᠵᠢᠬᠦ ᠳᠤᠭᠤᠢᠯᠠᠩ ᠨᠢ ᠲᠦᠩᠯᠢᠶᠣᠤ ᠬᠣᠲᠠ ᠵᠢᠨ ᠺᠠᠢᠯᠦ ᠰᠢᠶᠠᠨ ᠳ᠋ᠤ᠌ ᠤᠨᠠᠯᠲᠠ ᠵᠢ ᠬᠡᠮᠵᠢᠬᠦ ᠠᠵᠢᠯ ᠥᠷᠨᠢᠭᠦᠯᠪᠡ᠃ ᠲᠤᠬᠠᠢ ᠵᠢᠨ ᠲᠠᠯᠠᠪᠠᠢ ᠵᠢᠨ ᠨᠠᠷᠢᠯᠢᠭ ᠬᠡᠮᠵᠢᠯᠳᠡ ᠳ᠋ᠤ ᠺᠠᠢᠯᠤ ᠰᠢᠶᠠᠨ ᠤ᠋ ᠺᠠᠢᠯᠦ ᠪᠠᠯᠭᠠᠰᠤ ᠵᠢᠨ ᠰᠢᠶᠣᠤ ᠴᠧᠩ ᠽᠢ ᠳᠤᠰᠬᠤᠨ ᠤ᠋ ᠮᠢᠩᠭᠠᠨ ᠮᠦ᠍ ᠵᠢᠨ ᠵᠢᠱ᠌ᠢᠶ᠎ᠡ ᠦᠵᠡᠭᠦᠯᠬᠦ ᠳᠤᠭᠤᠷᠢᠭ ᠤ᠋ᠨ ᠮᠦ᠍ ᠳᠤᠮᠳᠠᠴᠢ ᠵᠢᠨ ᠤᠨᠠᠯᠳᠠ ᠨᠢ 1118.66 ᠺᠢᠯᠦᠭᠷᠡᠮ ᠳ᠋ᠤ ᠬᠦᠷᠴᠠᠢ᠃ 《ᠮᠠᠨ ᠤ᠋ ᠲᠥᠰᠦᠪᠯᠡᠭᠰᠡᠨ ᠵᠢᠡᠷ ᠪᠣᠯ ᠮᠦ᠍ ᠳᠤᠮᠳᠠᠴᠢ ᠵᠢᠨ ᠤᠨᠠᠯᠳᠠ ᠨᠢ 1000 —1200 ᠺᠢᠯᠦᠭᠷᠡᠮ ᠳ᠋ᠤ ᠬᠦᠷᠬᠦ ᠪᠤᠯᠤᠨ᠎ᠠ᠂ ᠣᠳᠣᠬᠠᠨ ᠤ᠋ ᠪᠠᠢᠳᠠᠯ ᠡᠴᠡ ᠦᠵᠡᠪᠡᠯ ᠮᠠᠨ ᠤ᠋ ᠵᠢᠱ᠌ᠢᠭᠰᠡᠨ ᠬᠠᠷᠠᠯᠲᠠ ᠳ᠋ᠤ ᠬᠦᠷᠴᠠᠢ》 ᠭᠡᠵᠤ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠵᠢᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠲᠠᠷᠢᠮᠠᠯ ᠤ᠋ᠨ ᠰᠤᠳᠤᠯᠭᠠᠨ ᠤ᠋ ᠭᠠᠵᠠᠷ ᠤ᠋ᠨ ᠰᠤᠳᠤᠯᠤᠭᠴᠢ ᠯᠢ ᠱᠣᠣ ᠺᠦᠨ ᠬᠡᠯᠡᠨ᠎ᠡ᠃
《ᠳᠡᠯᠡᠬᠡᠢ ᠵᠢᠨ ᠡᠷᠳᠡᠨᠢ ᠰᠢᠰᠢ ᠵᠢᠨ ᠰᠢᠵᠢᠷ ᠠᠯᠲᠠᠨ ᠪᠦᠰᠡ》 ᠶ᠋ᠢᠨ ᠭᠣᠣᠯ ᠭᠠᠷᠤᠯᠳᠠ ᠵᠢᠨ ᠤᠷᠤᠨ ᠳ᠋ᠤ ᠪᠠᠢᠷᠢᠯᠠᠭ᠎ᠠ ᠺᠠᠢᠯᠦ ᠰᠢᠶᠠᠨ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠵᠢᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠡᠷᠳᠡᠨᠢ ᠰᠢᠰᠢ ᠵᠢᠨ ᠪᠣᠬᠢᠷᠲᠤᠯ ᠦᠭᠡᠢ ᠥᠨᠳᠥᠷ ᠤᠨᠠᠯᠲᠠ ᠥᠨᠳᠥᠷ ᠦᠷ᠎ᠡ ᠠᠰᠢᠭ ᠢ᠋ ᠡᠭᠦᠳᠭᠦ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠰᠢᠶᠠᠨ ᠢ᠋ ᠳᠠᠭᠠᠭᠠᠴᠢᠯᠠᠬᠤ》 ᠠᠵᠢᠯ ᠳ᠋ᠤ᠌ ᠲᠦᠰᠢᠭᠯᠡᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠣᠲᠠ᠂ ᠰᠢᠶᠠᠨ᠂ ᠪᠠᠯᠭᠠᠰᠤ᠂ ᠲᠣᠰᠬᠣᠨ ᠵᠢᠷᠭᠤᠭᠠᠨ ᠱᠠᠲᠤ ᠪᠠᠷ ᠵᠢᠠᠨ ᠬᠣᠯᠪᠣᠭᠠᠯᠠᠨ ᠡᠭᠦᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠳᠡᠯᠭᠡᠷᠡᠭᠦᠯᠬᠦ ᠰᠢᠰᠲ᠋ᠧᠮ ᠢ᠋ ᠪᠣᠢ ᠪᠤᠯᠭᠠᠪᠠ᠃ ᠤᠳᠤ ᠺᠠᠢᠯᠦ ᠰᠢᠶᠠᠨ ᠳ᠋ᠤ᠌ ᠡᠷᠳᠡᠨᠢ ᠰᠢᠰᠢ ᠵᠢ ᠨᠢᠭᠳᠠ ᠳᠠᠷᠢᠬᠤ ᠥᠨᠳᠥᠷ ᠤᠨᠠᠯᠲᠠ ᠵᠢᠨ ᠵᠢᠱ᠌ᠢᠶ᠎ᠡ ᠦᠵᠡᠭᠦᠯᠬᠦ ᠣᠷᠣᠨ ᠢ᠋ 199 ᠬᠡᠰᠡᠭ ᠪᠠᠢᠭᠤᠯᠵᠤ᠂ ᠳᠡᠯᠭᠡᠷᠡᠭᠦᠯᠦᠭᠰᠡᠨ ᠲᠠᠯᠠᠪᠠᠢ ᠨᠢ 100 ᠲᠦᠮᠡᠨ ᠮᠦ᠍ ᠵᠢ ᠳᠠᠪᠠᠨ᠂ ᠵᠢᠱ᠌ᠢᠶ᠎ᠡ ᠦᠵᠡᠭᠦᠯᠬᠦ ᠣᠷᠣᠨ ᠤ᠋ ᠬᠠᠷᠠᠯᠲᠠᠳᠤ ᠮᠦ᠍ ᠳᠤᠮᠳᠠᠴᠢ ᠵᠢᠨ ᠤᠨᠠᠯᠲᠠ ᠨᠢ 1000 ᠺᠢᠯᠦᠭᠷᠡᠮ ᠢ᠋ ᠳᠠᠪᠠᠵᠤ᠂ ᠮᠦ᠍ ᠨᠢᠭᠡᠴᠢ ᠵᠢᠨ ᠤᠨᠠᠯᠲᠠ ᠵᠢᠨ ᠲᠦᠪᠰᠢᠨ 10% ᠠ᠋ᠴᠠ ᠳᠡᠭᠡᠭᠰᠢ ᠳᠡᠭᠡᠭᠰᠢᠯᠡᠵᠦ᠂ ᠮᠦ᠍ ᠳᠤᠮᠳᠠᠴᠢ ᠵᠢᠨ ᠦᠷ᠎ᠡ ᠠᠰᠢᠭ ᠨᠢ 200 ᠲᠥᠭᠥᠷᠢᠭ ᠡᠴᠡ ᠳᠡᠭᠡᠭᠰᠢ ᠨᠡᠮᠡᠭᠳᠡᠭᠰᠡᠨ ᠠᠵᠢ ᠃
ᠣᠢᠷ᠎ᠠ ᠵᠢᠨ ᠵᠢᠯ ᠡᠴᠡ ᠨᠡᠭᠠᠰᠢ᠂ ᠮᠠᠨ ᠤ᠋ ᠤᠷᠤᠨ ᠡᠷᠳᠡᠨᠢ ᠰᠢᠰᠢ ᠵᠢ ᠨᠢᠭᠲᠠ ᠲᠠᠷᠢᠵᠤ ᠣᠨᠣᠴᠠᠲᠠᠢ ᠪᠡᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ᠋ ᠳᠡᠯᠭᠡᠷᠡᠭᠦᠯᠬᠦ ᠲᠣᠭᠣᠷᠢᠨ ᠳ᠋ᠤ᠌ 《ᠳᠣᠬᠢᠭᠤᠷ ᠳᠣᠯᠣᠭᠠᠨ ᠣᠳᠣ》 ᠨᠡᠷᠡᠮᠵᠢᠳᠤ ᠳᠠᠭᠠᠭᠤᠯᠢ ᠣᠳᠣᠨ ᠵᠢᠡᠷ ᠠᠶᠠᠯᠠᠯ ᠵᠠᠯᠠᠬᠤ ᠵᠢ ᠬᠡᠷᠡᠭᠯᠡᠨ ᠣᠨᠣᠴᠠᠲᠠᠢ ᠪᠡᠷ ᠦᠷ᠎ᠡ ᠰᠠᠴᠤᠬᠤ᠂ ᠨᠢᠭᠲᠠ ᠳᠠᠷᠢᠬᠤ ᠳ᠋ᠤ᠌ ᠳᠠᠭᠠᠭᠠᠮᠠᠭᠠᠢ ᠪᠦᠭᠡᠳ ᠥᠨᠳᠥᠷ ᠤᠨᠠᠯᠳᠠ ᠲᠠᠢ ᠵᠢᠴᠢ ᠮᠠᠰᠢᠨ ᠵᠢᠡᠷ ᠬᠤᠷᠢᠶᠠᠬᠤ ᠳ᠋ᠤ ᠲᠣᠬᠢᠷᠠᠮᠵᠢᠲᠠᠢ ᠡᠭᠦᠯᠳᠡᠷ ᠢ᠋ ᠰᠣᠩᠭᠣᠬᠤ ᠪᠠ ᠤᠰᠤ ᠪᠣᠷᠳᠣᠭᠤᠷ ᠢ᠋ ᠨᠢᠭᠡ ᠴᠣᠭᠴᠠᠵᠢᠭᠤᠯᠬᠤ ᠵᠡᠷᠭᠡ ᠵᠠᠩᠭᠢᠯᠠᠭ᠎ᠠ ᠵᠢᠨ ᠮᠡᠷᠭᠡᠵᠢᠯ ᠢ᠋ ᠭᠣᠣᠯᠳᠠᠯᠭ᠎ᠠ ᠲᠠᠢ ᠳᠡᠯᠭᠡᠷᠡᠭᠦᠯᠵᠡᠢ᠃ ᠡᠨᠡ ᠵᠢᠯ ᠪᠦᠬᠦ ᠣᠷᠣᠨ ᠳ᠋ᠤ᠌ ᠨᠡᠢᠳᠡ 500 ᠭᠠᠷᠤᠢ ᠲᠦᠮᠡᠨ ᠮᠦ᠍ ᠡᠷᠳᠡᠨᠢ ᠰᠢᠰᠢ ᠵᠢᠨ ᠵᠢᠱ᠌ᠢᠶ᠎ᠡ ᠦᠵᠡᠭᠦᠯᠬᠦ ᠣᠷᠣᠨ ᠢ᠋ ᠪᠦᠲᠦᠭᠡᠨ ᠪᠠᠢᠭᠤᠯᠪᠠ᠃
《ᠮᠠᠨ ᠤ᠋ ᠤᠷᠤᠨ ᠤ᠋ ᠮᠠᠰᠢᠨ ᠵᠢᠡᠷ ᠲᠠᠷᠢᠵᠤ ᠬᠤᠷᠢᠶᠠᠬᠤ ᠶᠡᠷᠦᠩᠬᠡᠢᠯᠡᠭᠰᠡᠨ ᠮᠠᠰᠢᠨᠴᠢᠯᠠᠯᠲᠠ ᠵᠢᠨ ᠨᠣᠷᠮ᠎ᠠ ᠪᠦᠬᠦ ᠤᠯᠤᠰ ᠤ᠋ᠨ ᠳᠤᠮᠳᠠᠴᠢ ᠲᠦᠪᠰᠢᠨ ᠡᠴᠡ ᠵᠠᠭᠤᠨ ᠤ᠋ ᠬᠠᠷᠢᠴᠠᠯ ᠵᠢᠡᠷ 14 ᠬᠤᠪᠢ ᠲᠠᠪᠠᠵᠤ ᠂ ᠠᠮᠤ ᠪᠤᠳᠠᠭᠠᠨ ᠤ᠋ ᠲᠠᠷᠢᠮᠠᠯ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ᠂ ᠠᠮᠤ ᠪᠤᠳᠠᠭ᠎ᠠ ᠬᠤᠷᠢᠶᠠᠵᠤ ᠬᠤᠷᠤᠭᠳᠠᠯ ᠢ᠋ ᠪᠠᠭᠠᠰᠬᠠᠬᠤ᠂ ᠣᠶᠤᠨᠴᠢ ᠪᠠᠷ ᠨᠠᠷᠢᠯᠢᠭ ᠲᠠᠷᠢᠬᠤ ᠵᠡᠷᠭᠡ ᠲᠠᠷᠢᠶᠠᠯᠠᠩ ᠤ᠋ᠨ ᠦᠢᠯᠡᠳᠪᠦᠷᠢᠯᠡᠯ ᠳ᠋ᠡᠬᠢ ᠲᠠᠷᠢᠶᠠᠯᠠᠩ ᠤ᠋ᠨ ᠮᠠᠰᠢᠨ ᠲᠦᠬᠦᠬᠡᠷᠦᠮᠵᠢ ᠵᠢᠨ ᠬᠦᠴᠦᠨ ᠢ᠋ ᠬᠦᠢᠴᠡᠳ ᠪᠠᠳᠠᠷᠠᠭᠤᠯᠵᠤ ᠪᠠᠢᠨ᠎ᠠ》 ᠭᠡᠵᠤ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠢᠩᠬᠢᠮ ᠤ᠋ᠨ ᠮᠠᠰᠢᠨᠴᠢᠯᠠᠯᠲᠠ ᠵᠢᠨ ᠬᠠᠮᠢᠶᠠᠷᠤᠯᠲᠠ ᠵᠢᠨ ᠲᠣᠪᠴᠢᠶᠠᠨ ᠤ᠋ ᠳᠠᠷᠤᠭ᠎ᠠ ᠸᠠᠩ ᠽᠦᠸᠧ ᠬᠡᠯᠡᠨ᠎ᠠ ᠃
ᠡᠨᠡ ᠵᠢᠯ ᠮᠠᠨ ᠤ᠋ ᠤᠷᠤᠨ ᠰᠠᠢᠨ ᠲᠠᠷᠢᠶᠠᠨ ᠭᠠᠵᠠᠷ ᠢ᠋ ᠪᠦᠳᠦᠭᠡᠨ ᠪᠠᠢᠭᠤᠯᠬᠤ᠂ ᠰᠠᠢᠨ ᠡᠭᠦᠯᠳᠡᠷ ᠢ᠋ ᠪᠣᠢᠵᠢᠭᠤᠯᠬᠤ᠂ ᠰᠠᠢᠨ ᠮᠡᠷᠭᠡᠵᠢᠯ ᠢ᠋ ᠳᠡᠯᠭᠡᠷᠡᠭᠦᠯᠬᠦ᠌᠂ ᠰᠠᠢᠨ ᠮᠠᠰᠢᠨ ᠲᠦᠬᠦᠬᠡᠷᠦᠮᠵᠢ ᠵᠢ ᠲᠣᠬᠢᠷᠠᠭᠤᠯᠬᠤ᠂ ᠰᠠᠢᠨ ᠳᠦᠷᠢᠮ ᠢ᠋ ᠬᠡᠷᠡᠭᠵᠢᠬᠦᠯᠬᠦ᠌ ᠵᠡᠷᠭᠡ 《ᠲᠠᠪᠤᠨ ᠰᠠᠢᠨ》 ᠠᠷᠭ᠎ᠠ ᠬᠡᠮᠵᠢᠶ᠎ᠡ ᠵᠢ ᠦᠷᠭᠦᠯᠵᠢᠯᠡᠨ ᠴᠢᠩᠭᠠᠳᠬᠠᠵᠤ᠂ ᠤᠯᠤᠰ ᠤ᠋ᠨ 405 ᠲᠦᠮᠡᠨ ᠮᠦ᠍ ᠡᠷᠳᠡᠨᠢ ᠰᠢᠰᠢ ᠪᠠ ᠰᠢᠷ᠎ᠠ ᠪᠤᠷᠴᠠᠭ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ ᠤ᠋ᠨ ᠲᠥᠷᠥᠯ ᠵᠦᠢᠯ ᠢ᠋ ᠡᠭᠦᠷᠭᠡᠯᠡᠵᠦ᠂ ᠡᠭᠦᠷᠭᠡ ᠵᠢᠨ ᠬᠡᠮᠵᠢᠶ᠎ᠡ ᠪᠠ ᠪᠡᠯᠡ ᠮᠥᠩᠭᠥ ᠵᠢᠨ ᠬᠡᠮᠵᠢᠶ᠎ᠡ ᠪᠡᠷ ᠪᠦᠷ ᠪᠦᠬᠦ ᠤᠯᠤᠰ ᠲᠤ᠌ ᠲᠦᠷᠦᠭᠦᠯᠡᠵᠡᠢ᠃ ᠣᠳᠣᠬᠠᠨ ᠳ᠋ᠤ᠌ ᠮᠠᠨ ᠤ᠋ ᠤᠷᠤᠨ ᠠᠮᠤ ᠪᠤᠳᠠᠭ᠎ᠠ ᠪᠠ ᠲᠣᠰᠣᠯᠢᠭ ᠳᠠᠷᠢᠮᠠᠯ ᠵᠡᠷᠭᠡ ᠭᠣᠣᠯ ᠪᠤᠯᠬᠤ ᠲᠠᠷᠢᠮᠠᠯ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ 1040 ᠲᠦᠮᠡᠨ ᠮᠦ᠍ ᠵᠢᠨ ᠵᠢᠱ᠌ᠢᠶ᠎ᠡ ᠦᠵᠡᠭᠦᠯᠬᠦ ᠣᠷᠣᠨ ᠢ᠋ ᠪᠦᠳᠦᠭᠡᠨ ᠪᠠᠢᠭᠤᠯᠵᠤ ᠂ ᠡᠷᠳᠡᠨᠢ ᠰᠢᠰᠢ ᠪᠠ ᠰᠢᠷ᠎ᠠ ᠪᠤᠷᠴᠠᠭ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠶᠡᠷᠦᠩᠬᠡᠢᠯᠡᠭᠰᠡᠨ ᠬᠦᠷᠢᠶᠡᠯᠡᠩ ᠲᠣᠭᠣᠷᠢᠭ ᠢ᠋ 40 ᠪᠠᠢᠭᠤᠯᠵᠤ᠂ ᠪᠦᠬᠦ ᠵᠢᠯ ᠳ᠋ᠦ᠍ 850 ᠲᠦᠮᠡᠨ ᠮᠦ᠍ ᠵᠢᠨ ᠳᠤᠨ ᠤ᠋ ᠤᠨᠠᠯᠳᠠᠳᠤ ᠠᠮᠤ ᠪᠤᠳᠠᠭᠠᠨ ᠤ᠋ ᠲᠠᠷᠢᠶᠠᠨ ᠭᠠᠵᠠᠷ ᠢ᠋ ᠡᠭᠦᠳᠦᠨ ᠪᠠᠢᠭᠤᠯᠬᠤ ᠪᠠᠷ ᠴᠢᠷᠮᠠᠢᠵᠤ ᠪᠠᠢᠨ᠎ᠠ᠃
ᠮᠠᠨ ᠤ᠋ ᠤᠷᠤᠨ ᠳᠠᠷᠢᠶᠠᠯᠠᠩ ᠤ᠋ᠨ ᠦᠢᠯᠡᠳᠪᠦᠷᠢᠯᠡᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠵᠢ ᠪᠦᠬᠦ᠌ ᠲᠠᠯ᠎ᠠ ᠪᠠᠷ ᠠᠬᠢᠭᠤᠯᠵᠤ᠂ 《ᠳᠤᠮᠳᠠᠳᠤ ᠤᠯᠤᠰ ᠤ᠋ᠨ ᠪᠤᠳᠠᠭᠠᠨ ᠠᠶᠠᠭ᠎ᠠ》 ᠳ᠋ᠦ᠍ ᠨᠡᠩ ᠣᠯᠠᠨ 《ᠪᠣᠭᠣᠮᠲᠠ ᠵᠢᠨ ᠭᠠᠳᠠᠨᠠᠬᠢ ᠠᠮᠤ ᠪᠤᠳᠠᠭ᠎ᠠ》 ᠠᠶᠠᠭᠠᠯᠠᠬᠤ ᠵᠢ ᠪᠦᠬᠦ᠌ ᠲᠠᠯ᠎ᠠ ᠪᠠᠷ ᠠᠬᠢᠭᠤᠯᠵᠤ ᠪᠤᠢ᠃ 《ᠮᠠᠨ ᠤ᠋ ᠤᠷᠤᠨ 11 ᠲᠥᠷᠥᠯ ᠤ᠋ᠨ ᠲᠠᠷᠢᠮᠠᠯ ᠤ᠋ᠨ 27 ᠵᠦᠢᠯ ᠤ᠋ᠨ ᠮᠡᠷᠭᠡᠵᠢᠯ ᠤ᠋ᠨ ᠵᠠᠭᠪᠤᠷ ᠢ᠋ ᠳᠡᠯᠭᠡᠷᠡᠭᠦᠯᠵᠦ᠂ ᠭᠣᠣᠯ ᠪᠣᠯᠬᠤ ᠲᠠᠷᠢᠮᠠᠯ ᠤ᠋ᠨ ᠭᠠᠵᠠᠷ ᠤ᠋ᠨ ᠬᠥᠷᠥᠰᠥ ᠰᠢᠷᠤᠢ ᠵᠢ ᠰᠢᠯᠭᠠᠨ ᠬᠡᠮᠵᠢᠵᠤ ᠲᠤᠰᠬᠠᠢ ᠨᠠᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠤ᠋ᠨ ᠬᠠᠮᠤᠷᠤᠭᠰᠠᠨ ᠨᠣᠷᠮ᠎ᠠ ᠵᠢ 90% ᠠ᠋ᠴᠠ ᠳᠡᠭᠡᠭᠰᠢ ᠳ᠋ᠦ᠍ ᠲᠣᠭᠲᠠᠪᠤᠷᠢᠵᠢᠭᠤᠯᠵᠤ᠂ ᠥᠪᠥᠷ ᠮᠣᠩᠭᠣᠯ ᠢ᠋ ᠤᠮᠠᠷᠠᠲᠤ ᠵᠢᠨ ᠭᠠᠭᠴᠠ ᠤᠯᠠᠷᠢᠯ ᠤ᠋ᠨ ᠲᠤᠨ ᠤ᠋ ᠤᠨᠠᠯᠳᠠᠳᠤ ᠠᠮᠤ ᠪᠤᠳᠠᠭᠠᠨ ᠤ᠋ ᠲᠠᠷᠢᠶᠠᠨ ᠭᠠᠵᠠᠷ ᠤ᠋ᠨ ᠵᠢᠱ᠌ᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠢᠭᠤᠯᠵᠤ ᠪᠤᠢ》 ᠭᠡᠵᠤ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠲᠠᠷᠢᠮᠠᠯ ᠤ᠋ᠨ ᠦᠢᠯᠡᠰ ᠤ᠋ᠨ ᠬᠠᠮᠢᠶᠠᠷᠤᠯᠲᠠ ᠵᠢᠨ ᠭᠠᠵᠠᠷ ᠤ᠋ᠨ ᠳᠡᠳ᠋ ᠳᠠᠷᠤᠭ᠎ᠠ ᠾᠧᠦ ᠯᠢ ᠯᠢ ᠳᠠᠨᠢᠯᠴᠠᠭᠤᠯᠤᠯ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃