ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-14 16:15:15

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠤᠡᠭᠰᠢᠯᠭ᠎ᠠ ᠵᠢᠨ ᠬᠦᠳᠤᠯᠤᠮᠵᠢ

ᠲᠠᠯᠠᠨ ᠬᠠᠷ᠎ᠠ ᠠᠭᠤᠯᠠ᠎ᠵᠢᠨ ᠤᠯᠤᠰ᠎ᠤᠨ ᠲᠠᠰ᠎ᠤᠨ ᠪᠠᠢᠭᠠᠯᠢ᠎ᠵᠢᠨ ᠬᠠᠮᠠᠭᠠᠯᠠᠯᠳᠠ᠎ᠵᠢᠨ ᠤᠷᠤᠨ ᠨᠢ ᠬᠠᠲᠤᠨ ᠭᠣᠣᠯ ᠤ᠋ᠨ ᠶᠡᠭᠡ ᠳᠤᠬᠤᠢ ᠵᠢᠨ ᠬᠠᠮᠤᠭ ᠤ᠋ᠨ ᠬᠣᠢᠲᠤ ᠬᠡᠰᠡᠭ ᠤ᠋ᠨ ᠴᠢᠬᠤᠯᠠ ᠤᠰᠤᠨ ᠰᠤᠷᠪᠤᠯᠵᠢ ᠵᠢᠨ ᠬᠠᠮᠠᠭᠠᠯᠠᠯᠲᠠ ᠵᠢᠨ ᠣᠷᠣᠨ ᠪᠠ ᠰᠠᠯᠬᠢ ᠵᠢ ᠰᠡᠷᠭᠡᠢᠯᠡᠵᠦ ᠡᠯᠡᠰᠦ ᠵᠢ ᠲᠣᠭᠲᠠᠪᠤᠷᠢᠵᠢᠭᠤᠯᠬᠤ ᠪᠦᠰᠡ ᠪᠤᠯᠬᠤ ᠪᠦᠭᠡᠳ ᠮᠠᠨ ᠤ᠋ ᠤᠯᠤᠰ ᠤ᠋ᠨ ᠤᠮᠠᠷᠠᠲᠤ ᠵᠢᠨ ᠬᠠᠮᠤᠭ ᠤ᠋ᠨ ᠶᠡᠭᠡ᠂ ᠪᠦᠬᠦ ᠤᠯᠤᠰ ᠤ᠋ᠨ ᠵᠢᠷᠭᠤᠳᠡᠬᠢ ᠲᠣᠮᠣ ᠬᠡᠯᠪᠡᠷᠢ ᠵᠢᠨ ᠣᠢ ᠰᠢᠭᠤᠢ ᠵᠢᠨ ᠠᠮᠢ ᠠᠬᠤᠢ ᠵᠢᠨ ᠰᠢᠰᠲ᠋ᠧᠮ ᠤ᠋ᠨ ᠲᠥᠷᠥᠯ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠪᠤᠯᠬᠤ ᠶᠤᠮ᠃


ᠠᠯᠳᠠᠨ ᠨᠠᠮᠤᠷ᠎ᠤᠨ ᠤᠯᠠᠷᠢᠯ᠎ᠳᠤ᠂ ᠲᠠᠯᠠᠨ ᠬᠠᠷ᠎ᠠ ᠠᠭᠤᠯᠠ᠎ᠵᠢᠨ ᠤᠯᠤᠰ᠎ᠤᠨ ᠲᠠᠰ᠎ᠤᠨ ᠪᠠᠢᠭᠠᠯᠢ᠎ᠵᠢᠨ ᠬᠠᠮᠠᠭᠠᠯᠠᠯᠳᠠ᠎ᠵᠢᠨ ᠤᠷᠤᠨ᠎ᠳᠤ ᠰᠤᠯᠤᠡᠭᠭᠠᠨ ᠦᠡᠭᠭᠡ ᠲᠠᠳᠠᠵᠤ᠂ ᠤᠢ ᠮᠤᠳᠤ ᠢᠬᠴᠤᠷᠠᠨ ᠭᠤᠤᠯ ᠭᠤᠷᠤᠬ᠎ᠠ ᠭᠤᠷᠴᠢᠬᠢᠨᠠᠵᠤ᠂ ᠠᠮᠢᠳᠠᠨ ᠠᠷᠢᠶᠠᠳᠠᠨ ᠡᠷᠭᠡᠯᠡᠨ ᠲᠤᠭᠯᠠᠵᠤ᠂ ᠭᠠᠡᠭᠭᠠᠡᠭ ᠪᠠᠢᠭᠠᠯᠢ᠎ᠵᠢᠨ ᠬᠤᠤᠰ ᠦᠭᠡᠢ ᠭᠠᠢᠬᠠᠮᠰᠢᠬᠳᠤ ᠦᠵᠡᠮᠵᠢ᠎ᠵᠢ ᠪᠦᠷᠢᠯᠳᠤᠬᠦᠯᠤᠨ᠎ᠠ᠃

ᠲᠠᠯᠠᠨ ᠬᠠᠷ᠎ᠠ ᠠᠭᠤᠯᠠ᠎ᠵᠢᠨ ᠤᠯᠤᠰ᠎ᠤᠨ ᠲᠠᠰ᠎ᠤᠨ ᠪᠠᠢᠭᠠᠯᠢ᠎ᠵᠢᠨ ᠬᠠᠮᠠᠭᠠᠯᠠᠯᠳᠠ᠎ᠵᠢᠨ ᠤᠷᠤᠨ ᠨᠢ ᠮᠤᠨᠢ ᠠᠭᠤᠯᠠ ᠨᠢᠷᠤᠭᠤ᠎ᠵᠢᠨ ᠲᠤᠮᠳᠠ ᠭᠡᠰᠡᠭ ᠲᠦ᠍ ᠪᠠᠢᠷᠢᠯᠠᠵᠤ᠂ ᠬᠦᠬᠡᠬᠤᠳᠠ᠂ ᠪᠤᠭᠤᠳᠤ᠂ ᠤᠯᠠᠭᠠᠨᠴᠠᠪ ᠭᠤᠷᠪᠠᠨ ᠬᠤᠳᠠ᠎ᠵᠢᠨ 11 ᠬᠤᠰᠢᠭᠤ ᠰᠢᠶᠠᠨ (ᠲᠤᠭᠤᠷᠢᠭ) ᠢ᠋ ᠰᠤᠨᠳᠠᠯᠠᠵᠤ ᠪᠤᠢ᠃ ᠤᠢ ᠰᠢᠭᠤᠢ᠂ ᠲᠠᠯ᠎ᠠ ᠨᠤᠳᠤᠭ᠎ᠤᠨ ᠬᠠᠮᠤᠭ ᠪᠦᠷᠢᠨ ᠪᠦᠳᠤᠨ ᠦᠵᠡᠮᠵᠢ᠂ ᠬᠠᠮᠤᠭ᠎ᠤᠨ ᠪᠠᠢᠭᠠᠯᠢᠯᠢᠭ ᠭᠡᠰᠡᠭ᠎ᠢ ᠲᠦᠪᠯᠡᠷᠡᠬᠦᠯᠵᠤ᠂ ᠠᠮᠢᠳᠤ ᠪᠤᠳᠠᠰ᠎ᠤᠨ ᠤᠯᠠᠨ ᠶᠠᠡᠭᠵᠤᠳᠤ ᠴᠢᠨᠠᠷ ᠡᠯᠪᠡᠭ ᠪᠠᠶᠠᠯᠢᠭ ᠪᠠᠢᠵᠤ᠂ ᠬᠠᠲᠤᠨ ᠭᠣᠣᠯ ᠤ᠋ᠨ ᠶᠡᠭᠡ ᠳᠤᠬᠤᠢ ᠵᠢᠨ ᠬᠠᠮᠤᠭ ᠤ᠋ᠨ ᠬᠣᠢᠲᠤ ᠬᠡᠰᠡᠭ ᠤ᠋ᠨ ᠴᠢᠬᠤᠯᠠ ᠤᠰᠤᠨ ᠰᠤᠷᠪᠤᠯᠵᠢ ᠵᠢᠨ ᠬᠠᠮᠠᠭᠠᠯᠠᠯᠲᠠ ᠵᠢᠨ ᠣᠷᠣᠨ ᠪᠠ ᠰᠠᠯᠬᠢ ᠵᠢ ᠰᠡᠷᠭᠡᠢᠯᠡᠵᠦ ᠡᠯᠡᠰᠦ ᠵᠢ ᠲᠣᠭᠲᠠᠪᠤᠷᠢᠵᠢᠭᠤᠯᠬᠤ ᠪᠦᠰᠡ ᠪᠤᠯᠬᠤ ᠪᠦᠭᠡᠳ ᠮᠠᠨ ᠤ᠋ ᠤᠯᠤᠰ ᠤ᠋ᠨ ᠤᠮᠠᠷᠠᠲᠤ ᠵᠢᠨ ᠬᠠᠮᠤᠭ ᠤ᠋ᠨ ᠶᠡᠭᠡ᠂ ᠪᠦᠬᠦ ᠤᠯᠤᠰ ᠤ᠋ᠨ ᠵᠢᠷᠭᠤᠳᠡᠬᠢ ᠲᠣᠮᠣ ᠬᠡᠯᠪᠡᠷᠢ ᠵᠢᠨ ᠣᠢ ᠰᠢᠭᠤᠢ ᠵᠢᠨ ᠠᠮᠢ ᠠᠬᠤᠢ ᠵᠢᠨ ᠰᠢᠰᠲ᠋ᠧᠮ ᠤ᠋ᠨ ᠲᠥᠷᠥᠯ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠪᠣᠯᠬᠤ ᠶᠤᠮ᠃




ᠣᠢᠷ᠎ᠠ ᠵᠢᠨ ᠵᠢᠯ ᠡᠴᠡ ᠨᠡᠭᠠᠰᠢ᠂ ᠥᠪᠥᠷ ᠮᠣᠩᠭᠣᠯ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠪᠡᠷ ᠬᠥᠭᠵᠢᠭᠦᠯᠬᠦ ᠵᠢ ᠢᠮᠠᠭᠲᠠ ᠪᠠᠷᠢᠮᠲᠠᠯᠠᠵᠤ᠂ ᠬᠠᠤᠯᠢ ᠲᠣᠭᠲᠠᠭᠠᠬᠤ ᠵᠢ ᠤᠷᠢᠳ ᠵᠢᠡᠷ ᠬᠡᠷᠡᠭᠵᠢᠭᠦᠯᠵᠤ᠂ ᠢᠨᠵᠧᠨᠧᠷᠢᠩ ᠤ᠋ᠨ ᠵᠠᠰᠠᠨ ᠰᠡᠷᠭᠦᠭᠡᠯᠳᠡ ᠬᠢᠭᠡᠳ ᠨᠡᠢᠭᠡᠮ ᠲᠣᠭᠣᠷᠢᠭ ᠤ᠋ᠨ ᠬᠡᠯᠪᠡᠷᠢ ᠪᠠᠨ ᠬᠤᠪᠢᠷᠠᠭᠤᠯᠬᠤ ᠣᠯᠠᠨ ᠳᠠᠯ᠎ᠠ ᠵᠢᠨ ᠬᠠᠮᠢᠶᠠᠷᠤᠯᠳᠠ ᠪᠡᠷ ᠳᠠᠮᠵᠢᠨ 《ᠬᠠᠮᠠᠭᠠᠯᠠᠬᠤ᠂ ᠲᠤᠯᠭᠠᠭᠤᠷᠢᠯᠠᠬᠤ᠂ ᠬᠥᠭᠵᠢᠭᠦᠯᠬᠦ》 ᠭᠤᠷᠪᠠᠨ ᠶᠡᠬᠡ ᠴᠢᠳᠠᠮᠵᠢ ᠵᠢ ᠪᠡᠶᠡᠯᠡᠭᠦᠯᠵᠡᠢ᠃ ᠲᠠᠷᠤᠢ ᠬᠠᠮᠠᠭᠠᠯᠠᠯᠲᠠ ᠵᠢᠨ ᠣᠷᠣᠨ ᠳ᠋ᠠᠬᠢ 276 ᠠᠭᠤᠷᠬᠠᠢ ᠵᠢᠨ ᠠᠵᠤ ᠠᠬᠤᠢᠯᠠᠯ ᠢ᠋ ᠪᠦᠬᠦᠨ ᠢ᠋ ᠴᠡᠪᠡᠷᠯᠡᠵᠤ᠂ ᠤᠮᠠᠷᠠᠲᠤ ᠵᠢᠨ ᠭᠤᠷᠪᠠᠨ ᠤᠷᠤᠨ ᠤ᠋ ᠬᠠᠯᠬᠠᠪᠴᠢ ᠣᠢ᠂ ᠪᠠᠢᠭᠠᠯᠢᠯᠢᠭ ᠣᠢ ᠵᠢ ᠬᠠᠮᠠᠭᠠᠯᠠᠬᠤ ᠵᠡᠷᠭᠡ ᠢᠨᠵᠧᠨᠧᠷᠢᠩ ᠢ᠋ ᠰᠢᠰᠲ᠋ᠸᠮ ᠲᠡᠢ ᠪᠡᠷ ᠬᠡᠷᠡᠭᠵᠢᠭᠦᠯᠪᠡ; ᠭᠠᠯ ᠲᠦᠢᠮᠡᠷ ᠰᠡᠷᠭᠡᠢᠯᠡᠬᠦ᠂ ᠪᠡᠯᠴᠢᠭᠡᠷᠯᠡᠭᠦᠯᠬᠦ ᠵᠢ ᠴᠠᠭᠠᠵᠠᠯᠠᠬᠤ ᠠᠵᠢᠯ ᠢ᠋ ᠭᠤᠤᠯᠳᠠᠯᠭ᠎ᠠ ᠲᠠᠢ ᠠᠳᠬᠤᠵᠤ᠂ 《 ᠵᠠᠭᠤᠨ ᠡᠳᠦᠷ ᠤ᠋ᠨ ᠪᠤᠭᠤᠮᠳᠠ ᠰᠢᠪᠲᠤᠯᠤᠯᠳᠠ 》 ᠴᠡᠭᠴᠡᠯᠡᠨ ᠵᠠᠰᠠᠬᠤ  ᠲᠤᠰᠬᠠᠢ ᠠᠵᠢᠯᠯᠠᠭ᠎ᠠ ᠵᠢ ᠬᠣᠶᠠᠷ ᠵᠢᠯ ᠳᠠᠷᠠᠭᠠᠯᠠᠨ ᠥᠷᠨᠢᠭᠦᠯᠵᠦ᠂ ᠬᠠᠮᠠᠭᠠᠯᠠᠯᠲᠠ ᠵᠢᠨ ᠣᠷᠣᠨ ᠳ᠋ᠤ᠌ ᠣᠨᠴᠠ ᠶᠡᠬᠡ ᠣᠢ ᠰᠢᠭᠤᠢ ᠪᠠ ᠨᠤᠲᠤᠭ ᠪᠡᠯᠴᠢᠭᠡᠷ ᠤ᠋ᠨ ᠭᠠᠯ ᠲᠦᠢᠮᠡᠷ ᠤ᠋ᠨ ᠠᠶᠤᠯ ᠭᠠᠷᠤᠭᠰᠠᠨ ᠥᠬᠡᠢ᠂ ᠬᠠᠤᠯᠢ ᠲᠣᠭᠲᠠᠭᠠᠯ ᠡᠴᠡ ᠵᠥᠷᠢᠴᠡᠨ ᠪᠡᠯᠴᠢᠭᠡᠷᠯᠡᠬᠦᠯᠬᠦ ᠮᠠᠯ ᠤᠨᠤᠭ᠎ᠠ ᠵᠢᠨ ᠲᠣᠭ᠎ᠠ ᠬᠡᠮᠵᠢᠶ᠎ᠡ ᠵᠢ ᠪᠦᠲᠦᠮᠵᠢᠲᠡᠢ ᠪᠡᠷ ᠪᠠᠭᠠᠰᠬᠠᠪᠠ; ᠰᠢᠨᠵᠢᠯᠡᠬᠦ ᠤᠬᠠᠭᠠᠨ ᠤ᠋ ᠰᠤᠳᠤᠯᠤᠯ ᠤ᠋ᠨ ᠬᠢᠨᠠᠨ ᠬᠡᠮᠵᠢᠯᠳᠠ ᠪᠠ ᠪᠠᠢᠭᠠᠯᠢ ᠵᠢᠨ ᠰᠤᠷᠭᠠᠨ ᠬᠥᠮᠦᠵᠢᠯ ᠢ᠋ ᠭᠦᠨᠵᠡᠭᠡᠢ ᠥᠷᠨᠢᠭᠦᠯᠵᠦ᠂ 《ᠰᠠᠨᠰᠠᠷ ᠣᠭᠲᠠᠷᠭᠤᠢ ᠭᠠᠵᠠᠷ》 ᠢ᠋ ᠨᠢᠭᠡ ᠴᠣᠭᠴᠠᠵᠢᠭᠤᠯᠤᠨ ᠬᠢᠨᠠᠨ ᠬᠡᠮᠵᠢᠬᠦ ᠲᠣᠣᠷ ᠢ᠋ ᠪᠠᠢᠭᠤᠯᠬᠤ ᠵᠢᠨ ᠬᠠᠮᠳᠤ ᠠᠮᠢ ᠠᠬᠤᠢ ᠵᠢᠨ ᠵᠢᠭᠤᠯᠴᠢᠯᠠᠯ ᠢ᠋ ᠵᠢᠷᠤᠮᠵᠢᠭᠤᠯᠤᠨ ᠬᠥᠭᠵᠢᠭᠦᠯᠵᠦ᠂ ᠬᠠᠮᠠᠭᠠᠯᠠᠯᠲᠠ ᠵᠢᠨ ᠣᠷᠣᠨ ᠢ᠋ 《ᠰᠠᠨᠠᠭᠠᠴᠢᠯᠠᠭᠠᠲᠤ ᠪᠤᠰᠤ ᠬᠠᠮᠠᠭᠠᠯᠠᠯᠲᠠ》 ᠡᠴᠡ 《ᠰᠠᠨᠠᠭᠠᠴᠢᠯᠠᠭ᠎ᠠ ᠡᠴᠡ ᠪᠠᠨ ᠬᠥᠭᠵᠢᠭᠦᠯᠬᠦ》᠂ 《ᠣᠷᠣᠨ ᠪᠦᠰᠡ ᠵᠢᠨ ᠵᠠᠰᠠᠯᠲᠠ》 ᠡᠴᠡ 《ᠪᠦᠬᠦ ᠪᠥᠮᠪᠥᠷᠴᠡᠭ ᠤ᠋ᠨ ᠬᠠᠮᠵᠢᠯᠴᠠᠭ᠎ᠠ》 ᠂ 《ᠠᠮᠢ ᠠᠬᠤᠢ ᠵᠢᠨ ᠬᠠᠯᠬᠠᠪᠴᠢ》 ᠡᠴᠡ 《ᠪᠣᠬᠢᠷᠲᠤᠯ ᠥᠬᠡᠢ ᠬᠥᠭᠵᠢᠯᠲᠡ ᠵᠢᠨ ᠬᠥᠳᠡᠯᠭᠡᠭᠦᠷ》 ᠳᠠᠢᠰᠢ ᠭᠦᠨᠵᠡᠭᠡᠢ ᠬᠤᠪᠢᠷᠠᠭᠤᠯᠬᠤ ᠵᠢ ᠠᠬᠢᠭᠤᠯᠵᠠᠢ᠃

ᠠᠮᠢ ᠠᠬᠤᠢ ᠵᠢᠨ ᠬᠠᠮᠢᠶᠠᠷᠤᠯᠳᠠ ᠬᠠᠮᠠᠭᠠᠯᠠᠯᠲᠠ ᠵᠢᠨ ᠠᠵᠢᠯ ᠦᠷᠨᠢᠭᠦᠯᠬᠦ ᠡᠴᠡ ᠠᠮᠢ ᠠᠬᠤᠢ ᠵᠢ ᠬᠠᠮᠠᠭᠠᠯᠠᠬᠤ ᠬᠠᠤᠯᠢ ᠲᠣᠭᠲᠠᠭᠠᠨ ᠬᠡᠷᠡᠭᠵᠢᠭᠦᠯᠬᠦ ᠬᠦᠷᠲᠡᠯ᠎ᠡ ᠡᠨᠡ ᠬᠦ᠌ 《ᠠᠮᠢᠳᠤ ᠪᠤᠳᠠᠰ ᠤ᠋ᠨ ᠲᠣᠮᠣ ᠡᠷᠳᠡᠨᠢ ᠵᠢᠨ ᠰᠠᠩ》 ᠢ᠋ ᠬᠠᠮᠠᠭᠠᠯᠠᠬᠤ ᠬᠠᠤᠯᠢᠵᠢᠯ ᠤ᠋ᠨ ᠳᠤᠤᠷ ᠢ᠋ ᠨᠠᠡᠭ ᠨᠢᠭᠲᠠ ᠰᠦᠯᠵᠢᠵᠤ ᠪᠠᠢᠯ᠎ᠠ᠃

2026 ᠤᠨ᠎ᠤ 8 ᠰᠠᠷ᠎ᠠ ᠵᠢᠨ 10 ᠤ᠋ ᠡᠳᠦᠷ᠂ ᠮᠠᠨ᠎ᠤ ᠤᠷᠤᠨ 《ᠥᠪᠥᠷ ᠮᠣᠩᠭᠣᠯ ᠤ᠋ᠨ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠵᠠᠷᠯᠢᠭ》 (ᠲᠤᠤᠷ᠎ᠠ 《ᠬᠠᠮᠠᠭᠠᠯᠠᠯᠳᠠ᠎ᠵᠢᠨ ᠵᠠᠷᠯᠢᠭ》 ᠭᠡᠵᠤ ᠲᠦᠬᠦᠮᠴᠢᠯᠡᠨ᠎ᠠ) ᠢ᠋ ᠨᠡᠢᠲᠡᠯᠡᠨ᠂ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠢᠶᠠᠷᠴᠦ ᠬᠠᠮᠠᠭᠠᠯᠠᠬᠤ᠂ ᠤᠷᠭᠤᠮᠠᠯ ᠤ᠋ᠨ ᠬᠤᠴᠢᠯᠭ᠎ᠠ ᠵᠢ ᠰᠡᠷᠭᠦᠭᠡᠭᠦ᠂ ᠣᠷᠣᠨ ᠬᠤᠪᠢᠶᠠᠨ ᠬᠠᠮᠢᠶᠠᠷᠤᠨ ᠡᠵᠡᠮᠳᠡᠬᠦ᠂ ᠪᠣᠬᠢᠷᠲᠤᠯ ᠢ᠋ ᠰᠡᠷᠭᠡᠢᠯᠡᠨ ᠵᠠᠰᠠᠬᠤ ᠳᠥᠷᠪᠡᠨ ᠶᠡᠬᠡ ᠭᠣᠣᠯᠳᠠᠯᠭ᠎ᠠ ᠲᠠᠢ ᠬᠦᠷᠢᠶ᠎ᠡ ᠴᠠᠷᠠᠭᠠᠨ ᠳ᠋ᠦ᠍ ᠬᠠᠨᠳᠤᠭᠤᠯᠤᠨ ᠴᠢᠩᠭ᠎ᠠ ᠬᠡᠷᠡᠭᠵᠢᠭᠦᠯᠵᠤ᠂ ᠤᠯᠠᠨ ᠨᠡᠢᠳᠡ ᠵᠢᠨ ᠦᠢᠯᠡ ᠠᠵᠢᠯᠯᠠᠭ᠎ᠠ ᠵᠢᠨ ᠤᠯᠠᠭᠠᠨ ᠱᠤᠭᠤᠮ ᠢ᠋ ᠲᠣᠳᠣᠷᠬᠠᠢ ᠵᠠᠭᠠᠭᠯᠠᠨ ᠲᠣᠭᠲᠠᠭᠠᠵᠤ᠂ ᠬᠠᠤᠯᠢ ᠴᠠᠭᠠᠵᠠ ᠵᠢᠨ ᠬᠦᠴᠦᠨ ᠵᠢᠡᠷ ᠳᠠᠯᠠᠨ ᠬᠠᠷ᠎ᠠ ᠠᠭᠤᠯᠠ ᠵᠢᠨ ᠣᠷᠣᠨ ᠪᠦᠰᠡ ᠵᠢᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠵᠤ ᠡᠬᠢᠯᠡᠪᠠ᠃ ᠲᠠᠷᠠᠴᠢᠯᠡᠨ 2026 ᠤᠨ᠎ᠤ 8 ᠰᠠᠷ᠎ᠠ ᠵᠢᠨ 15 ᠤ᠋ ᠡᠳᠦᠷ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠤᠯᠢ ᠵᠢᠨ ᠪᠢᠴᠢᠭ》 (ᠲᠤᠤᠷ᠎ᠠ《ᠬᠠᠤᠯᠢ᠎ᠵᠢᠨ ᠪᠢᠴᠢᠭ》 ᠭᠡᠵᠤ ᠲᠦᠬᠦᠮᠴᠢᠯᠡᠨ᠎ᠠ) ᠢ᠋ ᠵᠢᠩᠬᠢᠨᠢ ᠪᠡᠷ ᠬᠡᠷᠡᠭᠵᠢᠭᠦᠯᠪᠠ᠃ ᠡᠢᠨ ᠬᠦ᠌᠂ 《ᠬᠠᠮᠠᠭᠠᠯᠠᠯᠳᠠ᠎ᠵᠢᠨ ᠵᠠᠷᠯᠢᠭ》᠂ 《ᠬᠠᠤᠯᠢ᠎ᠵᠢᠨ ᠪᠢᠴᠢᠭ》 ᠨᠢ ᠬᠠᠳᠠᠭᠤ ᠴᠢᠡᠭᠭ᠎ᠠ ᠬᠠᠤᠯᠢ ᠴᠠᠭᠠᠵᠠ ᠪᠠᠷ ᠠᠮᠢ ᠠᠬᠤᠢ᠎ᠵᠢᠨ ᠬᠤᠷᠢᠭ᠎ᠠ ᠱᠤᠭᠤᠮ᠎ᠢ ᠲᠤᠭᠳᠠᠭᠠᠵᠤ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠠᠮᠢ ᠠᠬᠤᠢ ᠵᠢᠨ ᠬᠠᠮᠠᠭᠠᠯᠠᠯᠲᠠ ᠳ᠋ᠤ᠌ 《 ᠬᠠᠤᠯᠢ᠎ᠵᠢᠨ ᠬᠠᠮᠠᠭᠠᠯᠠᠯᠳᠠ᠎ᠵᠢᠨ ᠭᠡᠷᠡᠰᠭᠡ》 ᠎ᠵᠢ ᠪᠤᠰᠬᠠᠵᠤ ᠦᠭᠪᠠ᠃

ᠡᠬᠦᠨ᠎ᠵᠢᠡᠷ ᠪᠠᠷᠠᠬᠤ ᠦᠭᠡᠢ ᠲᠠᠯᠠᠨ ᠬᠠᠷ᠎ᠠ ᠠᠭᠤᠯᠠ᠎ᠵᠢᠨ ᠤᠯᠤᠰ᠎ᠤᠨ ᠲᠠᠰ᠎ᠤᠨ ᠪᠠᠢᠭᠠᠯᠢ᠎ᠵᠢᠨ ᠬᠠᠮᠠᠭᠠᠯᠠᠯᠳᠠ᠎ᠵᠢᠨ ᠤᠷᠤᠨ᠎ᠤ  ᠪᠦᠬᠦ ᠤᠯᠤᠰ᠎ᠤᠨ ᠭᠤᠴᠢᠨ ᠲᠠᠪᠤᠳᠠᠬᠢ᠂ ᠦᠪᠡᠷᠳᠡᠭᠡᠨ ᠵᠠᠰᠠᠬᠤ ᠤᠷᠤᠨ᠎ᠤ ᠲᠠᠪᠤᠳᠠᠬᠢ ᠲᠠᠯᠠᠭᠡᠢ᠎ᠵᠢᠨ ᠠᠮᠢᠳᠤ ᠪᠤᠳᠠᠰ᠎ᠤᠨ ᠮᠠᠨᠳᠠᠯ᠎ᠤᠨ ᠬᠠᠮᠠᠭᠠᠯᠠᠯᠳᠠ᠎ᠵᠢᠨ ᠤᠷᠤᠨ᠎ᠤ ᠰᠦᠯᠵᠢᠶ᠎ᠠ᠎ᠵᠢᠨ ᠪᠦᠷᠢᠯᠳᠤᠬᠦᠨ᠎ᠵᠢᠡᠷ ᠲᠤᠳᠤᠷᠠᠭᠰᠠᠨ ᠶᠠᠪᠤᠳᠠᠯ ᠨᠢ ᠲᠠᠬᠦᠨ᠎ᠤ ᠴᠢᠬᠤᠯᠠ ᠠᠮᠢ ᠠᠬᠤᠢ᠎ᠵᠢᠨ ᠪᠠᠢᠷᠢ ᠰᠠᠭᠤᠷᠢ ᠵᠢᠴᠢ ᠤᠷᠳᠤ ᠬᠤᠭᠤᠴᠠᠭᠠᠨ᠎ᠤ ᠬᠠᠮᠠᠭᠠᠯᠠᠯᠳᠠ᠎ᠵᠢᠨ ᠦᠷ᠎ᠠ ᠪᠦᠳᠤᠮᠵᠢ᠎ᠵᠢ ᠲᠠᠯᠠᠭᠡᠢ᠎ᠵᠢᠨ ᠡᠷᠭᠡ ᠰᠦᠷᠳᠤ ᠪᠠᠢᠭᠤᠯᠤᠮᠵᠢ ᠡᠴᠡ ᠵᠦᠪᠰᠢᠶᠡᠷᠡᠭᠰᠡᠨ᠎ᠢ ᠬᠠᠷᠠᠭᠤᠯᠬᠤ᠎ᠵᠢᠨ ᠬᠠᠮᠳᠤ᠂ ᠤᠷᠤᠨ ᠪᠦᠰᠡ᠎ᠵᠢᠨ ᠠᠮᠢ ᠠᠬᠤᠢ᠎ᠵᠢᠨ ᠬᠠᠮᠠᠭᠠᠯᠠᠯᠳᠠ᠂ ᠰᠢᠨᠵᠢᠯᠡᠬᠦ ᠤᠬᠠᠭᠠᠨᠴᠢ ᠰᠤᠳᠤᠯᠭᠠᠨ ᠵᠢᠴᠢ ᠦᠷᠬᠦᠯᠵᠢᠯᠡᠬᠦ ᠬᠦᠭᠵᠢᠯᠳᠠ᠎ᠳᠤ ᠨᠠᠡᠭ ᠦᠷᠭᠡᠨ ᠬᠦᠷᠢᠶ᠎ᠠ ᠴᠠᠷᠠᠭ᠎ᠠ᠎ᠵᠢᠨ ᠬᠠᠮᠳᠤᠷᠠᠯᠴᠠᠭᠠᠨ᠎ᠤ ᠤᠷᠤᠨ ᠵᠠᠢ ᠬᠠᠡᠭᠭᠠᠪᠠ᠃

ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠳᠠ ᠵᠢᠨ ᠤᠷᠤᠨ ᠨᠢ ᠭᠡᠭᠡᠷ᠎ᠠ᠎ᠵᠢᠨ ᠠᠮᠢᠳᠤ ᠪᠤᠳᠠᠰ᠎ᠤᠨ ᠲᠦᠷᠰᠤ᠎ᠵᠢᠨ ᠡᠬᠢ ᠪᠠᠶᠠᠯᠢᠭ᠎ᠤᠨ ᠭᠸᠨ᠎ᠤ ᠬᠦᠮᠦᠷᠭᠡ ᠪᠠᠢᠵᠤ᠂ ᠡᠨᠳᠠ ᠨᠢᠭᠡᠨᠳᠠ 1249 ᠵᠦᠢᠯ ᠤ᠋ᠨ ᠳᠡᠭᠡᠳᠦ ᠵᠡᠷᠭᠡ ᠵᠢᠨ ᠤᠷᠭᠤᠮᠠᠯ᠂ 303 ᠵᠦᠢᠯ ᠤ᠋ᠨ ᠰᠡᠭᠡᠷᠲᠡᠨ ᠠᠮᠢᠲᠠᠨ᠂ 1804 ᠵᠦᠢᠯ ᠤ᠋ᠨ ᠦᠶᠡᠲᠦ ᠬᠥᠯᠲᠡᠨ ᠤᠷᠤᠩᠨᠠᠨ ᠠᠮᠢᠳᠤᠷᠠᠵᠤ ᠪᠤᠢ᠃ ᠡᠭᠦᠨ ᠳ᠋ᠦ᠍᠂ ᠮᠣᠩᠭᠣᠯ ᠶᠦᠷᠬᠦᠭ᠂ ᠳᠤᠯᠪᠤᠳᠤ ᠴᠠᠬᠢᠷᠮ᠎ᠠ ᠴᠡᠴᠡᠭ ᠵᠡᠷᠭᠡ ᠤᠯᠤᠰ ᠤ᠋ᠨ ᠭᠤᠤᠯᠳᠠᠯᠭ᠎ᠠ ᠲᠠᠢ ᠬᠠᠮᠠᠭᠠᠯᠠᠬᠤ ᠤᠷᠭᠤᠮᠠᠯ 11 ᠵᠦᠢᠯ ᠪᠠᠢᠵᠤ᠂ ᠱᠤᠤ ᠪᠤᠭᠤ᠂ ᠱᠣᠩᠬᠣᠷ ᠵᠡᠷᠭᠡ ᠤᠯᠤᠰ ᠤ᠋ᠨ ᠭᠤᠤᠯᠳᠠᠯᠭ᠎ᠠ ᠲᠠᠢ ᠬᠠᠮᠠᠭᠠᠯᠠᠬᠤ ᠠᠮᠢᠲᠠᠨ 62 ᠵᠦᠢᠯ ᠪᠠᠢᠨ᠎ᠠ᠃

ᠤᠳᠤ ᠲᠠᠯᠠᠨ ᠬᠠᠷ᠎ᠠ ᠠᠭᠤᠯᠠ᠎ᠵᠢᠨ ᠤᠯᠤᠰ᠎ᠤᠨ ᠲᠠᠰ᠎ᠤᠨ ᠪᠠᠢᠭᠠᠯᠢ᠎ᠵᠢᠨ ᠬᠠᠮᠠᠭᠠᠯᠠᠯᠳᠠ᠎ᠵᠢᠨ ᠤᠷᠤᠨ ᠨᠢ 《ᠨᠤᠮᠢᠨ ᠤᠰᠤ ᠬᠦᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠦᠨ 》 ᠭᠡᠬᠦ ᠣᠢᠯᠠᠭᠠᠭᠳᠠᠬᠤᠨ ᠤ᠋ ᠠᠮᠢᠳᠤᠯᠢᠭ ᠪᠤᠳᠠᠳᠠᠢ ᠳᠠᠢᠯᠪᠤᠷᠢ ᠪᠤᠯᠵᠤ᠂ ᠬᠥᠮᠦᠨ ᠬᠢᠭᠡᠳ ᠪᠠᠢᠭᠠᠯᠢ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠴᠣ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面