2024-09-25 09:58:42
ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠭᠦᠨ ᠤ᠋ ᠦᠢᠯᠡᠳᠪᠦᠷᠢᠯᠡᠯ ᠤ᠋ᠨ ᠳᠤᠮᠤ ᠤᠷᠤᠨ ᠪᠤᠯᠤᠭᠰᠠᠨ ᠤ᠋ ᠬᠤᠪᠢ ᠳ᠋ᠤ᠂ ᠮᠠᠨ ᠤ᠋ ᠤᠷᠤᠨ ᠠᠮᠢ ᠠᠬᠤᠢ ᠤᠷᠴᠢᠨ ᠳᠤᠭᠤᠷᠢᠨ ᠵᠢᠴᠢ ᠮᠠᠯ ᠠᠵᠤ ᠠᠬᠤᠢ ᠳᠠᠷᠢᠶᠠᠯᠠᠩ ᠤ᠋ᠨ ᠡᠬᠢ ᠪᠠᠶᠠᠯᠢᠭ ᠤ᠋ᠨ ᠦᠪᠡᠷᠮᠢᠴᠡ ᠳᠠᠪᠠᠭᠤᠯᠢᠭ ᠵᠢᠡᠨ ᠰᠠᠢᠳᠤᠷ ᠪᠠᠳᠠᠷᠠᠭᠤᠯᠤᠭᠰᠠᠨ ᠵᠢᠡᠷ ᠪᠦᠬᠦ ᠤᠷᠤᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ 《ᠭᠤᠷᠪᠠᠨ ᠰᠠᠢᠳᠠᠢ》 ᠤᠨᠴᠠᠯᠢᠭ ᠤᠯᠠᠮ ᠵᠢᠡᠷ ᠳᠤᠳᠤᠷᠠᠯ᠎ᠠ ᠃
ᠠᠮᠢ ᠠᠬᠤᠢ ᠰᠠᠢᠳᠠᠢ᠃ ᠮᠠᠨ ᠤ᠋ ᠤᠷᠤᠨ ᠤ᠋ ᠠᠮᠢ ᠠᠬᠤᠢ ᠣᠷᠴᠢᠨ ᠲᠣᠭᠣᠷᠢᠨ ᠰᠠᠢᠨ ᠪᠠᠢᠳᠠᠭ ᠡᠴᠡ ᠰᠢᠮ᠎ᠠ ᠰᠠᠢᠳᠠᠢ᠂ ᠨᠠᠷᠠ ᠠᠯᠳᠠᠷᠰᠢᠯ ᠲᠠᠢ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠲᠠᠢ ᠶᠤᠮ᠃ ᠦᠪᠦᠷ ᠮᠤᠩᠭᠤᠯ ᠤ᠋ᠨ ᠲᠩᠷᠢ ᠨᠢ ᠬᠥᠬᠡᠮᠳᠦᠭ᠂ ᠤᠰᠤ ᠨᠢ ᠲᠤᠩᠭᠠᠯᠠᠭ᠂ ᠬᠥᠷᠥᠰᠥ ᠨᠢ ᠠᠷᠢᠭᠤᠨ ᠴᠡᠪᠡᠷ ᠪᠠᠢᠳᠠᠭ᠃ ᠮᠠᠨ ᠤ᠋ ᠤᠷᠤᠨ ᠳ᠋ᠦ᠍ 8.15 ᠳ᠋ᠦᠩᠰᠢᠭᠤᠷ ᠮᠦ᠍ ᠲᠠᠯ᠎ᠠ ᠨᠤᠲᠤᠭ᠂ 1.7 ᠳ᠋ᠦᠩᠰᠢᠭᠤᠷ ᠮᠦ᠍ ᠰᠠᠢᠨ ᠲᠠᠷᠢᠶᠠᠨ ᠭᠠᠵᠠᠷ ᠲᠠᠢ ᠪᠥᠭᠡᠳ ᠠᠭᠤᠯᠠ ᠤᠰᠤ ᠣᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠤ᠋ᠨ ᠠᠮᠢ ᠠᠬᠤᠢ ᠵᠢᠨ ᠴᠢᠳᠠᠮᠵᠢ ᠪᠦᠷᠢᠨ ᠲᠡᠭᠦᠯᠳᠡᠷ ᠪᠠᠢᠵᠤ᠂ ᠥᠪᠡᠷᠮᠢᠴᠡ ᠤᠨᠴᠠᠯᠢᠭ ᠲᠠᠢ ᠪᠠᠢᠭᠠᠯᠢ ᠵᠢᠨ ᠡᠬᠢ ᠪᠠᠶᠠᠯᠢᠭ ᠨᠢ ᠡᠯᠪᠡᠭ ᠲᠡᠯᠪᠡᠭ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠭᠦᠨ ᠢ᠋ ᠪᠣᠢ ᠪᠣᠯᠭᠠᠵᠠᠢ᠃ ᠤᠳᠤ ᠪᠦᠬᠦ ᠤᠷᠤᠨ ᠳ᠋ᠤ ᠪᠣᠬᠢᠷᠲᠤᠯ ᠥᠬᠡᠢ ᠣᠷᠭᠠᠨᠢᠭ ᠨᠡᠷᠡᠲᠦ ᠣᠨᠴᠠᠯᠢᠭᠳᠤ ᠤᠬᠢ ᠰᠢᠨ᠎ᠡ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ 5000 ᠭᠠᠷᠤᠢ ᠪᠠᠢᠵᠤ᠂ ᠪᠦᠬᠦ ᠤᠯᠤᠰ ᠤ᠋ᠨ ᠳᠡᠷᠢᠭᠦᠨ ᠤ᠋ ᠡᠩᠨᠡᠭᠡᠨ ᠳ᠋ᠤ ᠤᠷᠤᠵᠤ ᠪᠤᠢ᠃
ᠰᠢᠮ᠎ᠡ ᠳᠡᠵᠢᠭᠡᠯ ᠰᠠᠢᠲᠠᠢ᠃ ᠮᠠᠨ ᠤ᠋ ᠤᠷᠤᠨ ᠳᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠲᠤᠰᠬᠠᠢ ᠮᠡᠷᠭᠡᠵᠢᠯᠲᠡᠨ ᠢ᠋ ᠤᠷᠢᠵᠤ ᠮᠢᠬ᠎ᠠ᠂ ᠰᠦ᠂ ᠠᠮᠤ ᠪᠤᠳᠠᠭ᠎ᠠ ᠵᠡᠷᠭᠡ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠬᠢᠨᠠᠨ ᠰᠢᠯᠭᠠᠬᠤ ᠪᠠᠷ ᠳᠠᠮᠵᠢᠨ ᠰᠢᠮ᠎ᠡ ᠲᠡᠵᠢᠭᠡᠯ ᠤ᠋ᠨ ᠠᠭᠤᠯᠤᠭᠳᠠᠴᠠ ᠵᠢᠴᠢ ᠦᠨᠦᠷ ᠠᠮᠲᠠ ᠵᠡᠷᠭᠡ 500 ᠭᠠᠷᠤᠢ ᠵᠦᠢᠯ ᠤ᠋ᠨ ᠵᠢᠭᠠᠯᠲᠠ ᠲᠣᠭ᠎ᠠ ᠵᠢ ᠪᠠᠢᠴᠠᠭᠠᠨ ᠬᠡᠮᠵᠢᠵᠤ᠂ ᠮᠠᠨ ᠤ᠋ ᠤᠷᠤᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠰᠢᠮ᠎ᠡ ᠳᠡᠵᠢᠭᠡᠯ ᠰᠠᠢᠳᠠᠢ᠂ ᠶᠠᠰᠤ ᠴᠢᠨᠠᠷ ᠰᠠᠢᠳᠠᠢ ᠪᠠᠢᠭ᠎ᠠ ᠵᠢ ᠨᠤᠳᠠᠯᠠᠭᠤᠯᠤᠭᠰᠠᠨ ᠠᠵᠢ᠃ ᠵᠢᠱ᠌ᠢᠶᠡᠯᠡᠪᠡᠯ ᠰᠢᠯᠭᠠᠨ ᠪᠠᠢᠴᠠᠭᠠᠯᠳᠠ ᠪᠡᠷ ᠲᠠᠮᠵᠢᠨ ᠦᠪᠤᠷ ᠮᠤᠩᠭᠤᠯ ᠤ᠋ᠨ ᠬᠣᠨᠢᠨ ᠮᠢᠬ᠎ᠠ ᠵᠢᠨ ᠤᠭᠤᠷᠠᠭ᠂ ᠲᠡᠮᠦᠷ᠂ ᠴᠠᠢᠷ ᠤ᠋ᠨ ᠪᠢᠴᠢᠯ ᠡᠯᠸᠮᠸᠨ᠋ᠲ ᠤ᠋ᠨ ᠠᠭᠤᠯᠤᠭᠳᠠᠴᠠ ᠨᠢ ᠪᠦᠬᠦ ᠤᠯᠤᠰ ᠤ᠋ᠨ ᠯᠠᠪᠯᠠᠯᠲᠠ ᠵᠢᠨ ᠬᠡᠮᠵᠢᠶ᠎ᠡ ᠡᠴᠡ ᠳᠠᠬᠢᠨ ᠡᠴᠡ ᠳᠡᠭᠡᠭᠰᠢ ᠥᠨᠳᠥᠷ ᠪᠠᠢᠵᠤ᠂ ᠰᠣᠷᠭᠣᠭ ᠠᠮᠲᠠ ᠵᠢᠨ ᠪᠣᠳᠠᠰ ᠤ᠋ᠨ ᠠᠭᠤᠯᠤᠭᠳᠠᠴᠠ ᠨᠢ ᠴᠤ᠌ ᠥᠨᠳᠥᠷ ᠪᠠᠢᠬᠤ ᠵᠢ ᠬᠡᠷᠡᠴᠢᠯᠡᠵᠠᠢ᠃
ᠨᠡᠷ᠎ᠡ ᠠᠯᠳᠠᠷᠰᠢᠯ ᠰᠠᠢᠳᠠᠢ᠃ ᠮᠠᠨ ᠤ᠋ ᠤᠷᠤᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠭᠠᠷᠤᠯᠳᠠ ᠤᠨᠠᠯᠳᠠ ᠵᠢᠨ ᠬᠡᠮᠵᠢᠶ᠎ᠡ ᠶᠡᠬᠡ᠂ ᠵᠠᠬ᠎ᠠ ᠳᠡᠯᠭᠡᠭᠦᠷ ᠲᠡᠬᠢ ᠨᠡᠷ᠎ᠡ ᠠᠯᠳᠠᠷᠰᠢᠯ ᠨᠢ ᠴᠦ᠍ ᠥᠨᠳᠥᠷ ᠪᠠᠢᠳᠠᠭ᠃ ᠨᠢᠳᠤᠨᠤᠨ ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠰᠢᠭᠤᠳ ᠨᠡᠪᠲᠡᠷᠡᠭᠦᠯᠭᠡ ᠪᠡᠷ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠬᠤᠳᠠᠯᠳᠤᠬᠤ ᠠᠵᠢᠯᠯᠠᠭ᠎ᠠ ᠵᠢ 20 ᠭᠠᠷᠤᠢ ᠳᠠᠯᠠᠪᠤᠷ ᠵᠤᠬᠢᠶᠠᠨ ᠪᠠᠢᠭᠤᠯᠵᠤ ᠶᠠᠪᠤᠭᠳᠠᠭᠤᠯᠤᠭᠰᠠᠨ ᠳ᠋ᠦ᠍ ᠠᠷᠠᠯᠵᠢᠶᠡᠨ ᠤ᠋ ᠬᠡᠮᠵᠢᠶ᠎ᠠ ᠨᠢ ᠳ᠋ᠦᠩᠰᠢᠭᠤᠷ ᠲᠦᠭᠦᠷᠢᠭ ᠢ᠋ ᠳᠠᠪᠠᠭᠰᠠᠨ ᠤᠳᠠᠭ᠎ᠠ ᠳᠠᠯᠠᠪᠤᠷ ᠴᠦ᠍ ᠪᠤᠢ; ᠡᠨᠡ ᠵᠢᠯ ᠮᠠᠨ ᠤ᠋ ᠣᠷᠣᠨ ᠤ᠋ ᠬᠣᠨᠢᠨ ᠮᠢᠬ᠎ᠠ ᠵᠢᠴᠢ ᠪᠡᠯᠡᠨ ᠵᠠᠭᠤᠰᠢ ᠵᠡᠷᠭᠡ ᠵᠢ ᠪᠠᠭᠳᠠᠭᠠᠭᠰᠠᠨ ᠴᠤᠤᠷᠢᠶ᠎ᠠ ᠵᠢᠨ ᠰᠦᠯᠵᠢᠶᠡᠨ ᠳᠡᠭᠡᠷᠡᠬᠢ ᠵᠠᠬᠢᠶᠠᠯᠠᠭ᠎ᠠ 1400 ᠲᠦᠮᠡᠨ ᠬᠠᠭᠤᠳᠠᠰᠤ ᠵᠢ ᠳᠠᠪᠠᠵᠤ᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 55% ᠪᠠᠷ ᠨᠡᠮᠡᠭᠳᠡᠪᠡ; ᠮᠠᠨ ᠤ᠋ ᠤᠷᠤᠨ ᠤ᠋ ᠣᠷᠣᠨ ᠪᠦᠰᠡ ᠵᠢᠨ ᠨᠡᠢᠲᠡ ᠵᠢᠨ ᠬᠡᠷᠡᠭᠯᠡᠭᠡᠨ ᠤ᠋ 12 ᠲᠦᠷᠦᠯ ᠲᠡᠮᠳᠡᠭ ᠨᠢ ᠨᠢᠳᠤᠨᠤᠨ ᠤ᠋ ᠪᠦᠬᠦ ᠤᠯᠤᠰ ᠤ᠋ᠨ ᠬᠦᠳᠡᠭᠡ ᠠᠵᠤ ᠠᠬᠤᠢ ᠵᠢᠨ ᠵᠠᠭᠤᠨ ᠬᠦᠴᠦᠷᠬᠡᠭ ᠤ᠋ᠨ ᠪᠡᠯᠭᠡ ᠲᠡᠮᠳᠡᠭᠳᠤ ᠲᠦᠷᠦᠯ ᠲᠡᠮᠳᠡᠭ ᠪᠤᠯᠪᠠ ᠁ ᠡᠳᠡᠭᠡᠷ ᠨᠢ ᠮᠠᠨ ᠤ᠋ ᠤᠷᠤᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠨᠢ ᠨᠠᠷᠠ ᠠᠯᠳᠠᠷᠰᠢᠯ ᠰᠠᠢᠲᠠᠢ ᠪᠦᠭᠡᠳ ᠬᠡᠷᠡᠭᠯᠡᠭᠴᠢᠳ ᠤ᠋ᠨ ᠦᠷᠭᠡᠨ ᠬᠦᠷᠢᠶᠡᠯᠡᠯ ᠢ᠋ ᠬᠦᠷᠳᠡᠵᠤ ᠪᠠᠢᠭ᠎ᠠ ᠵᠢ ᠬᠦᠢᠴᠡᠳ ᠬᠠᠷᠠᠭᠤᠯᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃