2026-10-29 11:30:28
ᠡᠨᠡ ᠵᠢᠯ᠂ ᠥᠪᠥᠷ ᠮᠣᠩᠭᠣᠯ ᠲᠡᠮᠦᠷᠯᠢᠭ ᠬᠠᠶ᠋ᠢᠯᠤᠭᠤᠯᠬᠤ᠂ ᠬᠢᠮᠢ᠎ᠶᠢᠨ ᠠᠵᠤ ᠦᠢᠯᠡᠳᠪᠦᠷᠢ᠂ ᠥᠩᠭᠡᠲᠦ᠍ ᠲᠡᠮᠦᠷᠯᠢᠭ᠂ ᠪᠠᠷᠢᠯᠭ᠎ᠠ᠎ᠶᠢᠨ ᠮᠠᠲ᠋ᠧᠷᠢᠶᠠᠯ ᠵᠡᠷᠭᠡ ᠠᠵᠤ ᠦᠢᠯᠡᠰ᠎ᠦᠨ ᠲᠣᠭᠠᠴᠢᠯᠠᠯᠳᠡ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠶ᠎ᠶᠢᠨ ᠠᠵᠤ ᠦᠢᠯᠡᠰ᠎ᠢ ᠦᠷᠭᠦᠯᠵᠢᠯᠡᠨ ᠬᠦᠭᠵᠢᠬᠦᠯᠦᠨ ᠪᠤᠵᠠᠭᠠᠶ᠋ᠢᠷᠠᠭᠤᠯᠵᠤ᠂ ᠠᠵᠤ ᠦᠢᠯᠡᠳᠪᠦᠷᠢ᠎ᠶᠢᠨ ᠠᠵᠤ ᠠᠬᠤᠶ᠎ᠶᠢᠨ ᠦᠷᠭᠦᠯᠵᠢᠯᠡᠨ ᠨᠡᠮᠡᠭᠳᠡᠬᠦ᠌᠎ᠳᠦ ᠨᠥᠬᠥᠴᠡᠯ ᠪᠦᠷᠢᠯᠳᠦᠭᠦᠯᠵᠦ᠍ ᠥᠭᠴᠡᠶ᠃
ᠲᠦᠷᠦᠭᠦᠦ ᠭᠤᠷᠪᠠᠨ ᠤᠯᠠᠷᠢᠯ᠎ᠳᠤ᠂ ᠦᠪᠦᠷ ᠮᠤᠩᠭᠤᠯ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 7.2%ᠢ᠋ᠶ᠋ᠠᠷ ᠨᠡᠮᠡᠭᠳᠡᠵᠠᠢ᠃ ᠠᠭᠤᠷᠬᠠᠶ ᠮᠠᠯᠲᠠᠬᠤ ᠦᠢᠯᠡᠰ᠎ᠦᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 7.0% ᠵᠢᠡᠷ ᠨᠡᠮᠡᠭᠳᠡᠵᠦ᠍᠂ ᠦᠢᠯᠡᠳᠬᠦ᠌ ᠦᠢᠯᠡᠰ 7.6% ᠪᠡᠷ ᠨᠡᠮᠡᠭᠳᠡᠵᠦ᠍᠂ ᠴᠠᠬᠢᠯᠭᠠᠨ ᠬᠦᠴᠦᠨ᠂ ᠢᠯᠴᠢ᠎ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭᠠᠯᠭ᠎ᠠ᠎ᠶᠢᠨ ᠦᠢᠯᠡᠰ 6.3% ᠪᠡᠷ ᠨᠡᠮᠡᠭᠳᠡᠵᠠᠢ᠃ ᠤᠯᠤᠰ᠎ᠤᠨ ᠥᠮᠴᠢᠯᠡᠯ᠎ᠳᠤ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 4.0% ᠵᠢᠡᠷ ᠨᠡᠮᠡᠭᠳᠡᠵᠡᠶ; ᠬᠤᠪᠢ ᠣᠷᠣᠭᠤᠯᠬᠤ ᠳᠦᠷᠢᠮᠲᠦ᠍ ᠠᠵᠤ ᠠᠬᠤᠶ᠋ᠢᠯᠠᠯ 7.6% ᠪᠡᠷ ᠨᠡᠮᠡᠭᠳᠡᠵᠦ᠍᠂ ᠭᠠᠳᠠᠭᠠᠳᠤ᠎ᠶᠢᠨ ᠠᠷᠠᠯᠵᠢᠶᠠᠴᠢᠨ ᠵᠢᠴᠢ ᠰᠢᠶᠠᠩᠭᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 0.1% ᠪᠡᠷ ᠪᠠᠭᠤᠷᠠᠵᠠᠢ᠃ ᠰᠢᠨ᠎ᠡ ᠠᠵᠤ ᠦᠢᠯᠡᠰ ᠰᠢᠨ᠎ᠡ ᠬᠥᠳᠡᠯᠭᠡᠭᠴᠢ ᠡᠨᠧᠷᠭᠢ᠎ᠶᠢᠨ ᠨᠡᠮᠡᠭᠳᠡᠯ᠎ᠦᠨ ᠬᠠᠨᠳᠤᠰᠢ ᠨᠡᠯᠢᠶᠡᠳ ᠰᠠᠶ᠋ᠢᠨ ᠪᠤᠯᠵᠠᠢ᠃ ᠬᠡᠪᠴᠢᠶᠡᠵᠢᠯ᠎ᠡᠴᠡ ᠳᠡᠭᠡᠭᠰᠢᠬᠢ ᠲᠣᠨᠣᠭᠯᠠᠯ ᠦᠢᠯᠡᠳᠬᠦ᠌ ᠦᠢᠯᠡᠰ᠎ᠦᠨ ᠨᠡᠮᠡᠭᠳᠡᠯ ᠥᠷᠲᠡᠭ 18.4% ᠪᠠᠷ ᠨᠡᠮᠡᠭᠳᠡᠵᠦ᠍᠂ ᠳᠡᠭᠡᠳᠦ ᠰᠢᠨ᠎ᠡ ᠮᠡᠷᠭᠡᠵᠢᠯ᠎ᠦᠨ ᠦᠢᠯᠡᠳᠬᠦ᠌ ᠦᠢᠯᠡᠰ 10.5%᠎ᠪᠠᠷ ᠨᠡᠮᠡᠭᠳᠡᠵᠦ᠍᠂ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ 15.5% ᠪᠠᠷ ᠨᠡᠮᠡᠭᠳᠡᠵᠠᠢ᠃ ᠲᠦᠭᠦᠬᠡᠶ ᠨᠡᠭᠦᠷᠡᠰᠦᠨ᠎ᠦ ᠭᠠᠷᠤᠯᠲᠠ 9.83 ᠳ᠋ᠦᠩᠰᠢᠭᠤᠷ ᠲᠣᠨ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 4.2%ᠢ᠋ᠶ᠋ᠠᠷ ᠨᠡᠮᠡᠭᠳᠡᠵᠠᠢ;ᠴᠠᠬᠢᠯᠭᠠᠨ ᠭᠠᠷᠭᠠᠭᠰᠠᠨ ᠬᠡᠮᠵᠢᠶ᠎ᠡ 6449.1 ᠳ᠋ᠦᠩᠰᠢᠭᠤᠷ ᠺᠢᠯᠦᠸᠠᠲ ᠴᠠᠭ᠎ᠲᠤ᠌ ᠬᠦᠷᠴᠦ᠍᠂ 3.3% ᠪᠠᠷ ᠨᠡᠮᠡᠭᠳᠡᠵᠠᠢ᠃ ᠡᠭᠦᠨ᠎ᠳᠦ᠂ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠰᠠᠨ ᠬᠡᠮᠵᠢᠶ᠎ᠡ 1961.8 ᠳ᠋ᠦᠩᠰᠢᠭᠤᠷ ᠺᠢᠯᠦᠸᠠᠲ ᠴᠠᠭ᠎ᠲᠤ᠌ ᠬᠦᠷᠴᠦ᠍᠂ 5.8% ᠪᠠᠷ ᠨᠡᠮᠡᠭᠳᠡᠵᠠᠢ; ᠨᠠᠷᠢᠯᠢᠭ ᠮᠧᠲ᠋ᠢᠯ ᠠᠯᠺᠣᠣᠯ 2256.3 ᠲᠦᠮᠡᠨ ᠲᠣᠨ᠎ᠳᠤ ᠬᠦᠷᠴᠦ᠍᠂ 2.4% ᠪᠡᠷ ᠨᠡᠮᠡᠭᠳᠡᠵᠠᠢ; ᠠᠩᠬᠠᠨ᠎ᠤ ᠬᠡᠯᠪᠡᠷᠢ᠎ᠶᠢᠨ ᠰᠦᠯᠢᠶᠣᠣ 931.4 ᠲᠦᠮᠡᠨ ᠲᠣᠨ᠎ᠳᠤ ᠬᠦᠷᠴᠦ᠍᠂ 5.8% ᠪᠡᠷ ᠨᠡᠮᠡᠭᠳᠡᠵᠠᠢ; ᠬᠥᠩᠭᠡᠨᠴᠠᠭᠠᠨ᠎ᠤ ᠮᠠᠲ᠋ᠧᠷᠢᠶᠠᠯ 219.2 ᠲᠦᠮᠡᠨ ᠲᠣᠨ᠎ᠳᠤ ᠬᠦᠷᠴᠦ᠍᠂ 3.6% ᠪᠡᠷ ᠨᠡᠮᠡᠭᠳᠡᠵᠠᠢ; ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 731.7 ᠲᠦᠮᠡᠨ ᠺᠢᠯᠦᠸᠠᠲᠲᠤ᠌ ᠬᠦᠷᠴᠦ᠍᠂ 53.6% ᠪᠠᠷ ᠨᠡᠮᠡᠭᠳᠡᠵᠠᠢ᠃
ᠡᠨᠡ ᠵᠢᠯ᠂ ᠦᠪᠦᠷ ᠮᠤᠩᠭᠤᠯ᠎ᠤᠨ ᠡᠯ᠎ᠡ ᠭᠠᠵᠠᠷ᠎ᠤᠨ ᠬᠢᠨ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶᠢ ᠶᠡᠬᠡᠪᠡᠷ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌᠎ᠶᠢ ᠲᠦᠷᠭᠡᠳᠬᠡᠬᠦ᠌᠎ᠶᠢᠨ ᠬᠠᠮᠲᠤ᠌ ᠬᠥᠭᠵᠢᠯᠲᠡ᠎ᠶᠢᠨ ᠢᠷᠡᠭᠡᠳᠦᠢ᠎ᠪᠡᠷ ᠨᠡᠯᠢᠶᠡᠳ ᠰᠠᠢ᠌ᠨ ᠳᠡᠭᠡᠳᠦ ᠰᠢᠨ᠎ᠠ ᠮᠡᠷᠭᠡᠵᠢᠯ᠎ᠦᠨ ᠠᠵᠤ ᠦᠢᠯᠡᠰ᠎ᠢ ᠦᠷᠭᠦᠯᠵᠢᠯᠡᠨ ᠬᠦᠴᠦᠯᠡᠵᠦ᠍᠂ ᠬᠠᠮᠢᠶ᠎ᠠ ᠪᠦᠬᠦᠢ ᠪᠡᠯᠡ ᠣᠷᠣᠭᠤᠯᠤᠯᠲᠠ᠎ᠶᠢᠨ ᠲᠦᠷᠭᠡᠨ ᠨᠡᠮᠡᠭᠳᠡᠯ᠎ᠢ ᠠᠬᠢᠭᠤᠯᠵᠠᠢ᠃ ᠲᠦᠷᠦᠭᠦᠦ ᠭᠤᠷᠪᠠᠨ ᠤᠯᠠᠷᠢᠯ᠎ᠳᠤ᠂ ᠦᠪᠦᠷ ᠮᠤᠩᠭᠤᠯ᠎ᠤᠨ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠵᠦ᠍᠂ ᠳᠡᠭᠡᠳᠦ ᠰᠢᠨ᠎ᠠ ᠮᠡᠷᠭᠡᠵᠢᠯ᠎ᠦᠨ ᠠᠵᠤ ᠦᠢᠯᠡᠰ᠎ᠦᠨ ᠪᠠᠯᠠ ᠣᠷᠣᠭᠤᠯᠤᠯᠲᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 18.9% ᠪᠠᠷ ᠨᠡᠮᠡᠭᠳᠡᠵᠠᠢ᠃ ᠡᠭᠦᠨ᠎ᠳᠦ᠂ ᠳᠡᠭᠡᠳᠦ ᠰᠢᠨ᠎ᠠ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠠᠯᠠ ᠣᠷᠣᠭᠤᠯᠤᠯᠲᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 27.8% ᠪᠠᠷ ᠨᠡᠮᠡᠭᠳᠡᠵᠦ᠍᠂ ᠪᠤᠳᠤᠯᠳᠡ᠎ᠶᠢᠨ ᠬᠦᠴᠦᠨ ᠪᠠ ᠨᠦᠬᠡᠴᠡᠯᠡᠬᠦ ᠬᠡᠷᠡᠭᠴᠡᠭᠡ ᠱᠠᠭᠠᠷᠳᠠᠯᠭ᠎ᠠ ᠪᠦᠬᠦᠢ ᠬᠠᠮᠢᠶ᠎ᠠ ᠪᠥᠬᠥᠶ ᠮᠡᠳᠡᠭᠡ ᠵᠠᠩᠭᠢ᠎ᠶᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠠᠯᠠ ᠣᠷᠣᠭᠤᠯᠤᠯᠲᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ43.7% ᠪᠠᠷ ᠨᠡᠮᠡᠭᠳᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃