2026-11-04 11:43:17
— ᠦᠪᠦᠷ ᠮᠤᠩᠭᠤᠯ᠎ᠤᠨ ᠠᠷᠪᠠᠨ ᠶᠡᠬᠡ ᠠᠵᠦ ᠦᠢᠯᠡᠰ᠎ᠤᠨ ᠪᠦᠯᠦᠭᠵᠢᠯ᠎ᠤᠨ ᠬᠦᠭᠵᠢᠯᠳᠡ᠎ᠶᠢᠨ ᠲᠤᠬᠠᠢ ᠰᠢᠷᠢᠰ ᠮᠡᠳᠡᠭᠡᠯᠡᠯ (ᠬᠤᠶᠠᠷ)
ᠪᠤᠬᠢᠷᠳᠤᠯ ᠦᠬᠡᠢ ᠴᠠᠬᠢᠯᠭᠠᠨ᠂ ᠤᠰᠤᠲᠥ᠋ᠷᠦᠭᠴᠢ ᠡᠨᠧᠷᠬᠢ᠂ ᠨᠦᠭᠡᠴᠡ ᠡᠨᠧᠷᠬᠢ ᠁ ᠤᠢᠷ᠎ᠠ᠎ᠶᠢᠨ ᠵᠢᠯ᠎ᠳᠤ᠂ ᠦᠪᠦᠷ ᠮᠤᠩᠭᠤᠯ ᠰᠢᠨ᠎ᠡ ᠡᠨᠧᠷᠭᠢ᠎ᠶᠢᠨ ᠪᠥᠬᠥ᠌ ᠠᠵᠤ ᠤᠢᠯᠡᠰ᠎ᠦᠨ ᠬᠡᠯᠬᠢᠶ᠎ᠡ ᠪᠠ ᠠᠵᠦ ᠦᠢᠯᠡᠰ᠎ᠤᠨ ᠪᠦᠯᠦᠭᠵᠢᠯ᠎ᠤᠨ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ᠂ ᠣᠷᠣᠨ ᠵᠠᠶ᠎ᠶᠢᠨ ᠪᠠᠶ᠋ᠢᠷᠢᠰᠢᠭᠤᠯᠤᠯᠳᠠ ᠪᠠᠨ ᠰᠢᠯᠢᠳᠡᠭᠵᠢᠭᠦᠯᠵᠦ᠍᠂ ᠬᠥᠬᠡᠬᠣᠲᠠ᠂ ᠪᠤᠭᠤᠲᠤ᠌᠂ ᠣᠷᠳᠣᠰ᠂ ᠲᠦᠩᠯᠢᠶᠣᠤ ᠵᠡᠷᠭᠡ 4 ᠰᠠᠭᠤᠷᠢᠨ᠎ᠢᠶᠠᠷ ᠰᠠᠭᠤᠷᠢ ᠪᠣᠯᠭᠠᠵᠤ᠂ ᠰᠠᠯᠬᠢᠨ ᠬᠦᠴᠦᠨ᠎ᠤ ᠴᠠᠬᠢᠯᠭᠠᠨ᠂ ᠬᠡᠷᠡᠯᠴᠢ ᠴᠡᠨᠡᠭ᠂ ᠤᠰᠤᠲᠦ᠋ᠷᠥᠭᠴᠢ ᠡᠨ᠋ᠸᠷᠬᠢ᠂ ᠨᠦᠭᠡᠴᠡ ᠡᠨᠧᠷᠬᠢ 4 ᠠᠵᠤ ᠤᠢᠯᠡᠰ᠎ᠦᠨ ᠬᠡᠯᠬᠢᠶ᠎ᠡ᠎ᠪᠡᠷ ᠭᠤᠤᠯᠳᠠᠯᠭ᠎ᠠ ᠪᠣᠯᠭᠠᠵᠤ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠤᠢᠯᠡᠰ᠎ᠦᠨ ᠬᠡᠯᠬᠢᠶ᠎ᠡ᠎ᠶᠢ ᠤᠷᠲᠤᠳᠬᠠᠬᠤ᠂ ᠬᠡᠯᠬᠢᠶ᠎ᠡ᠎ᠶᠢ ᠨᠥᠬᠥᠪᠥᠷᠢᠯᠡᠬᠦ᠌᠂ ᠬᠡᠯᠬᠢᠶ᠎ᠡ᠎ᠶᠢ ᠬᠦᠴᠦᠷᠬᠡᠭᠵᠢᠭᠦᠯᠬᠦ᠌ ᠴᠢᠭᠯᠡᠯ ᠪᠠ ᠠᠷᠭ᠎ᠠ ᠵᠠᠮ᠎ᠢ ᠰᠢᠨᠵᠢᠯᠡᠬᠦ᠌ ᠤᠬᠠᠭᠠᠨᠴᠢ᠎ᠪᠠᠷ ᠰᠦᠪᠡᠭᠴᠢᠯᠠᠵᠠᠢ᠃ 2025 ᠣᠨ᠎ᠳᠤ᠂ ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ ᠪᠥᠬᠥ᠌ ᠤᠯᠤᠰ᠎ᠲᠤ᠌ ᠬᠠᠮᠤᠭ᠎ᠦᠨ ᠤᠷᠢᠳ᠎ᠢᠶᠡᠷ 1 ᠳ᠋ᠦᠩᠰᠢᠭᠤᠷ ᠺᠢᠯᠦᠸᠠᠲ᠎ᠢ ᠳᠠᠪᠠᠵᠤ᠂ ᠪᠥᠬᠥ᠌ ᠵᠢᠯ᠎ᠳᠦ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ 3500 ᠲᠦᠮᠡᠨ ᠺᠢᠯᠦᠸᠠᠲ ᠰᠢᠨ᠎ᠡ᠎ᠪᠡᠷ ᠨᠡᠮᠡᠭᠳᠡᠵᠦ᠍᠂ ᠮᠠᠰᠢᠨ ᠴᠣᠭᠴᠠᠯᠠᠪᠤᠷᠢ 1.7 ᠳ᠋ᠦᠩᠰᠢᠭᠤᠷ ᠺᠢᠯᠦᠸᠠᠲ᠎ᠠᠴᠠ ᠳᠡᠭᠡᠭᠰᠢ᠎ᠳᠦ ᠬᠦᠷᠴᠦ᠍᠂ ᠴᠠᠬᠢᠯᠭᠠᠨ ᠭᠠᠷᠭᠠᠭᠰᠠᠨ ᠬᠡᠮᠵᠢᠶ᠎ᠡ 2700 ᠳ᠋ᠦᠩᠰᠢᠭᠤᠷ ᠭᠷᠠᠳᠦ᠋ᠰᠲᠦ᠍ ᠬᠦᠷᠴᠦ᠍᠂ ᠴᠠᠬᠢᠯᠭᠠᠨ ᠭᠠᠷᠭᠠᠭᠰᠠᠨ ᠬᠡᠮᠵᠢᠶ᠎ᠡ ᠵᠠᠯᠭᠠᠭ᠎ᠠ᠎ᠪᠠᠷ ᠠᠷᠪᠠ ᠭᠠᠷᠤᠶ ᠵᠢᠯ ᠪᠥᠬᠥ᠌ ᠤᠯᠤᠰ᠎ᠲᠤ᠌ ᠲᠦᠷᠦᠬᠦᠯᠡᠵᠡᠢ᠃ ᠡᠨᠡ ᠵᠢᠯ᠎ᠤᠨ 10 ᠰᠠᠷ᠎ᠠ᠎ᠶᠢᠨ ᠰᠡᠬᠦᠯᠴᠢ ᠪᠤᠯᠳᠠᠯ᠎ᠠ᠂ ᠦᠪᠦᠷ ᠮᠤᠩᠭᠤᠯ᠎ᠤᠨ ᠰᠢᠨ᠎ᠡ ᠡᠨᠧᠷᠭᠢ᠎ᠶᠢᠨ ᠶᠡᠷᠦᠩᠬᠡᠶ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 1.8 ᠳ᠋ᠦᠩᠰᠢᠭᠤᠷ ᠺᠢᠯᠦᠸᠠᠲᠲᠤ᠌ ᠬᠦᠷᠴᠦ᠂ ᠰᠢᠨ᠎ᠡ ᠡᠨᠧᠷᠭᠢ᠎ᠶᠢᠨ ᠠᠵᠤ ᠤᠢᠯᠡᠰ᠎ᠦᠨ ᠬᠡᠪᠴᠢᠶ᠎ᠡ ᠦᠷᠭᠦᠯᠵᠢᠯᠡᠨ ᠥᠷᠭᠡᠵᠢᠵᠠᠢ᠃
《ᠦᠪᠦᠷ ᠮᠤᠩᠭᠤᠯ 3 ᠭᠷᠠᠳᠦ᠋ᠰ ᠴᠠᠬᠢᠯᠭᠠᠨ ᠭᠠᠷᠭᠠᠬᠤ ᠪᠦᠷᠢ 1 ᠭᠷᠠᠳᠦ᠋ᠰᠴᠠᠬᠢᠯᠭᠠᠨ ᠨᠢ ᠰᠢᠨ᠎ᠡ ᠡᠨᠧᠷᠭᠢ᠎ᠡᠴᠡ ᠢᠷᠡᠯᠳᠡ ᠲᠠᠢ᠂ ᠡᠨᠡ ᠨᠢ 〈ᠰᠠᠯᠬᠢᠨ ᠬᠦᠴᠦᠨ᠎ᠤ ᠴᠠᠬᠢᠯᠭᠠᠨ᠂ ᠬᠡᠷᠡᠯᠴᠢ ᠴᠡᠨᠡᠭ᠂ ᠤᠰᠤᠲᠦ᠋ᠷᠥᠭᠴᠢ ᠡᠨ᠋ᠸᠷᠬᠢ᠂ ᠨᠦᠭᠡᠴᠡ ᠡᠨᠧᠷᠬᠢ〉 ᠶ᠋ᠢᠨ ᠪᠦᠬᠦ ᠠᠵᠦ ᠦᠢᠯᠡᠰ᠎ᠤᠨ ᠬᠡᠯᠬᠢᠶ᠎ᠠ᠎ᠶᠢᠨ ᠢᠵᠢ ᠪᠦᠷᠢᠳᠦᠭᠰᠡᠨ ᠲᠤᠯᠭᠠᠭᠤᠷᠢᠯᠠᠯ ᠡᠴᠡ ᠪᠤᠯᠤᠬᠰᠠᠨ ᠶᠤᠮ》 ᠬᠡᠵᠦ ᠦᠪᠡᠷᠳᠡᠬᠡᠨ ᠵᠠᠰᠠᠬᠤ ᠤᠷᠤᠨ᠎ᠤ ᠡᠨᠧᠷᠬᠢ᠎ᠶᠢᠨ ᠲᠤᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃
ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤᠨ᠎ᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 590 ᠲᠦᠮᠡᠨ ᠺᠢᠯᠦᠸᠠᠲᠲᠤ᠌ ᠬᠦᠷᠴᠦ᠍᠂ ᠮᠢᠩᠭᠠᠨ ᠲᠦᠮᠡᠨ ᠺᠢᠯᠦᠸᠠᠲ᠎ᠤᠨ ᠲᠠᠰ᠎ᠤᠨ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠤ ᠠᠵᠤ ᠦᠢᠯᠡᠰ᠎ᠦᠨ ᠪᠦᠯᠦᠭᠵᠢᠯ᠎ᠢ ᠠᠩᠬ᠎ᠠ ᠠᠯᠬᠤᠮ ᠪᠤᠢ ᠪᠤᠯᠭᠠᠵᠠᠢ᠃ ᠤᠳᠤᠬᠠᠨ᠎ᠳᠤ᠂ ᠤᠯᠠᠭᠠᠨᠴᠠᠪ ᠬᠤᠳᠠ᠎ᠶᠢᠨ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ 2028.8 ᠲᠦᠮᠡᠨ ᠺᠢᠯᠦᠸᠠᠲ᠎ᠢ ᠳᠠᠪᠠᠵᠤ᠂ ᠪᠤᠬᠢᠷᠳᠤᠯ ᠦᠬᠡᠢ ᠴᠠᠬᠢᠯᠭᠠᠨ᠎ᠤ ᠡᠵᠡᠯᠡᠬᠦ᠌ ᠬᠠᠷᠢᠴᠠᠯ 67%᠎ᠳ᠋ᠤ ᠬᠦᠷᠴᠦ᠂ ᠪᠤᠬᠢᠷᠳᠤᠯ ᠦᠬᠡᠢ ᠴᠠᠬᠢᠯᠭᠠᠨ᠎ᠤ ᠶᠡᠷᠦᠩᠬᠡᠶ ᠬᠡᠪᠴᠢᠶ᠎ᠡ ᠨᠢ 160 ᠲᠦᠮᠡᠨ ᠺᠢᠯᠦᠸᠠᠲᠲᠤ᠌ ᠬᠦᠷᠴᠦ᠍᠂ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ᠎ᠨᠢ 45 ᠳ᠋ᠦᠩᠰᠢᠭᠤᠷ ᠭᠷᠠᠳᠦ᠋ᠰᠲᠦ᠍ ᠬᠦᠷᠬᠦ ᠪᠤᠯᠤᠨ᠎ᠠ᠃
ᠪᠤᠬᠢᠷᠳᠤᠯ ᠦᠬᠡᠢ ᠴᠠᠬᠢᠯᠭᠠᠨ ᠪᠤᠯ ᠪᠤᠳᠤᠯᠳᠡ᠎ᠶᠢᠨ ᠬᠦᠴᠦᠨ᠎ᠤ ᠠᠵᠦ ᠦᠢᠯᠡᠰ᠎ᠤᠨ ᠲᠤᠬᠳᠠᠭᠤᠨ᠎ᠢᠶᠡᠷ ᠬᠦᠭᠵᠢᠬᠦ᠎ᠶᠢᠨ ᠰᠠᠭᠤᠷᠢ ᠮᠦᠨ᠃ ᠪᠤᠬᠢᠷᠳᠤᠯ ᠦᠬᠡᠢ ᠴᠠᠬᠢᠯᠭᠠᠨ᠎ᠢᠶᠡᠷ ᠲᠤᠯᠭᠠᠭᠤᠷᠢᠯᠠᠵᠦ᠂ ᠤᠯᠠᠭᠠᠨᠴᠠᠪ ᠬᠤᠳᠠ ᠪᠤᠳᠤᠯᠳᠠ᠎ᠶᠢᠨ ᠬᠦᠴᠦᠨ᠎ᠤ ᠠᠵᠦ ᠦᠢᠯᠡᠰ᠎ᠤᠨ ᠬᠦᠭᠵᠢᠯᠳᠡ᠎ᠵᠢ ᠠᠬᠢᠭᠤᠯᠤᠨ᠂ 《ᠤᠯᠠᠭᠠᠨᠴᠠᠪ᠎ᠤᠨ 〈ᠳ᠋ᠡᠢᠲ᠋ᠠ᠎ᠶᠢᠨ ᠲᠠᠰᠤᠯᠪᠦᠷᠢ᠎ᠶᠢᠨ ᠲᠦᠪ〉 ᠢ᠋ ᠪᠦᠲᠦᠭᠡᠨ ᠪᠠᠢᠭᠤᠯᠬᠤ ᠭᠤᠷᠪᠠᠨ ᠵᠢᠯ᠎ᠤᠨ ᠠᠵᠢᠯᠯᠠᠭᠠᠨ᠎ᠤ ᠲᠦᠯᠦᠪᠯᠡᠭᠡ (2026 — 2028)》) ᠵᠢ ᠨᠡᠢᠳᠡᠯᠡᠵᠦ᠂ 《ᠳ᠋ᠡᠢᠲ᠋ᠠ᠎ᠶᠢᠨ ᠲᠠᠰᠤᠯᠪᠦᠷᠢ᠎ᠶᠢᠨ ᠲᠦᠪ》 ᠢ᠋ ᠪᠦᠲᠦᠭᠡᠨ ᠪᠠᠢᠭᠤᠯᠬᠤ ᠪᠦᠷᠢᠶ᠎ᠠ᠎ᠵᠢ ᠬᠠᠩᠭᠢᠨᠠᠭᠤᠯᠵᠠᠢ᠃ ᠡᠨᠡ ᠵᠢᠯ᠎ᠤᠨ 8 ᠰᠠᠷ᠎ᠠ᠎ᠶᠢᠨ 22᠎ᠤ᠋ᠨ ᠡᠳᠦᠷ᠂ 2026 ᠤᠨ᠎ᠤ ᠪᠤᠬᠢᠷᠳᠤᠯ ᠦᠬᠡᠢ ᠪᠤᠳᠤᠯᠳᠡ᠎ᠶᠢᠨ ᠬᠦᠴᠤᠨ (ᠵᠤᠬᠢᠶᠠᠮᠠᠯ ᠤᠶᠤᠨ ᠴᠢᠳᠠᠪᠤᠷᠢ) ᠤ᠋ ᠶᠡᠬᠡ ᠬᠤᠷᠠᠯ ᠬᠦᠬᠡᠬᠤᠳᠡ᠎ᠳᠤ ᠶᠠᠪᠤᠬᠳᠠᠵᠦ᠂ ᠬᠤᠷᠠᠯ ᠡᠴᠡ ᠦᠪᠦᠷ ᠮᠤᠩᠭᠤᠯ᠎ᠤᠨ ᠪᠤᠳᠤᠯᠳᠡ᠎ᠶᠢᠨ ᠬᠦᠴᠦᠨ᠎ᠤ ᠠᠵᠦ ᠦᠢᠯᠡᠰ᠎ᠤᠨ ᠴᠠᠬᠢᠯᠭᠠᠨ ᠬᠦᠴᠦᠨ᠎ᠤ ᠪᠠᠳᠤᠯᠠᠭ᠎ᠠ᠎ᠶᠢᠨ ᠴᠢᠳᠠᠪᠤᠷᠢ᠎ᠶᠢᠨ ᠪᠠᠢᠭᠤᠯᠤᠯᠳᠡ᠎ᠶᠢᠨ ᠦᠷ᠎ᠠ ᠪᠦᠲᠦᠭᠡᠯ᠎ᠢ ᠨᠡᠢᠳᠡᠯᠡᠪᠡ᠃
ᠦᠪᠦᠷ ᠮᠤᠩᠭᠤᠯ᠎ᠤᠨ ᠴᠠᠬᠢᠯᠭᠠᠨ ᠬᠦᠴᠦᠨ᠎ᠦ ᠶᠡᠷᠦᠩᠬᠡᠶ ᠮᠠᠰᠢᠨ ᠴᠣᠭᠴᠠᠯᠠᠪᠤᠷᠢ ᠪᠥᠬᠥ᠌ ᠤᠯᠤᠰ᠎ᠲᠤ᠌ ᠡᠩ ᠲᠡᠷᠢᠭᠦᠨ᠎ᠳᠦ 3 ᠳ᠋ᠦᠩᠰᠢᠭᠤᠷ ᠺᠢᠯᠦᠸᠠᠲ᠎ᠢ ᠳᠠᠪᠠᠵᠠᠢ; ᠴᠠᠬᠢᠯᠭᠠᠨ ᠭᠠᠷᠭᠠᠭᠰᠠᠨ ᠬᠡᠮᠵᠢᠶ᠎ᠡ ᠨᠡᠶ᠋ᠢᠲᠡ 3.7 ᠲᠦᠮᠡᠨ ᠳ᠋ᠦᠩᠰᠢᠭᠤᠷ ᠭᠷᠠᠳᠦ᠋ᠰᠲᠤ᠌ ᠬᠦᠷᠴᠦ᠍᠂ ᠭᠠᠳᠠᠭᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ 1.5 ᠲᠦᠮᠡᠨ ᠳ᠋ᠦᠩᠰᠢᠭᠤᠷ ᠭᠷᠠᠳᠦ᠋ᠰ᠎ᠢ ᠳᠠᠪᠠᠵᠠᠢ᠃ 2025 ᠣᠨ᠎ᠳᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ 3500 ᠲᠦᠮᠡᠨ ᠺᠢᠯᠦᠸᠠᠲ ᠰᠢᠨ᠎ᠡ᠎ᠪᠡᠷ ᠨᠡᠮᠡᠭᠳᠡᠵᠦ᠍᠂ ᠭᠠᠳᠠᠭᠰᠢ ᠬᠦᠷᠭᠡᠭᠰᠡᠨ ᠪᠤᠬᠢᠷᠳᠤᠯ ᠦᠬᠡᠢ ᠴᠠᠬᠢᠯᠭᠠᠨ 900 ᠳ᠋ᠦᠩᠰᠢᠭᠤᠷ ᠭᠷᠠᠳᠦ᠋ᠰᠲᠦ᠍ ᠬᠦᠷᠴᠦ᠍᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ ᠪᠠᠨ 40% ᠭᠠᠷᠤᠢ ᠨᠡᠮᠡᠭᠳᠡᠵᠠᠢ᠃ ᠡᠨᠡ ᠵᠢᠯ᠂ ᠦᠪᠦᠷ ᠮᠤᠩᠭᠤᠯ ᠲᠣᠭᠲᠠᠭᠤᠨ᠎ᠢᠶᠠᠷ ᠨᠡᠭᠡᠭᠡᠨ ᠬᠥᠭᠵᠢᠭᠦᠯᠬᠦ᠌ ᠲᠠᠯ᠎ᠠ᠎ᠪᠠᠷ᠂ ᠬᠣᠰᠢᠭᠤ ᠰᠢᠶᠠᠨ᠎ᠢᠶᠠᠷ ᠨᠢᠭᠡᠴᠢ ᠪᠣᠯᠭᠠᠨ ᠪᠥᠬᠥ᠌ ᠣᠷᠣᠨ᠎ᠤ ᠰᠠᠯᠬᠢ ᠬᠡᠷᠡᠯ᠎ᠦᠨ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭᠠᠯᠲᠠ᠎ᠶᠢ ᠪᠡᠶᠡᠯᠡᠭᠦᠯᠵᠦ᠍᠂ ᠣᠨ᠎ᠤ ᠨᠡᠭᠡᠭᠡᠨ ᠬᠥᠭᠵᠢᠭᠦᠯᠬᠦ᠌ ᠲᠥᠯᠥᠪᠯᠡᠭᠡ᠎ᠶᠢ ᠡᠮᠬᠢ ᠵᠢᠷᠤᠮ᠎ᠲᠠᠶ ᠨᠠᠶ᠋ᠢᠳᠠᠪᠤᠷᠢᠵᠢᠭᠤᠯᠤᠨ᠂ ᠪᠥᠬᠥ᠌ ᠵᠢᠯ᠎ᠳᠦ ᠲᠤᠤᠷᠲᠤ᠌ ᠨᠡᠶ᠋ᠢᠯᠡᠭᠦᠯᠦᠭᠰᠡᠨ ᠰᠢᠨ᠎ᠡ ᠡᠨᠧᠷᠭᠢ᠎ᠨᠢ 3000 ᠲᠦᠮᠡᠨ ᠺᠢᠯᠦᠸᠠᠲ᠂ ᠶᠡᠷᠦᠩᠬᠡᠶ ᠮᠠᠰᠢᠨ ᠴᠣᠭᠴᠠᠯᠠᠪᠤᠷᠢ᠎ᠨᠢ 2 ᠳ᠋ᠦᠩᠰᠢᠭᠤᠷ ᠺᠢᠯᠦᠸᠠᠲ᠎ᠢ ᠳᠠᠪᠠᠬᠤ᠂ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠤ ᠬᠡᠮᠵᠢᠶ᠎ᠡ᠎ᠨᠢ 3000 ᠳ᠋ᠦᠩᠰᠢᠭᠤᠷ ᠭᠷᠠᠳᠦ᠋ᠰ᠎ᠢ ᠳᠠᠪᠠᠬᠤ᠂ ᠠᠰᠢᠭᠯᠠᠯᠲᠠ᠎ᠶᠢᠨ ᠨᠣᠷᠮ᠎ᠠ᠎ᠨᠢ ᠤᠯᠤᠰ᠎ᠤᠨ ᠱᠠᠭᠠᠷᠳᠠᠯᠭ᠎ᠠ᠎ᠳᠤ ᠨᠡᠶ᠋ᠢᠴᠡᠬᠦ᠌᠎ᠶᠢ ᠪᠠᠳᠤᠯᠠᠬᠤ ᠪᠠᠷ ᠬᠦᠴᠦᠯᠡᠵᠦ ᠪᠤᠢ᠃
ᠪᠣᠬᠢᠷᠲᠤᠯ ᠥᠬᠡᠶ ᠤᠰᠤᠲᠦ᠋ᠷᠥᠭᠴᠢ᠎ᠶᠢᠨ ᠠᠵᠤ ᠦᠢᠯᠡᠰ᠎ᠦᠨ ᠬᠦᠷᠢᠶᠡᠨ᠎ᠳᠦ᠂ ᠥᠪᠥᠷ ᠮᠣᠩᠭᠣᠯ ᠪᠣᠬᠢᠷᠲᠤᠯ ᠥᠬᠡᠶ ᠤᠰᠤᠲᠦ᠋ᠷᠥᠭᠴᠢ᠎ᠶᠢᠨ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠎ᠶᠢᠨ 21 ᠵᠦᠢᠯᠡᠰ᠎ᠢ ᠨᠡᠶ᠋ᠢᠲᠡᠯᠡᠵᠦ᠍᠂ 《ᠦᠢᠯᠡᠳᠬᠦ ᠨᠥᠭᠡᠴᠡᠯᠡᠬᠦ ᠬᠡᠷᠡᠭᠯᠡᠬᠦ᠌》 ᠵᠢᠴᠢ ᠲᠣᠨᠣᠬᠯᠠᠯ ᠦᠢᠯᠡᠳᠬᠦ᠎ᠶᠢ ᠬᠠᠮᠤᠷᠴᠤ᠌᠂ ᠪᠣᠬᠢᠷᠲᠤᠯ ᠥᠬᠡᠶ ᠤᠰᠤᠲᠦ᠋ᠷᠥᠭᠴᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠳᠡᠮᠵᠢᠬᠦ᠌ ᠪᠥᠬᠥ᠌ ᠠᠵᠤ ᠦᠢᠯᠡᠰ᠎ᠦᠨ ᠬᠡᠯᠬᠢᠶ᠎ᠡ᠎ᠶᠢᠨ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠠᠢ᠃ ᠪᠦᠬᠦ᠌ ᠣᠷᠣᠨ᠎ᠳᠤ ᠪᠤᠬᠢᠷᠳᠤᠯ ᠦᠬᠡᠢ ᠤᠰᠤᠲᠦ᠋ᠷᠥᠭᠴᠢ᠎ᠶᠢᠨ ᠲᠥᠷᠥᠯ ᠵᠦᠢᠯ᠎ᠢ 8 ᠪᠠᠶ᠋ᠢᠭᠤᠯᠵᠤ᠂ ᠵᠢᠯ᠎ᠳᠦ 8 ᠲᠦᠮᠡᠨ ᠲᠣᠨ ᠦᠢᠯᠡᠳᠪᠦᠷᠢᠯᠡᠵᠦ᠍᠂ ᠪᠤᠬᠢᠷᠳᠤᠯ ᠦᠬᠡᠢ ᠤᠰᠤᠲᠦ᠋ᠷᠥᠭᠴᠢ᠎ᠶᠢᠨ ᠵᠢᠯ᠎ᠦᠨ ᠭᠠᠷᠤᠯᠲᠠ 1 ᠲᠦᠮᠡᠨ ᠲᠣᠨ᠎ᠢ ᠳᠠᠪᠠᠵᠠᠢ᠃
ᠤᠷᠳᠤᠰ ᠬᠤᠳᠠ ᠵᠢᠨ ᠡᠵᠡᠨ ᠬᠣᠷᠣᠭ᠎ᠠ ᠬᠣᠰᠢᠭᠤᠨ᠎ᠤ ᠱᠧᠩ ᠶᠤᠸᠠᠨ ᠡᠨᠧᠷᠭᠢ᠎ᠶᠢᠨ ᠰᠠᠯᠬᠢᠨ ᠬᠦᠴᠦᠨ᠎ᠤ ᠴᠠᠬᠢᠯᠭᠠᠨ᠎ᠢᠶᠡᠷ ᠤᠰᠤᠲᠦ᠋ᠷᠥᠭᠴᠢ ᠦᠢᠯᠡᠳᠬᠦ ᠤᠰᠤᠲᠦ᠋ᠷᠥᠭᠴᠢ ᠨᠡᠮᠡᠬᠦ᠌᠎ᠵᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠪᠣᠯ ᠥᠪᠥᠷ ᠮᠣᠩᠭᠣᠯ᠎ᠤᠨ ᠠᠩᠬᠠᠳᠠᠭᠴᠢ ᠤᠰᠤᠲᠦ᠋ᠷᠥᠭᠴᠢ ᠦᠢᠯᠡᠳᠬᠦ ᠤᠰᠤᠲᠦ᠋ᠷᠥᠭᠴᠢ ᠨᠡᠮᠡᠬᠦ᠌᠎ᠵᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠪᠠᠢᠵᠦ᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 13.55 ᠳ᠋ᠦᠩᠰᠢᠭᠤᠷ ᠲᠥᠭᠥᠷᠢᠭ᠎ᠲᠦ᠍ ᠬᠦᠷᠴᠦ᠍᠂ 125 ᠮᠸᠭ᠎ᠠ ᠸᠠᠲ ᠰᠠᠯᠬᠢᠨ ᠬᠦᠴᠦᠨ᠎ᠦ ᠴᠠᠬᠢᠯᠭᠠᠨ᠂ 50 ᠮᠸᠭ᠎ᠠ ᠸᠠᠲ ᠬᠡᠷᠡᠯᠴᠢ ᠴᠡᠨᠡᠭ ᠵᠢᠴᠢ ᠴᠠᠬ ᠪᠦᠷᠢ 14000 ᠪᠠᠷᠢᠮᠵᠢᠶᠠᠲᠤ᠌ ᠪᠣᠰᠣᠭ᠎ᠠ ᠳᠥᠷᠪᠡᠯᠵᠢᠨ ᠮᠸᠲ᠋ᠷ᠎ᠤᠨ ᠤᠰᠤᠲᠦ᠋ᠷᠥᠭᠴᠢ ᠦᠢᠯᠡᠳᠬᠦ᠌ ᠲᠥᠬᠥᠭᠡᠷᠦᠮᠵᠢ᠎ᠶᠢ ᠲᠥᠯᠥᠪᠵᠢᠭᠦᠯᠦᠨ ᠪᠥᠲᠥᠭᠡᠨ ᠪᠠᠶ᠋ᠢᠭᠤᠯᠵᠦ ᠪᠤᠢ᠃ 《ᠲᠦᠷᠦᠯ ᠵᠦᠢᠯ ᠨᠢ ᠤᠰᠤᠲᠦ᠋ᠷᠥᠭᠴᠢ ᠦᠢᠯᠡᠳᠬᠦ᠌᠎ᠡᠴᠡ ᠤᠰᠤᠲᠦ᠋ᠷᠥᠭᠴᠢ ᠨᠡᠮᠡᠬᠦ᠌ ᠬᠦᠷᠲᠡᠯ᠎ᠡ ᠲᠠᠬᠢᠭᠠᠳ ᠨᠥᠭᠡᠴᠡᠯᠡᠬᠦ᠌᠂ ᠬᠡᠷᠡᠭᠯᠡᠬᠦ᠌᠂ ᠨᠡᠮᠡᠬᠦ᠌ ᠪᠦᠬᠦ᠌ ᠠᠵᠤ ᠦᠢᠯᠡᠰ᠎ᠦᠨ ᠬᠡᠯᠬᠢᠢ᠎ᠡ᠎ᠶᠢᠨ ᠰᠢᠰᠲᠸᠮ ᠬᠦᠷᠲᠡᠯ᠎ᠡ᠂ ᠤᠰᠤᠲᠥᠢ᠍ᠷᠥᠭᠴᠢ᠎ᠶᠢᠨ ᠴᠡᠪᠡᠷᠴᠡ ᠨᠢ 99.999%᠎ᠳᠤ ᠬᠦᠷᠴᠦ᠍᠂ ᠤᠯᠤᠰ᠎ᠤᠨ ᠮᠠᠰᠢᠨ ᠲᠡᠷᠭᠡᠨ᠎ᠳᠦ ᠬᠡᠷᠡᠭᠯᠡᠬᠦ᠌ ᠤᠰᠤᠲᠦ᠋ᠷᠥᠭᠴᠢ᠎ᠶ᠋ᠢᠨ ᠪᠠᠷᠢᠮᠵᠢᠶ᠎ᠠ᠎ᠠᠴᠠ ᠥᠨᠳᠥᠷ ᠪᠣᠯᠵᠠᠢ》 ᠭᠡᠵᠦ᠍ ᠥᠪᠥᠷ ᠮᠣᠩᠭᠣᠯ᠎ᠤᠨ ᠱᠧᠩ ᠶᠤᠸᠠᠨ ᠡᠨᠧᠷᠭᠢ᠎ᠶᠢᠨ ᠪᠦᠯᠦᠭᠯᠡᠯ᠎ᠦᠨ ᠰᠢᠨ᠎ᠡ ᠡᠨᠧᠷᠭᠢ᠎ᠶᠢᠨ ᠺᠣᠮᠫᠠᠨᠢ᠎ᠶᠢᠨ ᠬᠠᠷᠢᠭᠤᠴᠠᠯᠭᠠᠳᠠᠨ ᠬᠡᠯᠡᠪᠡ᠃
ᠳᠤᠮᠳᠠᠳᠤ ᠤᠯᠤᠰ᠎ᠤᠨ ᠨᠡᠭᠦᠷᠡᠰᠦᠨ᠎ᠦ ᠡᠨᠧᠷᠬᠢ᠎ᠶᠢᠨ ᠪᠦᠯᠦᠭᠯᠡᠯ᠎ᠤᠨ ᠣᠷᠳᠣᠰ᠎ᠤᠨ ᠡᠨᠧᠷᠭᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ᠌ ᠺᠣᠮᠫᠠᠨᠢ ᠨᠢ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳ᠋ᠠᠯᠢᠶᠠᠨ᠎ᠤ ᠬᠢᠮᠢ ᠹᠢᠽᠢᠺ᠎ᠦᠨ ᠰᠤᠳᠤᠯᠭᠠᠨ᠎ᠤ ᠭᠠᠵᠠᠷ᠎ᠲᠠᠶ ᠬᠠᠮᠲᠤᠷᠠᠨ ᠭᠤᠤᠯᠯᠠᠨ ᠡᠷᠬᠢᠯᠡᠭᠰᠡᠨ ᠮᠠᠨ᠎ᠤ ᠤᠯᠤᠰ᠎ᠤᠨ ᠠᠩᠬᠠᠳᠠᠭᠴᠢ 《ᠰᠢᠩᠭᠡᠨ ᠲᠦᠯᠦᠪᠲᠦ᠍ ᠨᠡᠷᠡᠨ᠎ᠦ ᠬᠡᠷᠡᠯ》 ᠤ᠋ᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠨᠢ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠠᠰᠢᠭᠯᠠᠨ ᠳᠠᠬᠢᠨ ᠡᠭᠦᠰᠴᠦ᠍ ᠪᠣᠯᠬᠤ ᠡᠨᠧᠷᠭᠢ᠎ᠪᠠᠷ ᠴᠠᠬᠢᠯᠭᠠᠨ ᠭᠠᠷᠭᠠᠵᠤ ᠤᠰᠤᠲᠦ᠋ᠷᠥᠭᠴᠢ ᠦᠢᠯᠡᠳᠴᠦ᠍᠂ ᠳᠠᠬᠢᠨ ᠤᠰᠤᠲᠦ᠋ᠷᠥᠭᠴᠢ ᠬᠡᠶ ᠪᠣᠯᠤᠨ ᠬᠤᠷᠢᠶᠠᠨ ᠠᠪᠤᠭᠰᠠᠨ ᠨᠡᠭᠦᠷᠡᠰᠦᠲᠥᠢ᠍ᠷᠥᠭᠴᠢᠶᠢᠨ ᠳᠠᠪᠬᠤᠷ ᠢᠰᠦᠯ᠎ᠢ ᠤᠷᠪᠠᠯᠳᠤᠭᠤᠯᠤᠨ ᠪᠤᠬᠢᠷᠳᠤᠯ ᠦᠬᠡᠢ ᠮᠧᠲ᠋ᠢᠯ ᠠᠯᠺᠣᠣᠯ ᠪᠣᠯᠭᠠᠵᠤ᠂ 《 ᠨᠡᠷᠡᠨ᠎ᠦ ᠬᠡᠷᠡᠯ — ᠴᠠᠬᠢᠯᠭᠠᠨ ᠬᠦᠴᠦ᠍ — ᠲᠦᠯᠡᠰᠢ》 ᠶ᠋ᠢᠨ ᠪᠥᠬᠥ᠌ ᠬᠡᠯᠬᠢᠶ᠎ᠡ᠎ᠶᠢ ᠪᠤᠢ ᠪᠤᠯᠭᠠᠵᠦ ᠪᠤᠢ᠃
ᠶᠤᠸᠠᠨ ᠵᠢᠩ ᠤᠯᠠᠭᠠᠨᠬᠠᠳᠠ᠎ᠶᠢᠨ ᠪᠣᠬᠢᠷᠲᠤᠯ ᠦᠭᠡᠢ ᠤᠰᠤᠲᠦ᠋ᠷᠥᠭᠴᠢ ᠰᠢᠪᠲᠦᠷ᠎ᠦᠨ ᠲᠦᠷᠦᠯ ᠵᠦᠢᠯ ᠪᠣᠯ ᠳᠤᠮᠳᠠᠳᠤ ᠤᠯᠤᠰ᠎ᠤᠨ ᠬᠡᠪᠴᠢᠶ᠎ᠡ᠎ᠪᠡᠷ ᠬᠠᠮᠤᠭ᠎ᠤᠨ ᠶᠡᠬᠡ ᠪᠣᠬᠢᠷᠲᠤᠯ ᠦᠭᠡᠢ ᠤᠰᠤᠲᠦ᠋ᠷᠥᠭᠴᠢ ᠰᠢᠪᠲᠦᠷ᠎ᠦᠨ ᠲᠦᠷᠦᠯ ᠵᠦᠢᠯ ᠪᠠᠢᠵᠦ᠂ ᠨᠢᠭᠡᠳᠦᠭᠡᠷ ᠬᠤᠭᠤᠴᠠᠭ᠎ᠠ ᠨᠢ ᠵᠢᠯ᠎ᠳᠦ 32 ᠲᠦᠮᠡᠨ ᠲᠣᠨ ᠪᠣᠬᠢᠷᠲᠤᠯ ᠦᠭᠡᠢ ᠨᠡᠶ᠋ᠢᠯᠡᠯᠭᠡ ᠰᠢᠪᠲᠦᠷ ᠦᠢᠯᠡᠳᠪᠦᠷᠢᠯᠡᠵᠦ᠍᠂ 2025 ᠣᠨ᠎ᠤ 7 ᠰᠠᠷ᠎ᠠ᠎ᠳᠤ ᠵᠢᠩᠬᠢᠨᠢ᠎ᠪᠡᠷ ᠠᠰᠢᠭᠯᠠᠯᠲᠠ᠎ᠳᠤ ᠣᠷᠣᠵᠠᠢ᠃ ᠡᠨᠡ ᠵᠢᠯ᠎ᠦᠨ 2 ᠰᠠᠷ᠎ᠠ᠎ᠳᠤ᠂ ᠲᠣᠰ ᠲᠥᠷᠥᠯ ᠵᠦᠢᠯ᠎ᠤᠨ ᠦᠢᠯᠡᠳᠪᠦᠷᠢᠯᠡᠭᠰᠡᠨ ᠪᠣᠬᠢᠷᠲᠤᠯ ᠥᠬᠡᠶ ᠨᠡᠶ᠋ᠢᠯᠡᠯᠭᠡ ᠰᠢᠪᠲᠦᠷᠢ ᠺᠣᠷᠢᠶᠠᠤᠯᠤᠰ ᠲᠦ᠍ ᠭᠠᠷᠭᠠᠵᠠᠢ᠃ ᠡᠨᠡ ᠨᠢ ᠮᠠᠨ᠎ᠤ ᠤᠯᠤᠰ᠎ᠤᠨ ᠠᠵᠤ ᠠᠬᠤᠶ᠋ᠢᠯᠠᠯ᠎ᠤᠨ ᠭᠤᠤᠯᠯᠠᠨ ᠡᠷᠬᠢᠯᠡᠭᠰᠡᠨ 《ᠪᠣᠬᠢᠷᠲᠤᠯ ᠥᠬᠡᠶ ᠰᠢᠨ᠎ᠡ ᠴᠢᠯᠠᠭᠤᠨ ᠲᠣᠰᠣ》 ᠶ᠋ᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠷᠠᠯᠵᠢᠶᠠᠨ᠎ᠤ ᠵᠠᠮ ᠵᠢᠩᠬᠢᠨᠢ᠎ᠪᠡᠷ ᠨᠡᠪᠲᠡᠷᠡᠭᠰᠡᠨ᠎ᠢ ᠬᠠᠷᠠᠭᠤᠯᠵᠤ ᠪᠠᠶ᠋ᠢᠨ᠎ᠠ᠃ 《ᠡᠨᠡ ᠨᠢ ᠳᠤᠮᠳᠠᠳᠤ ᠤᠯᠤᠰ᠎ᠤᠨ ᠰᠢᠨ᠎ᠡ ᠡᠨᠧᠷᠭᠢ᠎ᠶᠢᠨ ᠮᠡᠷᠭᠡᠵᠢᠯ᠎ᠦᠨ ᠪᠥᠬᠥ᠌ ᠲᠠᠯ᠎ᠠ᠎ᠶᠢᠨ ᠬᠤᠷᠠᠮᠠᠯ ᠪᠠ ᠭᠡᠷᠡᠴᠢᠯᠡᠯ ᠪᠣᠯᠬᠤ ᠪᠣᠯᠤᠨ᠎ᠠ》 ᠬᠡᠵᠦ ᠶᠤᠸᠠᠨ ᠵᠢᠩ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ᠎ᠦᠨ ᠬᠠᠷᠢᠭᠤᠴᠠᠯᠭᠠᠳᠠᠨ ᠬᠡᠯᠡᠪᠡ᠃
ᠥᠪᠥᠷ ᠮᠣᠩᠭᠣᠯ ᠪᠣᠯ ᠪᠥᠬᠥ᠌ ᠤᠯᠤᠰ᠎ᠤᠨ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ᠌ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢᠶᠡᠷ ᠬᠠᠮᠤᠭ᠎ᠤᠨ ᠪᠦᠷᠢᠨ ᠲᠡᠭᠦᠯᠳᠡᠷ᠂ ᠮᠡᠷᠭᠡᠵᠢᠯ᠎ᠦᠨ ᠱᠤᠭᠤᠮ᠎ᠢᠶᠠᠷ ᠬᠠᠮᠤᠭ᠎ᠤᠨ ᠢᠵᠢ ᠪᠦᠷᠢᠳᠦᠭᠰᠡᠨ ᠮᠤᠵᠢ ᠣᠷᠣᠨ᠎ᠤ ᠨᠢᠭᠡ ᠪᠣᠯᠤᠨ᠎ᠠ᠃ ᠥᠪᠥᠷ ᠮᠣᠩᠭᠣᠯ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ᠌ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠎ᠶᠢ ᠨᠡᠶ᠋ᠢᠲᠡ 2500 ᠲᠦᠮᠡᠨ ᠺᠢᠯᠦᠸᠠᠲ ᠪᠠᠶ᠋ᠢᠭᠤᠯᠵᠤ ᠂ ᠪᠥᠬᠥ᠌ ᠤᠯᠤᠰ᠎ᠤᠨ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ᠌ ᠬᠡᠪᠴᠢᠶᠡᠵᠢᠯ ᠂ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ᠎ᠳᠦ ᠬᠠᠭᠤᠯᠪᠤᠷᠢᠯᠠᠵᠤ ᠪᠣᠯᠬᠤᠢᠴᠡ ᠳᠡᠯᠭᠡᠷᠡᠭᠦᠯᠵᠦ᠍ ᠪᠣᠯᠬᠤᠢᠴᠡ ᠲᠤᠷᠰᠢᠯᠭ᠎ᠠ᠎ᠶᠢ ᠬᠠᠩᠭᠠᠵᠠᠢ᠃
ᠪᠠᠶᠠᠨᠨᠠᠭᠤᠷ ᠬᠣᠲᠠ᠎ᠶᠢᠨ ᠳ᠋ᠸᠩᠺᠸᠤ ᠰᠢᠶᠠᠨ᠎ᠤ 40 ᠲᠦᠮᠡᠨ ᠺᠢᠯᠦᠸᠠᠲ / 160 ᠲᠦᠮᠡᠨ ᠺᠢᠯᠦᠸᠠᠲ ᠴᠠᠭ᠎ᠤᠨ ᠲᠤᠰᠠᠭᠠᠷ ᠡᠨᠧᠷᠭᠢ ᠨᠦᠭᠡᠴᠡᠯᠡᠬᠦ ᠲᠥᠷᠥᠯ ᠵᠦᠢᠯ᠎ᠦᠨ ᠬᠠᠮᠤᠭ᠎ᠦᠨ ᠶᠡᠬᠡ ᠴᠠᠬᠢᠯᠭᠠᠨ ᠨᠦᠭᠡᠴᠡᠯᠡᠬᠦ ᠬᠡᠮᠵᠢᠢ᠎ᠡ ᠨᠢ 6000 ᠺᠢᠯᠦᠸᠠᠲ ᠴᠠᠭ᠎ᠲᠤ᠌ ᠬᠦᠷᠳᠡᠭ᠃ 《ᠡᠳᠦᠷ᠎ᠢᠶᠡᠷ ᠬᠡᠷᠡᠯ ᠬᠦᠢᠴᠡᠳ ᠲᠤᠰᠴᠦ᠂ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠬᠡᠮᠵᠢᠶ᠎ᠠ ᠶᠡᠬᠡ ᠪᠠᠢᠵᠦ᠂ ᠴᠠᠬᠢᠯᠭᠠᠨ ᠲᠤᠤᠷ᠎ᠤᠨ ᠪᠦᠷᠢᠮᠦᠰᠦᠨ ᠰᠢᠩᠭᠡᠭᠡᠵᠦ ᠲᠡᠢᠯᠬᠦ ᠦᠬᠡᠢ ᠢᠯᠡᠬᠦᠴᠡ ᠴᠠᠬᠢᠯᠭᠠᠨ ᠡᠨᠧᠷᠬᠢ᠎ᠵᠢ ᠡᠨᠧᠷᠬᠢ ᠨᠦᠭᠡᠴᠡᠯᠡᠬᠦ ᠦᠷᠳᠡᠬᠡ ᠨᠦᠭᠡᠴᠡᠯᠡᠨᠠ᠃ ᠰᠦᠨᠢ ᠪᠤᠯᠬᠤ᠎ᠳᠤ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠨᠢ ᠵᠤᠬᠰᠤᠵᠦ᠂ ᠨᠦᠭᠡᠴᠡᠯᠡᠭᠰᠡᠨ ᠴᠠᠬᠢᠯᠭᠠᠨ ᠡᠨᠧᠷᠬᠢ ᠨᠢ ᠴᠠᠬᠢᠯᠭᠠᠨ ᠲᠤᠤᠷ᠎ᠲᠦ ᠲᠤᠬᠳᠠᠭᠤᠨ᠎ᠢᠶᠡᠷ ᠬᠦᠷᠭᠡᠭᠳᠡᠨᠠ》 ᠬᠡᠵᠦ ᠳ᠋ᠸᠩᠺᠸᠤ᠎ᠶᠢᠨ ᠮᠧᠩ ᠨᠧᠩ ᠴᠠᠬᠢᠯᠭᠠᠨ ᠨᠦᠭᠡᠴᠡᠯᠡᠬᠦ ᠰᠢᠨ᠎ᠠ ᠡᠨᠧᠷᠬᠢ᠎ᠶᠢᠨ ᠬᠢᠵᠠᠭᠠᠷᠳᠤ ᠺᠤᠮᠫᠠᠨᠢ᠎ᠶᠢᠨ ᠬᠠᠷᠢᠭᠤᠴᠠᠯᠭᠠᠳᠠᠨ ᠬᠡᠯᠡᠪᠡ᠃ ᠤᠢᠷ᠎ᠠ᠎ᠶᠢᠨ ᠵᠢᠯ᠂ ᠪᠠᠶᠠᠨᠨᠠᠭᠤᠷ ᠬᠤᠳᠠᠰᠢᠨᠡ ᠡᠨᠧᠷᠭᠢ᠎ᠶᠢᠨ ᠠᠵᠤ ᠦᠢᠯᠡᠰ᠎ᠦᠨ ᠪᠠᠶ᠋ᠢᠷᠢᠰᠢᠭᠤᠯᠤᠯᠲᠠ᠎ᠪᠠᠨ ᠦᠷᠭᠦᠯᠵᠢᠯᠡᠨ ᠰᠢᠯᠢᠳᠡᠭᠵᠢᠭᠦᠯᠵᠦ᠍᠂ ᠡᠬᠢ ᠰᠤᠷᠪᠤᠯᠵᠢ᠎ᠶᠢᠨ ᠲᠤᠤᠷ ᠳᠠᠭᠠᠭᠠᠴᠠ ᠨᠥᠭᠡᠴᠡ᠎ᠶᠢ ᠨᠢᠭᠡ ᠴᠣᠭᠴᠠᠵᠢᠭᠤᠯᠬᠤ ᠪᠥᠲᠥᠭᠡᠨ ᠪᠠᠶ᠋ᠢᠭᠤᠯᠤᠯᠲᠠ᠎ᠶᠢ ᠶᠡᠬᠡᠪᠡᠷ ᠠᠬᠢᠭᠤᠯᠵᠤ᠂ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ᠂ ᠡᠨᠧᠷᠭᠢ ᠨᠦᠭᠡᠴᠡᠯᠡᠬᠦ ᠵᠡᠷᠭᠡ ᠭᠣᠣᠯᠳᠠᠯᠭ᠎ᠠ᠎ᠲᠠᠶ ᠲᠥᠷᠦᠯ ᠵᠦᠢᠯ᠎ᠢ ᠵᠠᠯᠭᠠᠯᠳᠤᠭᠤᠯᠤᠨ ᠨᠠᠢᠳᠠᠪᠤᠷᠢᠵᠢᠭᠤᠯᠵᠠᠢ᠃
ᠡᠨᠡ ᠵᠢᠯ᠎ᠦᠨ 5 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ 2026 ᠣᠨ᠎ᠤ ᠨᠢᠭᠡᠳᠦᠭᠡᠷ ᠪᠦᠯᠦᠭ ᠪᠡᠶ᠎ᠡ᠎ᠪᠡᠨ ᠳᠠᠭᠠᠭᠠᠭᠰᠠᠨ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ ᠪᠤᠯᠬᠤ ᠪᠥᠸᠧ ᠾᠧ᠎ᠶᠢᠨ 30 ᠲᠦᠮᠡᠨ ᠺᠢᠯᠦᠸᠠᠲ / 120 ᠲᠦᠮᠡᠨ ᠺᠢᠯᠦᠸᠠᠲ ᠴᠠᠭ᠎ᠤᠨ ᠨᠥᠭᠡᠴᠡ ᠡᠨᠧᠷᠭᠢ᠎ᠶᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠤᠭᠤᠳᠤ ᠬᠤᠳᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠪᠠᠶᠠᠡᠡᠣᠪᠣᠭᠠ ᠰᠤᠮᠤ᠎ᠳᠤ ᠪᠠᠷᠢᠯᠭ᠎ᠠ ᠡᠬᠢᠯᠡᠭᠦᠯᠵᠠᠢ᠃ ᠲᠥᠷᠥᠯ ᠵᠦᠢᠯ᠎ᠦᠨ ᠶᠡᠷᠦᠩᠬᠡᠶ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠹᠣᠰᠹᠣᠷ ᠬᠦᠴᠢᠯ᠎ᠦᠨ ᠲᠡᠮᠦᠷ ᠯᠢᠲ᠋ᠢ᠎ᠶᠢᠨ ᠳ᠋ᠢᠶᠠᠨ ᡂᠢ᠂ ᠬᠡᠯᠬᠢᠶ᠎ᠡ ᠮᠠᠶᠢᠭ᠎ᠤᠨ ᠪᠦᠲᠦᠴᠡ᠂ ᠰᠢᠩᠭᠡᠨ ᠪᠡᠶᠡᠲᠦ᠎ᠶᠢᠨ ᠬᠦᠢᠲᠡᠨ ᠳᠤᠯᠠᠭᠠᠨ᠎ᠢ ᠡᠵᠡᠮᠳᠡᠬᠦ᠌ ᠲᠥᠰᠦᠯ᠎ᠢ ᠬᠡᠷᠡᠭᠯᠡᠵᠦ᠍᠂ 220 ᠺᠢᠯᠤᠸᠤᠯᠲ᠎ᠤᠨ ᠳᠠᠷᠤᠯᠲᠠ ᠳᠡᠭᠡᠭᠰᠢᠯᠡᠭᠦᠯᠬᠦ᠌ ᠥᠷᠲᠡᠭᠡ᠎ᠶᠢ ᠢᠵᠢ ᠪᠥᠷᠢᠳᠦᠭᠦᠯᠦᠨ ᠰᠢᠨ᠎ᠡ᠎ᠪᠡᠷ ᠪᠠᠶ᠋ᠢᠭᠤᠯᠵᠤ᠂ 500 ᠺᠢᠯᠤᠸᠣᠯᠲ᠎ᠤᠨ ᠺᠠᠶ ᠯᠢᠨ ᠾᠧ ᠬᠦᠴᠦᠳᠡᠯ ᠥᠭᠡᠷᠡᠴᠢᠯᠡᠬᠦ᠌ ᠥᠷᠲᠡᠭᠡ᠎ᠳᠦ ᠵᠤᠯᠭᠠᠭᠤᠯᠤᠨ᠎ᠠ᠃
ᠣᠳᠣᠬᠠᠨ᠎ᠳᠤ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠴᠠᠬᠢᠯᠭᠠᠨ ᠲᠤᠤᠷ᠎ᠤᠨ ᠬᠠᠵᠠᠭᠤ᠎ᠶᠢᠨ ᠡᠨᠧᠷᠭᠢ ᠨᠦᠭᠡᠴᠡᠯᠡᠬᠦ ᠪᠥᠲᠥᠭᠡᠨ ᠪᠠᠶ᠋ᠢᠭᠤᠯᠤᠯᠲᠠ᠎ᠶᠢᠨ ᠶᠡᠷᠦᠩᠬᠡᠶ ᠬᠡᠪᠴᠢᠶ᠎ᠡ ᠨᠢᠭᠡᠨᠲᠡ 150 ᠲᠦᠮᠡᠨ ᠺᠢᠯᠦᠸᠠᠲᠲᠤ᠌ ᠬᠦᠷᠴᠦ᠍᠂ ᠡᠭᠦᠨ᠎ᠳᠦ ᠨᠢᠭᠡᠨᠲᠡ 30 ᠲᠦᠮᠡᠨ ᠺᠢᠯᠦᠸᠠᠲ᠎ᠢ ᠪᠠᠶ᠋ᠢᠭᠤᠯᠵᠤ᠂ ᠪᠠᠶ᠋ᠢᠭᠤᠯᠵᠤ ᠪᠠᠶ᠋ᠢᠭ᠎ᠠ ᠵᠢᠴᠢ ᠪᠠᠶ᠋ᠢᠭᠤᠯᠬᠤ᠎ᠪᠠᠷ ᠪᠠᠶ᠋ᠢᠭ᠎ᠠ ᠨᠢ 120 ᠲᠦᠮᠡᠨ ᠺᠢᠯᠦᠸᠠᠲ ᠪᠤᠢ᠃ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠳᠤ ᠲᠤᠬᠠᠢ᠎ᠶᠢᠨ ᠭᠠᠵᠠᠷ᠎ᠤᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠦᠷᠦᠯ ᠵᠦᠢᠯ᠎ᠢᠶᠡᠷ ᠬᠠᠮᠤᠭ᠎ᠤᠨ ᠪᠦᠷᠢᠨ ᠰᠢᠨ᠎ᠡ ᠬᠡᠯᠪᠡᠷᠢ᠎ᠶᠢᠨ ᠡᠨᠧᠷᠭᠢ ᠨᠦᠭᠡᠴᠡᠯᠡᠬᠦ ᠪᠦᠯᠦᠭᠵᠢᠯ ᠶᠠᠭ ᠬᠥᠭᠵᠢᠨ ᠮᠠᠨᠳᠤᠵᠤ ᠪᠤᠢ᠃《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠪᠢᠳᠡ ᠬᠡᠪᠴᠢᠶᠡᠵᠢᠭᠰᠡᠨ ᠨᠥᠭᠡᠴᠡ ᠡᠨᠧᠷᠭᠢ᠎ᠶᠢᠨ ᠲᠥᠷᠥᠯ ᠵᠦᠢᠯ᠎ᠢ ᠦᠷᠭᠦᠯᠵᠢᠯᠡᠨ ᠪᠠᠶ᠋ᠢᠷᠢᠰᠢᠭᠤᠯᠵᠤ᠂ ᠨᠥᠭᠡᠴᠡ ᠡᠨᠧᠷᠭᠢ᠎ᠶᠢᠨ ᠬᠡᠷᠡᠭᠯᠡᠭᠡᠨ᠎ᠦ ᠠᠬᠤᠶ ᠦᠵᠡᠭᠳᠡᠯ᠎ᠢᠶᠠᠷ ᠳᠡᠭᠡᠳᠦ ᠳᠤᠤᠷᠠᠳᠤ ᠲᠦᠪᠰᠢᠨ᠎ᠤ ᠠᠵᠤ ᠦᠢᠯᠡᠰ᠎ᠦᠨ ᠪᠦᠯᠦᠭᠵᠢᠯ᠂ ᠬᠣᠯᠪᠣᠭᠠᠯᠠᠨ ᠬᠥᠳᠡᠯᠦᠯᠴᠡᠬᠦ᠌ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠂ ᠪᠤᠬᠢᠷᠳᠤᠯ ᠦᠬᠡᠢ ᠤᠰᠤᠲᠦ᠋ᠷᠥᠭᠴᠢ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠲᠠᠲᠠᠵᠤ᠂ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠦᠨ ᠡᠬᠢ ᠪᠠᠶᠠᠯᠢᠭ᠎ᠤᠨ ᠳᠠᠪᠠᠭᠤᠯᠢᠭ᠎ᠢᠶᠡᠨ ᠦᠨᠡᠨ ᠬᠦ᠌ ᠠᠵᠤ ᠦᠢᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ》 ᠬᠡᠵᠦ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠷᠢᠭᠤᠴᠠᠯᠭᠠᠳᠠᠨ ᠬᠡᠯᠡᠪᠡ᠃
ᠡᠨᠡ ᠵᠢᠯ᠎ᠦᠨ 10 ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ ᠰᠢᠨ᠎ᠡ ᠬᠡᠯᠪᠡᠷᠢ᠎ᠶᠢᠨ ᠡᠨᠧᠷᠭᠢ ᠨᠦᠭᠡᠴᠡᠯᠡᠬᠦ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠎ᠶᠢ ᠨᠡᠶ᠋ᠢᠲᠡ 2500 ᠲᠦᠮᠡᠨ ᠺᠢᠯᠦᠸᠠᠲ ᠪᠠᠶ᠋ᠢᠭᠤᠯᠵᠤ᠂ ᠵᠥᠭᠡᠭᠡᠪᠦᠷᠢᠯᠡᠵᠦ᠍ ᠪᠠᠶ᠋ᠢᠭ᠎ᠠ ᠰᠢᠨ᠎ᠡ ᠬᠡᠯᠪᠡᠷᠢ᠎ᠶᠢᠨ ᠡᠨᠧᠷᠭᠢ ᠨᠦᠭᠡᠴᠡᠯᠡᠬᠦ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 2183 ᠲᠦᠮᠡᠨ ᠺᠢᠯᠦᠸᠠᠲᠲᠤ᠌ ᠬᠦᠷᠴᠦ᠍᠂ ᠴᠥᠮ ᠪᠥᠬᠥ᠌ ᠤᠯᠤᠰ ᠲᠦ᠍ ᠲᠦᠷᠦᠭᠦᠯᠡᠵᠡᠢ᠃ 《ᠪᠠᠶ᠋ᠢᠭᠤᠯᠵᠤ ᠪᠠᠶ᠋ᠢᠭ᠎ᠠ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠎ᠶᠢᠨ ᠬᠡᠪᠴᠢᠶ᠎ᠡ 1467 ᠲᠦᠮᠡᠨ ᠺᠢᠯᠦᠸᠠᠲᠲᠤ᠌ ᠬᠦᠷᠴᠦ᠍᠂ ᠵᠢᠱ᠌ᠢᠯᠲᠡ᠎ᠪᠡᠷ 2026 ᠣᠨ᠎ᠤ ᠡᠴᠦᠰ᠎ᠲᠦ᠍ ᠪᠥᠬᠥ᠌ ᠣᠷᠣᠨ᠎ᠤ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 2700 ᠲᠦᠮᠡᠨ ᠺᠢᠯᠦᠸᠠᠲ᠎ᠢ ᠳᠠᠪᠠᠵᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠰᠡᠭᠦᠯᠴᠢ ᠪᠣᠯᠬᠤ᠎ᠳᠤ ᠪᠥᠬᠥ᠌ ᠣᠷᠣᠨ᠎ᠤ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠎ᠶᠢ 6000 ᠲᠦᠮᠡᠨ ᠺᠢᠯᠦᠸᠠᠲᠲᠤ᠌ ᠬᠦᠷᠭᠡᠬᠦ᠌ ᠪᠡᠷᠬᠦᠴᠦᠯᠡᠵᠦ ᠪᠤᠢ》 ᠬᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠬᠠᠷᠢᠭᠤᠴᠠᠯᠭᠠᠳᠠᠨ ᠬᠡᠯᠡᠪᠡ᠃
ᠦᠪᠦᠷ ᠮᠤᠩᠭᠤᠯ ᠦᠪᠡᠷᠮᠢᠴᠠ ᠤᠨᠴᠠᠯᠢᠭ ᠪᠦᠬᠦᠢ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠤᠨ ᠡᠬᠢ ᠪᠠᠶᠠᠯᠢᠭ ᠲᠠᠢ᠂ ᠦᠷᠭᠡᠨ ᠠᠭᠤᠳᠠᠮ ᠭᠠᠵᠠᠷ ᠰᠢᠷᠦᠢ᠎ᠶᠢᠨ ᠤᠷᠤᠨ ᠵᠠᠢ ᠪᠠ ᠪᠦᠷᠢᠨ ᠳᠡᠬᠦᠯᠳᠡᠷ ᠠᠵᠦ ᠦᠢᠯᠡᠰ᠎ᠤᠨ ᠰᠠᠭᠤᠷᠢ ᠲᠠᠢ ᠪᠠᠢᠵᠦ᠂ ᠰᠠᠯᠬᠢᠨ ᠬᠦᠴᠦᠨ᠎ᠤ ᠴᠠᠬᠢᠯᠭᠠᠨ᠂ ᠬᠡᠷᠡᠯᠴᠢ ᠴᠡᠨᠡᠭ᠂ ᠤᠰᠤᠲᠦ᠋ᠷᠥᠭᠴᠢ ᠡᠨ᠋ᠸᠷᠬᠢ᠂ ᠨᠦᠭᠡᠴᠡ ᠡᠨᠧᠷᠬᠢ᠎ᠶᠢᠨ ᠠᠵᠦ ᠦᠢᠯᠡᠰ᠎ᠢ ᠬᠦᠭᠵᠢᠬᠦᠯᠬᠦ ᠬᠡᠬᠡᠨ ᠰᠠᠷᠠᠭᠤᠯ ᠢᠷᠡᠭᠡᠳᠦᠢ ᠲᠠᠢ ᠶᠤᠮ᠃ 2026 ᠣᠨ᠎ᠳᠤ᠂ ᠥᠪᠥᠷ ᠮᠣᠩᠭᠣᠯ ᠪᠦᠬᠦ᠌ ᠤᠯᠤᠰ᠎ᠤᠨ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ᠌ ᠴᠢᠬᠤᠯᠠ ᠰᠠᠭᠤᠷᠢᠨ ᠢ᠋ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠶ᠋ᠢᠭᠤᠯᠵᠤ᠂ ᠰᠢᠨ᠎ᠡ ᠡᠨᠧᠷᠭᠢ᠎ᠶᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢᠨ ᠬᠠᠮᠵᠢᠯᠴᠠᠨ ᠬᠥᠭᠵᠢᠬᠦ᠌᠎ᠶᠢ ᠳᠡᠮᠵᠢᠵᠦ᠍᠂ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ᠌ ᠪᠠ ᠤᠰᠤᠲᠦ᠋ᠷᠥᠭᠴᠢ ᠡᠨᠧᠷᠭᠢᠦᠢᠯᠡᠳᠬᠦ᠌ ᠦᠢᠯᠡᠰ᠎ᠦᠨ ᠪᠦᠯᠦᠭᠵᠢᠯ᠎ᠢ ᠬᠦᠭᠵᠢᠬᠦᠯᠦᠨ᠂ ᠦᠪᠦᠷ ᠮᠤᠩᠭᠤᠯ᠎ᠤᠨ ᠰᠢᠨ᠎ᠠ ᠡᠨᠧᠷᠬᠢ᠎ᠶᠢᠨ ᠠᠵᠦ ᠦᠢᠯᠡᠰ᠎ᠤᠨ ᠬᠦᠭᠵᠢᠯᠳᠡ᠎ᠶᠢᠨ ᠬᠠᠭᠤᠳᠠᠰᠦ᠎ᠵᠢ ᠴᠢᠷᠮᠠᠢᠨ ᠪᠢᠴᠢᠭᠯᠡᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃