ᠲᠡᠷᠢᠭᠦᠨ ᠨᠢᠭᠤᠷ>ᠰᠢᠨ᠎ᠡ ᠬᠦᠳᠡᠭᠡ>ᠠᠵᠢᠭᠯᠠᠯᠳᠠ ᠵᠠᠳᠠᠯᠣᠯᠳᠠ

2025-01-03 10:03:04

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠤ᠋ᠨ 《ᠨᠠᠢ᠍ᠮᠠᠨ ᠴᠢᠬᠤᠯᠠ ᠲᠤᠷᠠᠳᠤᠯᠭ᠎ᠠ》 ᠵᠢ ᠲᠠᠢᠯᠬᠤᠢ


ᠨᠠᠢᠷᠠᠭᠤᠯᠤᠭᠴᠢ ᠵᠢᠨ ᠦᠬᠡ᠄

ᠵᠢᠯ ᠪᠤᠯᠭᠠᠨ ᠤ᠋ 12 ᠰᠠᠷ᠎ᠠ ᠳ᠋ᠤ ᠬᠤᠷᠠᠯᠳᠤᠬᠤ ᠲᠦᠪ ᠤ᠋ᠨ ᠠᠵᠤ ᠠᠬᠤᠢ ᠶ᠋ᠢᠨ ᠠᠵᠢᠯ ᠤ᠋ᠨ ᠬᠤᠷᠠᠯ ᠪᠤᠯᠤᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠨᠢ ᠰᠢᠨ᠎ᠠ ᠨᠢᠭᠡ ᠵᠢᠯ ᠤ᠋ᠨ ᠮᠠᠯ ᠠᠵᠤ ᠠᠬᠤᠢ ᠲᠠᠷᠢᠶᠠᠯᠠᠩ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠠᠵᠢᠯ ᠢ᠋ ᠰᠠᠢᠳᠦᠷ ᠬᠢᠬᠦ ᠶ᠋ᠢᠨ ᠵᠦᠭᠯᠡᠭᠦᠷ ᠪᠤᠯᠬᠤ ᠨᠢ ᠳᠠᠮᠵᠢᠭ ᠦᠭᠡᠢ᠃ 2024 ᠤᠨ ᠤ᠋ 12 ᠰᠠᠷ᠎ᠠ ᠶ᠋ᠢᠨ 17 — 18 ᠤ᠋ ᠡᠳᠦᠷ ᠪᠤᠯᠳᠠᠯ᠎ᠠ ᠬᠤᠷᠠᠯᠳᠤᠭᠰᠠᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠨᠢ 2024 ᠤᠨ ᠤ᠋ 12 ᠰᠠᠷ᠎ᠠ ᠶ᠋ᠢᠨ 11 — 12 ᠤ᠋ᠨ ᠡᠳᠦᠷ ᠪᠤᠯᠳᠠᠯ᠎ᠠ ᠬᠤᠷᠠᠯᠳᠤᠭᠰᠠᠨ ᠲᠥᠪ ᠤ᠋ᠨ ᠠᠵᠤ ᠠᠬᠤᠢ ᠶ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠵᠤ᠂ 2025 ᠣᠨ ᠤ᠋ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠤ᠋ᠨ ᠲᠤᠬᠠᠢ ᠪᠠᠢᠷᠢᠯᠠᠭᠤᠯᠬᠤ ᠳ᠋ᠠᠭᠠᠨ 《ᠨᠠᠢ᠍ᠮᠠᠨ ᠴᠢᠬᠤᠯᠠ ᠲᠤᠷᠠᠳᠤᠯᠭ᠎ᠠ》 ᠲᠤᠷᠠᠳᠴᠠᠢ᠃ ᠡᠨᠳᠡ 《ᠨᠠᠢ᠍ᠮᠠᠨ ᠴᠢᠬᠤᠯᠠ ᠲᠤᠷᠠᠳᠤᠯᠭ᠎ᠠ》 ᠵᠢ ᠨᠢᠬᠡᠳ ᠨᠢᠬᠡ ᠪᠡᠷ ᠰᠡᠢᠷᠡᠭᠦᠯᠵᠦ᠂ ᠤᠯᠠᠨ ᠤ᠋ ᠰᠢᠨ᠎ᠠ ᠨᠢᠬᠡ ᠵᠢᠯ ᠤ᠋ᠨ ᠠᠵᠢᠯ ᠳ᠋ᠤ ᠲᠤᠯᠢ ᠪᠤᠯᠭᠠᠬᠤ ᠵᠢ ᠵᠤᠷᠢᠪᠠ᠃


◆ ᠠᠮᠤ ᠪᠤᠳᠠᠭᠠᠨ ᠤ᠋ ᠲᠣᠭ᠍ᠲᠠᠭᠤᠨ ᠤᠨᠠᠯᠲᠠ ᠵᠢ ᠪᠠᠳᠤᠯᠠᠵᠤ ᠡᠯᠪᠡᠭ ᠬᠤᠷᠢᠶᠠᠯᠲᠠ ᠤᠯᠬᠤ ᠶ᠋ᠢ ᠪᠠᠳᠤᠯᠠᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠬᠦᠨᠳᠦ ᠡᠭᠦᠷᠭᠡ ᠶ᠋ᠢ ᠡᠷᠡᠰ ᠪᠠᠲᠤ ᠡᠭᠦᠷᠭᠡᠯᠡᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠶ᠋ᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠴᠢᠩᠭᠠᠳᠭᠠᠵᠤ᠂ ᠠᠮᠤ ᠪᠤᠳᠠᠭ᠎ᠠ ᠶ᠋ᠢᠨ ᠲᠠᠷᠢᠮᠠᠯ ᠤ᠋ᠨ ᠲᠠᠯᠠᠪᠠᠢ ᠶ᠋ᠢ ᠲᠣᠭ᠍ᠲᠠᠪᠤᠷᠢᠵᠢᠭᠤᠯᠤᠨ᠂ ᠠᠮᠤ ᠲᠤᠰᠤᠨ ᠤ᠋ ᠲᠠᠷᠢᠮᠠᠯ ᠤ᠋ᠨ ᠶᠡᠬᠡ ᠲᠠᠯᠠᠪᠠᠢ ᠪᠡᠷ ᠮᠤ᠌ ᠨᠢᠭᠡᠴᠢ ᠶ᠋ᠢᠨ ᠤᠨᠠᠯᠲᠠ ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠶ᠋ᠢ ᠭᠦᠨᠵᠡᠭᠡᠢ ᠠᠬᠢᠭᠤᠯᠵᠤ᠂ ᠲᠠᠷᠢᠶᠠᠯᠠᠩ ᠤ᠋ᠨ ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠬᠤ ᠴᠢᠳᠠᠪᠤᠷᠢ ᠶ᠋ᠢᠨ ᠪᠠᠢᠭᠤᠯᠤᠯᠲᠠ ᠶ᠋ᠢ ᠴᠢᠩᠭᠠᠳᠭᠠᠨ᠂ ᠠᠮᠤ ᠪᠤᠳᠠᠭᠠᠨ ᠤ᠋ ᠲᠣᠭ᠍ᠲᠠᠭᠤᠨ ᠤᠨᠠᠯᠲᠠ ᠵᠢ ᠪᠠᠳᠤᠯᠠᠵᠤ ᠡᠯᠪᠡᠭ ᠬᠤᠷᠢᠶᠠᠯᠲᠠ ᠤᠯᠬᠤ ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

【ᠲᠠᠢᠯᠬᠤᠢ】 ᠨᠠᠨᠵᠢᠩ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠫᠷᠤᠹᠧᠰᠰᠤᠷ ᠵᠤ᠌ ᠵᠢᠩ᠄ ᠨᠢᠭᠡ ᠲᠠᠯ᠎ᠠ ᠪᠡᠷ 《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠵᠢ ᠪᠠᠳᠤᠯᠠᠵᠤ ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭᠳᠡᠬᠦᠯᠬᠦ》 ᠪᠠᠢᠯᠳᠤᠬᠤ ᠪᠤᠳᠤᠯᠭ᠎ᠠ ᠶ᠋ᠢ ᠦᠷᠭᠦᠯᠵᠢᠯᠡᠨ ᠪᠠᠷᠢᠮᠳᠠᠯᠠᠵᠤ᠂ ᠭᠤᠤᠯᠳᠠᠭᠤ ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ᠂ ᠤᠳᠤ ᠦᠶ᠎ᠠ ᠶ᠋ᠢᠨ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ ᠵᠡᠷᠭᠡ ᠠᠷᠭ᠎ᠠ ᠪᠠᠷᠢᠯ ᠶ᠋ᠢᠡᠷ ᠤᠯᠤᠰ ᠤ᠋ᠨ ᠠᠮᠤ ᠪᠤᠳᠠᠭᠠᠨ ᠤ᠋ ᠠᠮᠦᠷ ᠲᠦᠪᠰᠢᠨ ᠢ᠋ ᠪᠠᠳᠤᠯᠠᠨ᠎ᠠ; ᠨᠦᠭᠦᠭᠡ ᠲᠠᠯ᠎ᠠ ᠪᠡᠷ ᠲᠦᠷᠦ ᠶ᠋ᠢᠨ ᠪᠤᠳᠤᠯᠭ᠎ᠠ ᠶ᠋ᠢᠨ ᠳᠡᠮᠵᠢᠯᠭᠡ ᠪᠡᠨ ᠴᠢᠩᠭᠠᠳᠬᠠᠵᠤ᠂ ᠨᠦᠬᠦᠪᠤᠷᠢ ᠶ᠋ᠢᠨ ᠤᠨᠤᠪᠴᠢᠳᠤ ᠴᠢᠨᠠᠷ ᠪᠠ ᠴᠢᠭᠯᠡᠭᠦᠯᠦᠯᠳᠦ ᠴᠢᠨᠠᠷ ᠢ᠋ ᠳᠡᠭᠡᠭᠰᠢᠯᠡᠭᠦᠯᠤᠨ᠂ ᠲᠠᠷᠢᠶᠠᠴᠢᠳ ᠤ᠋ᠨ ᠠᠮᠤ ᠪᠤᠳᠠᠭ᠎ᠠ ᠶ᠋ᠢᠨ ᠲᠠᠷᠢᠮᠠᠯ ᠲᠠᠷᠢᠬᠤ ᠢᠳᠡᠪᠬᠢᠵᠢᠯ ᠢ᠋ ᠪᠠᠳᠤᠯᠠᠬᠤ ᠬᠡᠷᠡᠭᠳᠠᠢ᠃


◆ ᠭᠠᠵᠠᠷ ᠣᠷᠣᠨ ᠤ᠋ ᠪᠤᠳᠠᠳᠤ ᠪᠠᠢᠳᠠᠯ ᠳ᠋ᠤ ᠲᠤᠬᠢᠷᠠᠭᠤᠯᠤᠨ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠦᠭᠵᠢᠭᠦᠯᠦᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠬᠦᠳᠡᠭᠡ ᠠᠵᠤ ᠠᠬᠤᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠦᠴᠦᠨ ᠤ᠋ ᠬᠠᠮᠵᠢᠯᠴᠠᠨ ᠪᠤᠭᠤᠮᠳᠠ ᠰᠢᠪᠳᠤᠯᠬᠤ ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠶᠡᠬᠡ ᠬᠡᠪᠴᠢᠶ᠎ᠡ ᠪᠡᠷ ᠳᠡᠯᠭᠡᠷᠡᠭᠦᠯᠦᠨ ᠬᠡᠷᠡᠭ᠌ᠯᠡᠬᠦ᠌ ᠶ᠋ᠢ ᠲᠦᠷᠭᠡᠳᠭᠡᠨ᠂ ᠭᠠᠵᠠᠷ ᠣᠷᠣᠨ ᠤ᠋ ᠪᠤᠳᠠᠳᠤ ᠪᠠᠢᠳᠠᠯ ᠳ᠋ᠤ ᠲᠤᠬᠢᠷᠠᠭᠤᠯᠤᠨ ᠬᠦᠳᠡᠭᠡ ᠠᠵᠤ ᠠᠬᠤᠢ ᠵᠢᠨ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠬᠦ ᠭᠡᠷᠡᠭᠳᠠᠢ ᠭᠡᠵᠦ ᠴᠢᠬᠤᠯᠠᠴᠢᠯᠠᠪᠠ᠃

【ᠲᠠᠢᠯᠬᠤᠢ】 ᠨᠠᠨᠵᠢᠩ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠫᠷᠤᠹᠧᠰᠰᠤᠷ ᠵᠤ᠌ ᠵᠢᠩ᠄ ᠰᠠᠢᠨ ᠦᠷ᠎ᠠ ᠰᠠᠢᠨ ᠮᠠᠰᠢᠨ ᠰᠠᠢᠨ ᠠᠷᠭ᠎ᠠ ᠶ᠋ᠢᠨ ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ ᠳ᠋ᠤ ᠦᠵᠡᠭᠦᠯᠬᠦ ᠦᠢᠯᠡᠳᠦᠯ ᠢ᠋ ᠭᠦᠢᠴᠡᠳ ᠠᠭᠤᠳᠠᠯᠵᠤ᠂ ᠰᠠᠢᠨ ᠡᠭᠦᠯᠳᠡᠷ ᠪᠤᠢᠵᠢᠭᠤᠯᠬᠤ ᠶ᠋ᠢ ᠱᠠᠯᠠᠪᠳᠠᠭᠤᠯᠤᠨ᠂ ᠤᠶᠤᠨᠴᠢᠯᠠᠭᠰᠠᠨ ᠲᠠᠷᠢᠶᠠᠯᠠᠩ ᠤ᠋ᠨ ᠮᠠᠰᠢᠨ ᠲᠦᠬᠦᠭᠡᠷᠦᠮᠵᠢ ᠬᠡᠷᠡᠭᠯᠡᠬᠦ ᠶ᠋ᠢ ᠠᠬᠢᠭᠤᠯᠵᠤ᠂ ᠰᠤᠳᠤᠯᠤᠨ ᠨᠡᠭᠡᠭᠡᠬᠦ ᠳ᠋ᠡᠬᠢ ᠪᠡᠯᠡ ᠤᠷᠤᠭᠤᠯᠤᠯᠳᠠ ᠶ᠋ᠢ ᠨᠡᠮᠡᠭᠳᠡᠭᠦᠯᠦᠨ᠂ ᠠᠵᠤ ᠦᠢᠯᠡᠰ ᠰᠤᠷᠭᠠᠨ ᠬᠦᠮᠦᠵᠢᠯ ᠪᠠ ᠰᠤᠳᠤᠯᠭᠠᠨ ᠤ᠋ ᠬᠠᠮᠳᠤᠷᠠᠯᠴᠠᠭ᠎ᠠ ᠶ᠋ᠢ ᠵᠤᠷᠢᠭᠵᠢᠭᠤᠯᠵᠤ᠂ ᠲᠤᠰᠬᠠᠢ ᠮᠡᠷᠭᠡᠵᠢᠯ ᠤ᠋ᠨ ᠴᠢᠳᠠᠪᠤᠷᠢᠳᠠᠨ ᠢ᠋ ᠬᠦᠮᠦᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠦᠴᠦᠨ ᠶ᠋ᠢᠡᠷ ᠤᠨᠠᠯᠳᠠ ᠶ᠋ᠢ ᠳᠡᠭᠡᠭᠰᠢᠯᠡᠭᠦᠯᠦᠨ ᠦᠢᠯᠡᠳᠪᠤᠷᠢᠯᠡᠯ ᠤ᠋ᠨ ᠴᠢᠳᠠᠪᠤᠷᠢ ᠵᠢ ᠰᠠᠢᠵᠢᠷᠠᠭᠤᠯᠬᠤ ᠴᠢᠬᠤᠯᠠᠳᠠᠢ᠃


◆ ᠮᠤᠵᠢ ᠶ᠋ᠢᠨ ᠬᠣᠭᠣᠷᠣᠨᠳᠣᠬᠢ ᠬᠥᠨᠳᠡᠯᠡᠨ ᠴᠢᠭ᠌ᠯᠡᠯ ᠤ᠋ᠨ ᠠᠱᠢᠭ ᠲᠤᠰᠠ ᠶ᠋ᠢᠨ ᠨᠥᠬᠥᠪᠥᠷᠢ ᠶ᠋ᠢᠨ ᠲᠤᠭᠳᠠᠴᠠ ᠶ᠋ᠢ ᠬᠡᠷᠡᠭᠵᠢᠭᠦᠯᠦᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠠᠮᠤ ᠪᠤᠳᠠᠭᠠᠨ ᠤ᠋ ᠦᠢᠯᠡᠳᠪᠦᠷᠢᠯᠡᠯ ᠢ᠋ ᠳᠡᠮᠵᠢᠬᠦ᠌ ᠲᠦᠷᠦ᠍ ᠶ᠋ᠢᠨ ᠪᠤᠳᠤᠯᠭ᠎ᠠ ᠶ᠋ᠢᠨ ᠱᠢᠰᠲ᠋ᠧᠮ ᠢ᠋ ᠪᠦᠷᠢᠨᠱᠢᠬᠦᠯᠵᠤ᠂ ᠲᠥᠪ ᠡᠴᠡ ᠨᠢᠭᠡᠳᠦᠯᠲᠡᠢ ᠲᠥᠯᠥᠪᠵᠢᠭᠦᠯᠦᠭᠰᠡᠨ ᠠᠮᠤ ᠪᠤᠳᠠᠭᠠᠨ ᠤ᠋ ᠦᠢᠯᠡᠳᠪᠦᠷᠢᠯᠡᠯ ᠪᠠ ᠪᠣᠷᠣᠯᠠᠭᠤᠯᠭ᠎ᠠ ᠶ᠋ᠢᠨ ᠣᠷᠣᠨ ᠤ᠋ ᠮᠤᠵᠢ ᠶ᠋ᠢᠨ ᠬᠣᠭᠣᠷᠣᠨᠳᠣᠬᠢ ᠬᠥᠨᠳᠡᠯᠡᠨ ᠴᠢᠭ᠌ᠯᠡᠯ ᠤ᠋ᠨ ᠠᠱᠢᠭ ᠲᠤᠰᠠ ᠶ᠋ᠢᠨ ᠨᠥᠬᠥᠪᠥᠷᠢ ᠶ᠋ᠢᠨ ᠳᠤᠭᠳᠠᠴᠠ ᠶ᠋ᠢ ᠪᠠᠢᠭᠤᠯᠤᠨ ᠬᠡᠷᠡᠭᠵᠢᠭᠦᠯᠬᠦ ᠭᠡᠷᠡᠭᠳᠠᠢ ᠭᠡᠵᠦ ᠴᠢᠬᠤᠯᠠᠴᠢᠯᠠᠪᠠ᠃

【ᠲᠠᠢᠯᠬᠤᠢ】 ᠲᠤᠮᠳᠠᠳᠤ ᠤᠯᠤᠰ ᠤ᠋ᠨ ᠲᠠᠷᠢᠶᠠᠯᠠᠩ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠲᠠᠷᠢᠶᠠᠯᠠᠩ ᠬᠢᠭᠡᠳ ᠬᠦᠭᠵᠢᠯᠳᠡ ᠶ᠋ᠢᠨ ᠰᠤᠳᠤᠯᠬᠤ ᠭᠠᠵᠠᠷ ᠤ᠋ᠨ ᠰᠤᠳᠤᠯᠤᠭᠴᠢ ᠵᠦᠩ ᠢᠤᠢ᠄ ᠡᠨᠡ ᠬᠦ᠌ ᠰᠢᠨ᠎ᠠ ᠶ᠋ᠢ ᠡᠭᠦᠳᠦᠭᠰᠡᠨ ᠴᠢᠨᠠᠷᠳᠠᠢ ᠠᠷᠭ᠎ᠠ ᠪᠠᠷᠢᠯ ᠨᠢ ᠠᠮᠤ ᠪᠤᠳᠠᠭᠠᠨ ᠤ᠋ ᠭᠤᠤᠯ ᠭᠠᠷᠤᠯᠳᠠ ᠶ᠋ᠢᠨ ᠤᠷᠤᠨ ᠤ᠋ ᠬᠢᠨ ᠲᠠᠷᠢᠶᠠᠯᠠᠩ ᠢ᠋ ᠬᠦᠨᠳᠤᠳᠭᠡᠵᠤ ᠠᠮᠤ ᠪᠤᠳᠠᠭᠠᠨ ᠤ᠋ ᠦᠢᠯᠡᠳᠪᠤᠷᠢᠯᠡᠯ ᠢ᠋ ᠠᠳᠬᠤᠬᠤ ᠶ᠋ᠢ ᠵᠤᠷᠢᠭᠵᠢᠭᠤᠯᠬᠤ ᠳ᠋ᠤ ᠨᠡᠩ ᠠᠰᠢᠭᠳᠠᠢ ᠪᠠᠢᠵᠤ᠂ ᠠᠮᠤ ᠪᠤᠳᠠᠭᠠᠨ ᠤ᠋ ᠭᠤᠤᠯ ᠭᠠᠷᠤᠯᠳᠠ ᠶ᠋ᠢᠨ ᠤᠷᠤᠨ ᠤ᠋ ᠬᠢᠨ ᠢ᠋ ᠠᠮᠤ ᠪᠤᠳᠠᠭᠠᠨ ᠤ᠋ ᠦᠢᠯᠡᠳᠪᠤᠷᠢᠯᠡᠯ ᠢ᠋ ᠠᠳᠬᠤᠭᠠᠳ ᠪᠤᠳᠠᠳᠤ ᠠᠰᠢᠭ ᠬᠦᠷᠳᠡᠵᠤ ᠬᠤᠬᠢᠷᠠᠯ ᠠᠮᠰᠠᠬᠤ ᠦᠭᠡᠢ ᠪᠠᠢᠬᠤ ᠳ᠋ᠤ ᠬᠦᠷᠭᠡᠨ᠂ ᠲᠡᠭᠦᠨᠴᠢᠯᠡᠨ ᠤᠷᠤᠨ ᠨᠤᠳᠤᠭ ᠤ᠋ᠨ ᠬᠢᠨ ᠤ᠋ ᠠᠮᠤ ᠪᠤᠳᠠᠭᠠᠨ ᠤ᠋ ᠦᠢᠯᠡᠳᠪᠤᠷᠢᠯᠡᠯ ᠢ᠋ ᠬᠦᠭᠵᠢᠭᠦᠯᠬᠦ ᠢᠳᠡᠪᠬᠢᠵᠢᠯ ᠢ᠋ ᠪᠠᠳᠠᠷᠠᠭᠤᠯᠵᠤ᠂ ᠪᠤᠳᠠᠭᠠᠨ ᠠᠶᠠᠭ᠎ᠠ ᠶ᠋ᠢ ᠬᠠᠮᠳᠤ ᠪᠡᠷ ᠠᠳᠬᠤᠬᠤ᠂ ᠬᠠᠷᠢᠭᠤᠴᠠᠯᠭ᠎ᠠ ᠶ᠋ᠢ ᠬᠠᠮᠳᠤ ᠪᠡᠷ ᠡᠭᠦᠷᠭᠡᠯᠡᠬᠦ ᠠᠮᠤ ᠪᠤᠳᠠᠭᠠᠨ ᠤ᠋ ᠠᠮᠦᠷ ᠲᠦᠪᠰᠢᠨ ᠤ᠋ ᠪᠠᠢᠷᠢᠰᠢᠯ ᠢ᠋ ᠪᠦᠷᠢᠯᠳᠦᠭᠦᠯᠬᠦ ᠳ᠋ᠤ ᠠᠰᠢᠭᠳᠠᠢ ᠪᠠᠢᠵᠤ᠂ ᠤᠷᠤᠨ ᠪᠦᠰᠡ ᠶ᠋ᠢᠨ ᠠᠵᠤ ᠠᠬᠤᠢ ᠨᠡᠢᠭᠡᠮ ᠤ᠋ᠨ ᠵᠤᠬᠢᠴᠠᠩᠭᠤᠢ ᠬᠦᠭᠵᠢᠯᠳᠡ ᠶ᠋ᠢ ᠠᠬᠢᠭᠤᠯᠬᠤ ᠪᠤᠯᠤᠨ᠎ᠠ᠃


◆ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠨ᠎ᠡ ᠬᠠᠩᠰᠢ ᠶ᠋ᠢ ᠵᠦᠢ ᠵᠣᠬᠢᠰᠲᠠᠢ ᠲᠦᠪᠱᠢᠨ ᠳ᠋ᠤ ᠪᠠᠢᠯᠭᠠᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶ᠎ᠠ ᠬᠢᠭᠡᠳ ᠦᠢᠯᠡᠳᠪᠦᠷᠢᠯᠡᠯ ᠢ᠋ ᠵᠣᠬᠢᠴᠠᠭᠤᠯᠬᠤ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠨ᠎ᠡ ᠬᠠᠩᠰᠢ ᠶ᠋ᠢ ᠵᠦᠢ ᠵᠣᠬᠢᠰᠲᠠᠢ ᠲᠦᠪᠱᠢᠨ ᠳ᠋ᠤ ᠪᠠᠢᠯᠭᠠᠬᠤ ᠶ᠋ᠢ ᠠᠬᠢᠭᠤᠯᠬᠤ ᠭᠡᠷᠡᠭᠳᠠᠢ ᠭᠡᠵᠦ ᠴᠢᠬᠤᠯᠠᠴᠢᠯᠠᠪᠠ᠃

【ᠲᠠᠢᠯᠬᠤᠢ】 ᠳᠤᠮᠳᠠᠳᠤ ᠤᠯᠤᠰ ᠤ᠋ᠨ ᠠᠷᠠᠳ ᠤ᠋ᠨ ᠶᠡᠬᠡ ᠰᠤᠷᠭᠠᠭᠤᠯᠢ ᠶ᠋ᠢᠨ ᠫᠷᠤᠹᠧᠰᠰᠤᠷ᠂ ᠤᠯᠤᠰ ᠤ᠋ᠨ ᠠᠮᠦ ᠪᠤᠳᠠᠭᠠᠨ ᠤ᠋ ᠠᠮᠦᠷ ᠲᠦᠪᠰᠢᠨ ᠤ᠋ ᠪᠠᠢᠯᠳᠤᠬᠤ ᠪᠤᠳᠤᠯᠭ᠎ᠠ ᠰᠤᠳᠤᠯᠬᠤ ᠬᠦᠷᠢᠶᠡᠯᠡᠩ ᠤ᠋ᠨ ᠳᠠᠷᠤᠭ᠎ᠠ ᠴᠧᠩ ᠭᠦᠧᠧ ᠴᠢᠶᠠᠩ᠄ ᠤᠯᠠᠨ ᠲᠦᠮᠡᠨ ᠤ᠋ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠤᠬᠠᠢ ᠤᠯᠠᠨ ᠶᠠᠩᠵᠤ ᠶ᠋ᠢᠨ ᠬᠡᠷᠡᠭᠴᠡᠭᠡ ᠱᠠᠭᠠᠷᠳᠠᠯᠭ᠎ᠠ ᠶ᠋ᠢ ᠰᠠᠢᠳᠦᠷ ᠬᠠᠩᠭᠠᠬᠤ ᠬᠡᠷᠡᠭᠳᠠᠢ᠃ ᠤᠳᠤᠬᠠᠨ ᠤ᠋ ᠴᠠᠭ ᠤ᠋ᠨ ᠪᠠᠢᠳᠠᠯ ᠤ᠋ᠨ ᠡᠮᠦᠨ᠎ᠠ᠂ ᠤᠯᠤᠰ ᠤ᠋ᠨ ᠲᠤᠳᠤᠭᠠᠳᠦ ᠳ᠋ᠠᠭᠠᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠤᠨᠠᠯᠳᠠ ᠶ᠋ᠢ ᠳᠤᠭᠳᠠᠪᠤᠷᠢᠵᠢᠭᠤᠯᠤᠨ ᠬᠠᠩᠭᠠᠯᠭ᠎ᠠ ᠶ᠋ᠢ ᠪᠠᠳᠤᠯᠠᠬᠤ ᠶ᠋ᠢ ᠰᠠᠢᠳᠦᠷ ᠠᠳᠬᠤᠬᠤ ᠶ᠋ᠢᠨ ᠬᠠᠮᠳᠤ ᠤᠯᠠᠨ ᠤᠯᠤᠰ ᠤ᠋ᠨ ᠵᠠᠬ᠎ᠠ ᠳᠡᠯᠭᠡᠭᠦᠷ ᠢ᠋ ᠯᠠᠪᠳᠠᠭᠤᠨ ᠪᠠᠳᠤᠳᠠᠢ ᠰᠠᠢᠳᠦᠷ ᠠᠰᠢᠭᠯᠠᠬᠤ ᠴᠢᠬᠤᠯᠠᠳᠠᠢ᠃ ᠡᠭᠦᠨ ᠤ᠋ ᠵᠡᠷᠭᠡ ᠪᠡᠷ ᠵᠠᠬ᠎ᠠ ᠳᠡᠯᠭᠡᠭᠦᠷ ᠤ᠋ᠨ ᠡᠵᠡᠮᠰᠢᠯ ᠳᠤᠬᠢᠷᠠᠭᠤᠯᠭ᠎ᠠ ᠶ᠋ᠢ ᠰᠠᠢᠳᠦᠷ ᠠᠳᠬᠤᠵᠤ᠂ ᠠᠷᠠᠯᠵᠢᠶ᠎ᠠ ᠬᠢᠭᠡᠳ ᠦᠢᠯᠡᠳᠪᠤᠷᠢᠯᠡᠯ ᠢ᠋ ᠲᠡᠩᠴᠡᠭᠦᠷᠢᠰᠢᠭᠦᠯᠤᠨ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠨ᠎ᠡ ᠬᠠᠩᠰᠢ ᠶ᠋ᠢ ᠵᠦᠢ ᠵᠣᠬᠢᠰᠲᠠᠢ ᠲᠦᠪᠱᠢᠨ ᠳ᠋ᠤ ᠪᠠᠢᠯᠭᠠᠬᠤ ᠶ᠋ᠢ ᠠᠬᠢᠭᠤᠯᠤᠨ᠂ ᠠᠮᠤ ᠪᠤᠳᠠᠭ᠎ᠠ ᠶ᠋ᠢᠨ ᠲᠠᠷᠢᠮᠠᠯ ᠲᠠᠷᠢᠬᠤ ᠲᠠᠷᠢᠶᠠᠴᠢᠳ ᠤ᠋ᠨ ᠠᠰᠢᠭ ᠲᠤᠰᠠ ᠶ᠋ᠢ ᠪᠠᠳᠤᠯᠠᠬᠤ ᠳᠤᠭᠳᠠᠴᠠ ᠶ᠋ᠢ ᠪᠦᠷᠢᠨᠰᠢᠭᠦᠯᠵᠦ᠂ ᠲᠠᠷᠢᠶᠠᠴᠢᠳ ᠤ᠋ᠨ ᠠᠮᠤ ᠪᠤᠳᠠᠭ᠎ᠠ ᠶ᠋ᠢᠨ ᠲᠠᠷᠢᠮᠠᠯ ᠲᠠᠷᠢᠬᠤ ᠢᠳᠡᠪᠬᠢᠵᠢᠯ ᠢ᠋ ᠨᠡᠩ ᠪᠦᠲᠦᠮᠵᠢᠳᠠᠢ ᠬᠠᠮᠠᠭᠠᠯᠠᠨ ᠳᠡᠭᠡᠭᠰᠢᠯᠡᠭᠦᠯᠬᠦ ᠬᠡᠷᠡᠭᠳᠠᠢ᠃


◆ ᠱᠠᠳᠤ ᠬᠤᠪᠢᠶᠠᠭᠰᠠᠨ ᠲᠦᠷᠦᠯ ᠬᠤᠪᠢᠶᠠᠭᠰᠠᠨ ᠬᠠᠪᠰᠤᠷᠤᠨ ᠲᠡᠳᠬᠦᠬᠦ᠌ ᠲᠦᠷᠢᠮ ᠢ᠋ ᠨᠢᠭᠡᠳᠦᠯᠲᠡᠢ ᠲᠥᠯᠥᠪᠵᠢᠭᠦᠯᠦᠨ ᠪᠠᠢᠭᠤᠯᠤᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠡᠯ᠎ᠡ ᠵᠦᠢᠯ ᠤ᠋ᠨ ᠠᠵᠢᠯ ᠢ᠋ ᠤᠬᠳᠤ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶ᠋ᠢ ᠰᠡᠷᠭᠡᠢᠯᠡᠬᠦ᠌ ᠬᠢᠨᠠᠨ ᠡᠵᠡᠮᠳᠡᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠤᠨ᠂ ᠬᠥᠳᠡᠭᠡ ᠲᠣᠰᠭᠣᠨ ᠤ᠋ ᠲᠠᠬᠢᠨ ᠶᠠᠳᠠᠭᠤᠷᠠᠬᠤ ᠪᠠ ᠶᠠᠳᠠᠭᠤᠷᠠᠬᠤ ᠶ᠋ᠢ ᠰᠡᠷᠭᠡᠢᠯᠡᠬᠦ᠌ ᠲᠣᠭ᠍ᠲᠠᠴᠠ ᠪᠣᠯᠤᠨ ᠣᠷᠣᠯᠭ᠎ᠠ ᠪᠠᠭᠠᠲᠠᠢ ᠬᠥᠮᠦᠨ ᠠᠮᠠ᠂ ᠬᠥᠭ᠌ᠵᠢᠭᠡᠳᠦᠢ ᠭᠠᠵᠠᠷ ᠣᠷᠣᠨ ᠤ᠋ ᠱᠠᠳᠤ ᠬᠤᠪᠢᠶᠠᠭᠰᠠᠨ ᠲᠦᠷᠦᠯ ᠬᠤᠪᠢᠶᠠᠭᠰᠠᠨ ᠬᠠᠪᠰᠤᠷᠤᠨ ᠲᠡᠳᠬᠦᠬᠦ᠌ ᠲᠦᠷᠢᠮ ᠢ᠋ ᠨᠢᠭᠡᠳᠦᠯᠲᠡᠢ ᠲᠥᠯᠥᠪᠵᠢᠭᠦᠯᠦᠨ ᠪᠠᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

【ᠲᠠᠢᠯᠬᠤᠢ】 ᠳᠤᠮᠳᠠᠳᠤ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠬᠦᠳᠡᠭᠡ ᠲᠤᠰᠬᠤᠨ ᠤ᠋ ᠬᠦᠭᠵᠢᠯᠳᠡ ᠶ᠋ᠢ ᠰᠤᠳᠤᠯᠬᠤ ᠭᠠᠵᠠᠷ ᠤ᠋ᠨ ᠰᠤᠳᠤᠯᠤᠭᠴᠢ ᠯᠢ ᠭᠦᠧᠧ ᠰᠢᠶᠠᠩ᠄ ᠬᠦᠳᠡᠭᠡ ᠲᠤᠰᠬᠤᠨ ᠤ᠋ ᠤᠷᠤᠯᠭ᠎ᠠ ᠪᠠᠭᠠᠳᠠᠢ ᠬᠦᠮᠦᠨ ᠠᠮᠠ ᠶ᠋ᠢᠨ ᠲᠤᠳᠤᠭᠠᠳᠤ ᠬᠦᠳᠡᠯᠭᠡᠬᠦ ᠬᠦᠴᠦᠨ ᠢ᠋ ᠪᠠᠳᠠᠷᠠᠭᠤᠯᠬᠤ ᠶ᠋ᠢ ᠴᠢᠬᠤᠯᠠ ᠪᠠᠢᠷᠢᠨ ᠳ᠋ᠤ ᠲᠠᠯᠪᠢᠬᠤ ᠬᠡᠷᠡᠭᠳᠠᠢ᠃ ᠱᠠᠳᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠳᠡᠳᠬᠦᠵᠦ᠂ ᠪᠦᠲᠦᠮᠵᠢᠳᠠᠢ ᠤᠨᠤᠴᠠᠳᠠᠢ ᠪᠡᠷ ᠲᠦᠷᠦ ᠶ᠋ᠢᠨ ᠪᠤᠳᠤᠯᠭ᠎ᠠ ᠬᠡᠷᠡᠭᠵᠢᠭᠦᠯᠦᠨ᠂ ᠬᠠᠪᠰᠤᠷᠤᠨ ᠳᠡᠳᠬᠦᠬᠦ ᠦᠷ᠎ᠠ ᠪᠦᠲᠦᠮᠵᠢ ᠵᠢ ᠳᠡᠭᠡᠭᠰᠢᠯᠡᠭᠦᠯᠬᠦ ᠬᠡᠷᠡᠭᠳᠠᠢ᠃ ᠬᠦᠳᠡᠯᠮᠦᠷᠢᠯᠡᠬᠦ ᠴᠢᠳᠠᠪᠤᠷᠢ ᠪᠦᠬᠦᠢ ᠤᠷᠤᠯᠭ᠎ᠠ ᠪᠠᠭᠠᠳᠠᠢ ᠬᠦᠮᠦᠰ ᠤ᠋ᠨ ᠨᠠᠭᠠᠳᠤ ᠵᠠᠬ᠎ᠠ ᠶ᠋ᠢᠨ ᠠᠮᠢᠳᠤᠷᠠᠯ ᠢ᠋ ᠪᠠᠳᠤᠯᠠᠭᠰᠠᠨ ᠰᠠᠭᠤᠷᠢᠨ ᠲᠠᠬᠡᠷ᠎ᠠ ᠤᠨᠴᠠᠯᠢᠭᠳᠤ ᠠᠵᠤ ᠦᠢᠯᠡᠰ ᠢ᠋ ᠬᠦᠭᠵᠢᠭᠦᠯᠬᠦ ᠶ᠋ᠢ ᠳᠡᠮᠵᠢᠬᠦ᠂ ᠮᠡᠷᠭᠡᠵᠢᠯ ᠤ᠋ᠨ ᠪᠤᠯᠪᠠᠰᠤᠷᠠᠯ ᠬᠦᠷᠳᠡᠭᠡᠬᠦ᠂ ᠰᠢᠯᠵᠢᠭᠦᠯᠦᠨ ᠠᠵᠢᠯ ᠤᠯᠭᠤᠬᠤ ᠶ᠋ᠢ ᠵᠤᠬᠢᠶᠠᠨ ᠪᠠᠢᠭᠤᠯᠬᠤ ᠵᠡᠷᠭᠡ ᠠᠷᠭ᠎ᠠ ᠬᠡᠯᠪᠡᠷᠢ ᠪᠡᠷ ᠲᠡᠳᠡᠨ ᠤ᠋ ᠦᠪᠡᠷ ᠤ᠋ᠨ 《ᠴᠢᠰᠦ ᠪᠦᠲᠦᠭᠡᠬᠦ》 ᠴᠢᠳᠠᠪᠤᠷᠢ ᠶ᠋ᠢ ᠴᠢᠩᠭᠠᠳᠬᠠᠬᠤ ᠴᠢᠬᠤᠯᠠᠳᠠᠢ᠃ ᠬᠦᠳᠡᠯᠮᠦᠷᠢᠯᠡᠬᠦ ᠴᠢᠳᠠᠪᠤᠷᠢ ᠦᠭᠡᠢ ᠬᠦᠮᠦᠰ ᠲᠤ᠌ ᠶᠡᠷᠦᠩᠬᠡᠢᠯᠡᠭᠰᠡᠨ ᠴᠢᠨᠠᠷᠳᠠᠢ ᠨᠡᠢᠭᠡᠮ ᠤ᠋ᠨ ᠪᠠᠳᠤᠯᠠᠭ᠎ᠠ ᠶ᠋ᠢᠨ ᠠᠷᠭ᠎ᠠ ᠬᠡᠮᠵᠢᠶ᠎ᠠ ᠪᠡᠷ ᠨᠠᠭᠠᠳᠤ ᠵᠠᠬ᠎ᠠ ᠶ᠋ᠢᠨ ᠠᠮᠢᠳᠤᠷᠠᠯ ᠢ᠋ ᠨᠢ ᠪᠠᠳᠤᠯᠠᠵᠤ᠂ ᠨᠡᠢᠭᠡᠮ ᠤ᠋ᠨ ᠠᠪᠤᠷᠠᠨ ᠲᠤᠰᠠᠯᠠᠬᠤ ᠠᠷᠭ᠎ᠠ ᠬᠡᠮᠵᠢᠶ᠎ᠠ ᠶ᠋ᠢ ᠲᠡᠭᠦᠯᠳᠡᠷᠵᠢᠭᠦᠯᠦᠨ᠂ ᠠᠮᠢᠳᠤᠷᠠᠯ ᠢ᠋ ᠨᠢ ᠪᠠᠳᠤᠯᠠᠭ᠎ᠠ ᠲᠠᠢ ᠪᠤᠯᠭᠠᠬᠤ ᠬᠡᠷᠡᠭᠳᠠᠢ᠃


◆ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶ᠋ᠢ ᠱᠢᠨ᠎ᠡ ᠬᠡᠯᠪᠡᠷᠢ ᠶ᠋ᠢᠨ ᠬᠤᠳᠠ ᠪᠠᠯᠭᠠᠰᠤᠵᠢᠯᠳᠠ ᠲᠠᠢ ᠣᠷᠭᠠᠨᠢᠭ ᠶ᠋ᠢᠡᠷ ᠤᠶᠠᠯᠳᠤᠭᠤᠯᠤᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠬᠥᠳᠡᠭᠡ ᠲᠣᠰᠭᠣᠨ ᠤ᠋ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠶ᠋ᠢᠨ ᠲᠦᠪᠱᠢᠨ ᠢ᠋ ᠳᠡᠭᠡᠭ᠌ᠰᠢᠯᠡᠭᠦᠯᠵᠦ᠍᠂ ᠬᠥᠮᠦᠨ ᠠᠮᠠ ᠶ᠋ᠢᠨ ᠬᠤᠪᠢᠷᠠᠯᠲᠠ ᠶ᠋ᠢᠨ ᠬᠠᠨᠳᠤᠰᠢ᠎ᠳᠤ ᠵᠣᠬᠢᠴᠠᠭᠤᠯᠤᠨ᠂ ᠬᠥᠳᠡᠭᠡ ᠲᠣᠰᠭᠣᠨ ᠢ᠋ ᠪᠦᠬᠦ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ ᠶ᠋ᠢ ᠱᠢᠨ᠎ᠡ ᠬᠡᠯᠪᠡᠷᠢ ᠶ᠋ᠢᠨ ᠬᠤᠳᠠ ᠪᠠᠯᠭᠠᠰᠤᠵᠢᠯᠳᠠ ᠲᠠᠢ ᠣᠷᠭᠠᠨᠢᠭ ᠶ᠋ᠢᠡᠷ ᠤᠶᠠᠯᠳᠤᠭᠤᠯᠬᠤ ᠶ᠋ᠢ ᠠᠬᠢᠭᠤᠯᠵᠤ᠂ ᠱᠢᠶᠠᠨ ᠤ᠋ ᠬᠡᠪᠴᠢᠶᠡᠨ ᠤ᠋ ᠬᠤᠳᠠ ᠬᠥᠳᠡᠭᠡ ᠶ᠋ᠢᠨ ᠲᠥᠯᠥᠪᠵᠢᠭᠦᠯᠭᠡ ᠶ᠋ᠢᠨ ᠪᠠᠢᠷᠢᠱᠢᠭᠤᠯᠤᠯᠲᠠ ᠶ᠋ᠢ ᠨᠢᠭᠡᠳᠦᠯᠲᠡᠢ ᠲᠥᠯᠥᠪᠵᠢᠭᠦᠯᠵᠤ᠂ ᠰᠠᠭᠤᠷᠢ ᠲᠥᠬᠥᠭᠡᠷᠦᠮᠵᠢ ᠶ᠋ᠢ ᠬᠥᠳᠡᠭᠡ ᠲᠣᠰᠭᠣᠨ ᠲᠡᠢᠰᠢ ᠤᠷᠳᠤᠳᠬᠠᠬᠤ ᠶ᠋ᠢ ᠠᠬᠢᠭᠤᠯᠤᠨ᠂ ᠬᠥᠳᠡᠭᠡ ᠲᠣᠰᠭᠣᠨ ᠤ᠋ ᠦᠨᠳᠦᠰᠦᠨ ᠤᠯᠠᠨ ᠨᠡᠢᠲᠡ ᠶ᠋ᠢᠨ ᠦᠢᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ ᠤ᠋ ᠣᠷᠣᠱᠢᠨ ᠰᠠᠭᠤᠷᠢᠱᠢᠬᠤ ᠣᠷᠴᠢᠨ ᠨᠦᠬᠦᠴᠡᠯ ᠢ᠋ ᠦᠷᠭᠦᠯᠵᠢᠯᠡᠨ ᠰᠠᠢᠵᠢᠷᠠᠭᠤᠯᠵᠤ᠂ ᠬᠥᠳᠡᠭᠡ ᠲᠣᠰᠭᠣᠨ ᠤ᠋ ᠠᠮᠢ ᠠᠬᠤᠢ ᠣᠷᠴᠢᠨ ᠲᠣᠭᠣᠷᠢᠨ ᠤ᠋ ᠵᠠᠰᠠᠯᠲᠠ ᠶ᠋ᠢ ᠴᠢᠩᠭᠠᠳᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

【ᠲᠠᠢᠯᠬᠤᠢ】 ᠪᠡᠭᠡᠵᠢᠩ ᠶᠡᠬᠡ ᠰᠤᠷᠭᠠᠭᠤᠯᠢ ᠶ᠋ᠢᠨ ᠤᠳᠤ ᠦᠶ᠎ᠠ ᠶ᠋ᠢᠨ ᠲᠠᠷᠢᠶᠠᠯᠠᠩ ᠤ᠋ᠨ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠳᠠᠷᠤᠭ᠎ᠠ ᠬᠤᠸᠠᠩ ᠵᠢᠢ ᠺᠦᠨ᠄ ᠬᠤᠳᠠ ᠬᠦᠳᠡᠭᠡ ᠶ᠋ᠢᠨ ᠠᠭᠤᠰᠤᠯᠴᠠᠭᠰᠠᠨ ᠬᠦᠭᠵᠢᠯᠳᠡ ᠶ᠋ᠢ ᠨᠡᠩ ᠰᠠᠢᠳᠦᠷ ᠠᠬᠢᠭᠤᠯᠵᠤ᠂ ᠬᠤᠳᠠ ᠬᠦᠳᠡᠭᠡ ᠶ᠋ᠢᠨ ᠴᠢᠬᠤᠯᠠ ᠬᠦᠴᠦᠨ ᠵᠦᠢᠯ ᠤ᠋ᠨ ᠡᠷᠬᠡ ᠳᠡᠭᠰᠢ ᠰᠤᠯᠢᠯᠴᠠᠭ᠎ᠠ ᠪᠠ ᠬᠤᠤᠰ ᠴᠢᠭᠯᠡᠯ ᠤ᠋ᠨ ᠭᠦᠢᠯᠭᠡᠭᠡ ᠶ᠋ᠢ ᠠᠬᠢᠭᠤᠯᠬᠤ ᠶ᠋ᠢᠨ ᠬᠠᠮᠳᠤ 《ᠬᠦᠳᠡᠭᠡ ᠠᠵᠤ ᠠᠬᠤᠢ ᠬᠦᠳᠡᠭᠡ ᠲᠤᠰᠬᠤᠨ ᠢ᠋ ᠤᠷᠢᠳ ᠶ᠋ᠢᠡᠷ ᠬᠦᠭᠵᠢᠭᠦᠯᠬᠦ ᠶ᠋ᠢ ᠪᠠᠷᠢᠮᠳᠠᠯᠠᠬᠤ》 ᠱᠠᠭᠠᠷᠳᠠᠯᠭ᠎ᠠ ᠶ᠋ᠢ ᠨᠠᠢᠳᠠᠪᠤᠷᠢᠵᠢᠭᠤᠯᠤᠨ᠂ ᠺᠠᠳ᠋ᠷ ᠳᠤᠬᠢᠷᠠᠭᠤᠯᠬᠤ ᠳ᠋ᠠᠭᠠᠨ ᠤᠷᠢᠳ ᠶ᠋ᠢᠡᠷ ᠪᠤᠳᠤᠯᠬᠢᠯᠠᠵᠤ᠂ ᠴᠢᠬᠤᠯᠠ ᠬᠦᠴᠦᠨ ᠵᠦᠢᠯ ᠢ᠋ ᠢᠵᠢ ᠪᠦᠷᠢᠳᠦᠭᠦᠯᠬᠦ ᠳ᠋ᠡᠭᠡᠨ ᠤᠷᠢᠳ ᠶ᠋ᠢᠡᠷ ᠬᠠᠩᠭᠠᠨ᠂ ᠪᠡᠯᠡ ᠤᠷᠤᠭᠤᠯᠤᠯᠳᠠ ᠶ᠋ᠢ ᠤᠷᠢᠳ ᠶ᠋ᠢᠡᠷ ᠪᠠᠳᠤᠯᠠᠵᠤ᠂ ᠤᠯᠠᠨ ᠨᠡᠢᠳᠡ ᠶ᠋ᠢᠨ ᠦᠢᠯᠡᠴᠢᠯᠡᠭᠡ ᠶ᠋ᠢ ᠤᠷᠢᠳ ᠶ᠋ᠢᠡᠷ ᠳᠤᠬᠢᠷᠠᠭᠤᠯᠤᠨ᠂ ᠬᠦᠳᠡᠭᠡ ᠲᠤᠰᠬᠤᠨ ᠤ᠋ ᠪᠦᠬᠦ ᠲᠠᠯ᠎ᠠ ᠪᠡᠷ ᠬᠦᠭᠵᠢᠨ ᠮᠠᠨᠳᠤᠬᠤ ᠶ᠋ᠢ ᠠᠬᠢᠭᠤᠯᠬᠤ ᠬᠡᠷᠡᠭᠳᠠᠢ᠃


◆ ᠬᠥᠳᠡᠭᠡ ᠨᠤᠳᠤᠭ ᠤ᠋ᠨ ᠪᠤᠯᠪᠠᠰᠤᠨ ᠰᠤᠷᠲᠠᠯ ᠤ᠋ᠨ ᠪᠠᠢᠭᠤᠯᠤᠯᠲᠠ ᠶ᠋ᠢᠨ ᠢᠨᠵᠧᠨᠧᠷᠢᠩ ᠢ᠋ ᠬᠡᠷᠡᠭᠵᠢᠭᠦᠯᠦᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠬᠥᠳᠡᠭᠡ ᠨᠤᠳᠤᠭ ᠤ᠋ᠨ ᠪᠤᠯᠪᠠᠰᠤᠨ ᠰᠤᠷᠲᠠᠯ ᠤ᠋ᠨ ᠪᠠᠢᠭᠤᠯᠤᠯᠲᠠ ᠶ᠋ᠢᠨ ᠢᠨᠵᠧᠨᠧᠷᠢᠩ ᠢ᠋ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ ᠶ᠋ᠢᠨ ᠬᠥᠳᠡᠭᠡ ᠲᠣᠰᠭᠣᠨ ᠤ᠋ ᠣᠶᠤᠨ ᠤ᠋ ᠪᠣᠯᠪᠠᠰᠤᠨ ᠤ᠋ ᠪᠠᠢᠭᠤᠯᠤᠯᠲᠠ ᠶ᠋ᠢ ᠴᠢᠩᠭᠠᠳᠭᠠᠨ᠂ ᠬᠠᠭᠤᠴᠢᠨ ᠪᠤᠯᠬᠢ ᠬᠡᠪ ᠵᠠᠩᠰᠢᠯ ᠢ᠋ ᠥᠭᠡᠷᠡᠴᠢᠯᠡᠬᠦ᠌ ᠠᠵᠢᠯᠯᠠᠭ᠎ᠠ ᠶ᠋ᠢ ᠢᠳᠡᠪᠬᠢᠲᠡᠶ ᠥᠷᠨᠢᠭᠦᠯᠬᠦ ᠭᠡᠷᠡᠭᠳᠠᠢ ᠭᠡᠵᠦ ᠴᠢᠬᠤᠯᠠᠴᠢᠯᠠᠪᠠ᠃

【ᠲᠠᠢᠯᠬᠤᠢ】 ᠳᠤᠮᠳᠠᠳᠤ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠬᠦᠳᠡᠭᠡ ᠲᠤᠰᠬᠤᠨ ᠤ᠋ ᠬᠦᠭᠵᠢᠯᠳᠡ ᠶ᠋ᠢ ᠰᠤᠳᠤᠯᠬᠤ ᠭᠠᠵᠠᠷ ᠤ᠋ᠨ ᠰᠤᠳᠤᠯᠤᠭᠴᠢ ᠯᠢ ᠭᠦᠧᠧ ᠰᠢᠶᠠᠩ᠄ ᠬᠥᠳᠡᠭᠡ ᠨᠤᠳᠤᠭ ᠤ᠋ᠨ ᠪᠤᠯᠪᠠᠰᠤᠨ ᠰᠤᠷᠲᠠᠯ ᠤ᠋ᠨ ᠪᠠᠢᠭᠤᠯᠤᠯᠲᠠ ᠶ᠋ᠢᠨ ᠢᠨᠵᠧᠨᠧᠷᠢᠩ ᠢ᠋ ᠬᠡᠷᠡᠭᠵᠢᠭᠦᠯᠬᠦ ᠪᠤᠯ ᠬᠦᠳᠡᠭᠡ ᠲᠤᠰᠬᠤᠨ ᠤ᠋ ᠰᠤᠶᠤᠯ ᠢ᠋ ᠬᠦᠭᠵᠢᠭᠦᠯᠦᠨ ᠮᠠᠨᠳᠤᠭᠤᠯᠬᠤ ᠶ᠋ᠢᠨ ᠴᠢᠬᠤᠯᠠ ᠠᠷᠭ᠎ᠠ ᠬᠡᠮᠵᠢᠶ᠎ᠠ ᠂ ᠪᠦᠬᠦ ᠨᠡᠢᠭᠡᠮ ᠤ᠋ᠨ ᠤᠶᠤᠨ ᠤ᠋ ᠪᠤᠯᠪᠠᠰᠤᠨ ᠤ᠋ ᠪᠠᠢᠭᠤᠯᠤᠯᠳᠠ ᠶ᠋ᠢ ᠴᠢᠩᠭᠠᠳᠬᠠᠵᠤ ᠰᠠᠢᠵᠢᠷᠠᠭᠤᠯᠬᠤ ᠪᠠᠴᠢᠮ ᠲᠤᠯᠭᠠᠮ ᠬᠡᠷᠡᠭᠴᠡᠭᠡ ᠮᠦᠨ᠃ ᠬᠥᠳᠡᠭᠡ ᠨᠤᠳᠤᠭ ᠤ᠋ᠨ ᠪᠤᠯᠪᠠᠰᠤᠨ ᠰᠤᠷᠲᠠᠯ ᠤ᠋ᠨ ᠪᠠᠢᠭᠤᠯᠤᠯᠲᠠ ᠶ᠋ᠢᠨ ᠢᠨᠵᠧᠨᠧᠷᠢᠩ ᠢ᠋ ᠬᠡᠷᠡᠭᠵᠢᠭᠦᠯᠬᠦ ᠳ᠋ᠤ ᠬᠦᠳᠡᠭᠡ ᠲᠤᠰᠬᠤᠨ ᠤ᠋ ᠰᠤᠶᠤᠯ ᠤ᠋ᠨ ᠪᠠᠢᠭᠤᠯᠤᠯᠳᠠ ᠶ᠋ᠢᠨ ᠳᠦᠷᠢᠮ ᠢ᠋ ᠳᠡᠭᠦᠯᠳᠡᠷᠵᠢᠭᠦᠯᠬᠦ᠂ ᠳᠤᠭᠳᠠᠴᠠ ᠶ᠋ᠢ ᠪᠦᠷᠢᠨᠰᠢᠭᠦᠯᠬᠦ ᠂ ᠠᠷᠭ᠎ᠠ ᠵᠡᠮ ᠢ᠋ ᠦᠷᠭᠡᠳᠭᠡᠬᠦ ᠂ ᠡᠬᠢ ᠪᠠᠶᠠᠯᠢᠭ ᠤ᠋ᠨ ᠳᠤᠬᠢᠷᠠᠭᠤᠯᠭ᠎ᠠ ᠶ᠋ᠢ ᠰᠢᠯᠢᠳᠡᠭᠵᠢᠭᠦᠯᠬᠦ ᠶ᠋ᠢ ᠬᠦᠴᠦᠯᠡᠨ ᠠᠬᠢᠭᠤᠯᠬᠤ ᠬᠡᠷᠡᠭᠳᠠᠢ᠃ ᠬᠦᠳᠡᠭᠡ ᠲᠤᠰᠬᠤᠨ ᠤ᠋ ᠦᠵᠡᠯ ᠰᠠᠨᠠᠭ᠎ᠠ ᠰᠤᠶᠤᠯ ᠤ᠋ᠨ ᠬᠦᠷᠢᠶᠡᠨ ᠤ᠋ ᠭᠤᠤᠯᠳᠠᠯᠭ᠎ᠠ ᠲᠠᠢ ᠪᠠ ᠲᠦᠪᠡᠭᠳᠠᠢ ᠠᠰᠠᠭᠤᠳᠠᠯ ᠳ᠋ᠤ ᠴᠢᠭᠯᠡᠭᠦᠯᠦᠨ᠂ ᠤᠨᠤᠴᠠᠳᠠᠢ ᠬᠦᠴᠦᠯᠡᠵᠦ ᠳᠠᠭᠠᠭᠠᠮᠠᠭᠠᠢ ᠬᠦᠴᠦᠯᠡᠵᠦ ᠂ ᠬᠦᠳᠡᠭᠡ ᠲᠤᠰᠬᠤᠨ ᠤ᠋ ᠨᠡᠢᠭᠡᠮ ᠤ᠋ᠨ ᠬᠡᠪ ᠰᠤᠷᠳᠠᠯ ᠪᠤᠯᠤᠨ ᠲᠠᠷᠢᠶᠠᠴᠢᠳ ᠤ᠋ᠨ ᠤᠶᠤᠨ ᠰᠠᠨᠠᠭᠠᠨ ᠤ᠋ ᠳᠦᠷᠢ ᠳᠦᠷᠬᠦ ᠶ᠋ᠢ ᠲᠠᠰᠤᠷᠠᠯᠳᠠ ᠦᠭᠡᠢ ᠰᠠᠢᠵᠢᠷᠠᠭᠤᠯᠬᠤ ᠬᠡᠷᠡᠭᠳᠠᠢ᠃


◆ ᠭᠠᠵᠠᠷ ᠱᠢᠷᠣᠢ ᠶ᠋ᠢᠨ ᠳᠠᠭᠠᠭᠠᠴᠢᠯᠠᠯᠲᠠ ᠶ᠋ᠢᠨ ᠬᠤᠭᠤᠴᠠᠭ᠎ᠠ ᠲᠤᠯᠤᠭ᠍ᠰᠠᠨ ᠤ᠋ ᠲᠠᠷᠠᠭ᠎ᠠ ᠲᠠᠬᠢᠨ ᠭᠤᠴᠢᠨ ᠵᠢᠯ ᠤᠷᠲᠤᠳᠭᠠᠬᠤ ᠶ᠋ᠢ ᠡᠮᠬᠢ ᠵᠢᠷᠦᠮ ᠲᠠᠢ ᠠᠬᠢᠭᠤᠯᠤᠨ᠎ᠠ

【ᠲᠤᠷᠠᠳᠤᠯᠭ᠎ᠠ】 ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠬᠥᠳᠡᠭᠡ ᠲᠣᠰᠭᠣᠨ ᠤ᠋ ᠥᠭᠡᠷᠡᠴᠢᠯᠡᠯᠲᠡ ᠶ᠋ᠢ ᠴᠢᠨᠠᠭ᠍ᠰᠢᠳᠠ ᠭᠦᠨᠵᠡᠭᠡᠢᠷᠡᠭᠦᠯᠬᠦ᠌ ᠡᠭᠦᠷᠭᠡ ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂ ᠬᠣᠶᠠᠳᠤᠭᠠᠷ ᠡᠭᠡᠯᠵᠢ ᠶ᠋ᠢᠨ ᠭᠠᠵᠠᠷ ᠱᠢᠷᠣᠢ ᠶ᠋ᠢᠨ ᠳᠠᠭᠠᠭᠠᠴᠢᠯᠠᠯᠲᠠ ᠶ᠋ᠢᠨ ᠬᠤᠭᠤᠴᠠᠭ᠎ᠠ ᠲᠤᠯᠤᠭ᠍ᠰᠠᠨ ᠤ᠋ ᠲᠠᠷᠠᠭ᠎ᠠ ᠲᠠᠬᠢᠨ ᠭᠤᠴᠢᠨ ᠵᠢᠯ ᠤᠷᠲᠤᠳᠭᠠᠬᠤ ᠲᠤᠷᠱᠢᠯᠲᠠ ᠶ᠋ᠢᠨ ᠴᠡᠭ ᠤ᠋ᠨ ᠠᠵᠢᠯ ᠢ᠋ ᠡᠮᠬᠢ ᠵᠢᠷᠤᠮ ᠲᠠᠶ ᠠᠬᠢᠭᠤᠯᠵᠤ᠂ ᠬᠥᠳᠡᠭᠡ ᠲᠣᠰᠭᠣᠨ ᠤ᠋ ᠰᠤᠯᠠ ᠤᠷᠬᠢᠭᠳᠠᠵᠤ ᠪᠠᠢᠭ᠎ᠠ ᠭᠡᠷ ᠪᠠᠢᠱᠢᠩ ᠢ᠋ ᠲᠦᠷᠢᠶᠡᠰᠦᠯᠡᠭᠦᠯᠬᠦ᠌᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠬᠡᠯᠪᠡᠷᠢ ᠪᠡᠷ ᠠᠮᠢᠯᠠᠭᠤᠯᠤᠨ ᠠᠱᠢᠭ᠍ᠯᠠᠬᠤ ᠶ᠋ᠢ ᠪᠦᠲᠦᠮᠵᠢᠲᠡᠢ ᠪᠡᠶᠡᠯᠡᠭᠦᠯᠬᠦ᠌ ᠶ᠋ᠢ ᠰᠦᠪᠡᠭ᠌ᠴᠢᠯᠡᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶ᠋ᠢᠨ ᠪᠡᠯᠡ ᠣᠷᠣᠭᠤᠯᠬᠤ ᠪᠡᠯᠡ ᠬᠤᠷᠠᠮᠳᠤᠭᠤᠯᠬᠤ ᠲᠣᠭ᠍ᠲᠠᠴᠠ ᠶ᠋ᠢᠨ ᠱᠢᠨ᠎ᠡ ᠶ᠋ᠢ ᠡᠭᠦᠳᠴᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠥᠳᠡᠯᠭᠡᠬᠦ᠌ ᠬᠦᠴᠦᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠋᠃

【ᠲᠠᠢᠯᠬᠤᠢ】 ᠪᠡᠭᠡᠵᠢᠩ ᠶᠡᠬᠡ ᠰᠤᠷᠭᠠᠭᠤᠯᠢ ᠶ᠋ᠢᠨ ᠤᠳᠤ ᠦᠶ᠎ᠠ ᠶ᠋ᠢᠨ ᠲᠠᠷᠢᠶᠠᠯᠠᠩ ᠤ᠋ᠨ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠳᠠᠷᠤᠭ᠎ᠠ ᠬᠤᠸᠠᠩ ᠵᠢᠢ ᠺᠦᠨ᠄ ᠡᠨᠡ ᠬᠦ᠌ ᠪᠠᠢᠷᠢᠯᠠᠭᠤᠯᠤᠯᠳᠠ ᠨᠢ ᠲᠠᠷᠢᠶᠠᠴᠢᠳ ᠤ᠋ᠨ ᠲᠠᠷᠢᠶᠠᠨ ᠭᠠᠵᠠᠷ ᠤ᠋ᠨ ᠳᠠᠭᠠᠭᠠᠴᠢᠯᠠᠨ ᠡᠵᠡᠩᠨᠡᠬᠦ ᠡᠷᠬᠡ ᠶ᠋ᠢᠨ ᠲᠤᠬᠠᠢ ᠠᠮᠦᠷ ᠲᠦᠪᠰᠢᠨ ᠲᠦᠷᠦᠭᠳᠡᠯ ᠢ᠋ ᠨᠡᠮᠡᠭᠳᠡᠭᠦᠯᠵᠦ᠂ ᠲᠠᠷᠢᠶᠠᠴᠢᠳ ᠤ᠋ᠨ ᠤᠷᠳᠤ ᠬᠤᠭᠤᠴᠠᠭ᠎ᠠ ᠪᠡᠷ ᠲᠠᠷᠢᠶᠠᠨ ᠭᠠᠵᠠᠷ ᠵᠢᠡᠨ ᠬᠠᠮᠠᠭᠠᠯᠠᠬᠤ ᠪᠠ ᠪᠡᠯᠡ ᠤᠷᠤᠭᠤᠯᠬᠤ ᠢᠳᠡᠪᠬᠢᠵᠢᠯ ᠢ᠋ ᠪᠠᠳᠠᠷᠠᠭᠤᠯᠬᠤ ᠪᠤᠯᠤᠨ᠎ᠠ᠃ 2025 ᠤᠨ ᠡᠴᠡ 2029 ᠤᠨ ᠪᠤᠯᠳᠠᠯᠡᠬᠢ ᠬᠤᠭᠤᠴᠠᠭ᠎ᠠ ᠪᠤᠯ ᠲᠤᠰ ᠲᠦᠷᠦ ᠶ᠋ᠢᠨ ᠪᠤᠳᠤᠯᠭ᠎ᠠ ᠶ᠋ᠢ ᠲᠦᠪᠯᠡᠷᠡᠭᠦᠯᠦᠨ ᠬᠡᠷᠡᠭᠵᠢᠭᠦᠯᠬᠦ ᠬᠤᠭᠤᠴᠠᠭ᠎ᠠ ᠪᠤᠯᠤᠨ᠎ᠠ᠂ ᠤᠳᠤᠬᠠᠨ ᠳ᠋ᠤ ᠲᠤᠷᠰᠢᠯᠳᠠ ᠶ᠋ᠢᠨ ᠴᠡᠭ ᠶ᠋ᠢᠡᠷ ᠵᠢᠱ᠌ᠢᠶ᠎ᠡ ᠦᠵᠡᠭᠦᠯᠬᠦ ᠪᠠ ᠲᠤᠷᠰᠢᠯᠭ᠎ᠠ ᠪᠡᠨ ᠳ᠋ᠦᠩᠨᠡᠬᠦ ᠠᠵᠢᠯ ᠢ᠋ ᠡᠷᠬᠡᠪᠰᠢ ᠰᠠᠢᠳᠦᠷ ᠬᠢᠵᠦ᠂ ᠡᠭᠦᠨ ᠤ᠋ ᠰᠠᠭᠤᠷᠢᠨ ᠲᠠᠬᠡᠷ᠎ᠠ ᠡᠯ᠎ᠠ ᠵᠦᠢᠯ ᠤ᠋ᠨ ᠠᠵᠢᠯ ᠢ᠋ ᠡᠮᠬᠢ ᠵᠢᠷᠦᠮ ᠲᠠᠢ ᠠᠬᠢᠭᠤᠯᠬᠤ ᠴᠢᠬᠤᠯᠠᠳᠠᠢ᠃

(ᠰᠢᠨᠬᠤᠸᠠ ᠰᠦᠯᠵᠢᠶ᠎ᠠ ᠡᠴᠡ ᠨᠠᠢᠷᠠᠭᠤᠯᠤᠨ ᠤᠷᠴᠢᠭᠤᠯᠵᠤ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面