ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-14 16:16:26

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠡᠨᠡ ᠵᠢᠯ ᠦᠪᠦᠷ ᠮᠤᠡᠭᠭᠤᠯ ᠤ᠋ᠨ ᠤᠰᠤᠨ ᠠᠰᠢᠭᠯᠠᠯᠲᠠ ᠢ᠋ᠢᠨ ᠰᠠᠯᠠᠭ᠎ᠠ ᠮᠦᠴᠢᠷ ᠳᠡᠭᠡᠳᠦ ᠬᠡᠮᠵᠢᠶᠡᠨ ᠤ᠋ ᠤᠯᠤᠰ ᠲᠥᠷᠥ ᠢ᠋ᠢᠨ ᠬᠠᠷᠢᠭᠤᠴᠠᠯᠭ᠎ᠠ ᠢ᠋ᠢ ᠡᠭᠦᠷᠭᠡᠯᠡᠵᠤ᠂ ᠤᠰᠤᠨ ᠠᠰᠢᠬᠯᠠᠯᠳᠠ ᠵᠢᠨ ᠴᠢᠬᠤᠯᠠ ᠶᠡᠬᠡ ᠢᠨᠵᠧᠨᠧᠷᠢᠩ ᠪᠠ ᠭᠣᠣᠯᠳᠠᠯᠭ᠎ᠠ ᠲᠠᠶ ᠠᠵᠢᠯ ᠡᠭᠦᠷᠭᠡ ᠵᠢ ᠪᠦᠬᠦ ᠬᠦᠴᠦᠨ ᠢ᠋ᠢᠡᠷ ᠢ᠋ᠢᠡᠨ ᠰᠠᠢᠲᠤᠷ ᠠᠬᠢᠭᠤᠯᠵᠤ ᠪᠤᠢ᠃

ᠡᠨᠡ ᠵᠢᠯ ᠦᠪᠦᠷ ᠮᠤᠡᠭᠭᠤᠯ ᠪᠠᠷᠠᠭᠤᠨ ᠯᠢᠶᠣᠤᠾᠧ ᠭᠤᠤᠯ ᠤ᠋ᠨ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠳ᠋ᠤ 100 ᠭᠠᠷᠤᠶ ᠨᠠᠮ ᠤ᠋ᠨ ᠭᠡᠰᠢᠭᠦᠨ ᠮᠡᠷᠭᠡᠵᠢᠯ ᠤ᠋ᠨ ᠭᠤᠤᠯᠯᠠᠭᠴᠢ ᠢ᠋ᠢ ᠲᠣᠮᠢᠯᠠᠨ ᠭᠤᠤᠯ ᠤ᠋ᠨ ᠭᠤᠯᠳᠤᠷᠢᠯ ᠢ᠋ ᠴᠠᠭᠳᠠᠨ ᠪᠠᠶ᠋ᠢᠴᠠᠭᠠᠬᠤ᠂ ᠪᠠᠴᠢᠮ ᠪᠠᠶ᠋ᠢᠳᠠᠯ ᠢ᠋ ᠠᠷᠭᠠᠴᠠᠭᠠᠵᠤ ᠬᠢᠨᠠᠨ ᠬᠡᠮᠵᠢᠬᠦ᠌ ᠵᠡᠷᠭᠡ ᠭᠤᠤᠯᠳᠠᠯᠭ᠎ᠠ ᠲᠠᠶ ᠡᠭᠦᠷᠭᠡ ᠢ᠋ᠢ ᠡᠭᠦᠷᠭᠡᠯᠡᠭᠦᠯᠵᠦ᠍᠂ ᠪᠠᠷᠠᠭᠤᠨ ᠯᠢᠶᠣᠤᠾᠧ ᠭᠤᠤᠯ ᠤ᠋ᠨ ᠭᠤᠤᠯ ᠤᠷᠤᠰᠬᠠᠯ ᠢ᠋ ᠨᠡᠪᠲᠡᠷᠡᠭᠦᠯᠬᠦ᠌᠎ᠳᠦ ᠬᠦᠴᠦᠨ ᠨᠡᠮᠡᠷᠢᠯᠡᠪᠡ; ᠭᠤᠤᠯ ᠦᠶᠡᠷ ᠤ᠋ᠨ ᠬᠤᠭᠤᠴᠠᠭᠠᠨ ᠳ᠋ᠤ ᠤᠰᠤᠨ ᠴᠥᠭᠥᠷᠥᠮ ᠢ᠋ ᠴᠠᠭᠳᠠᠨ ᠪᠠᠶ᠋ᠢᠴᠠᠭᠠᠬᠤ᠂ ᠬᠠᠰᠢᠯᠭ᠎ᠠ ᠳᠠᠯᠠᠩ ᠢ᠋ ᠪᠠᠶ᠋ᠢᠴᠠᠭᠠᠬᠤ᠂ ᠲᠦᠭᠰᠢᠭᠦᠷᠢ ᠢ᠋ᠢᠨ ᠴᠡᠭ ᠢ᠋ ᠠᠵᠢᠭᠯᠠᠨ ᠬᠡᠮᠵᠢᠬᠦ ᠵᠡᠷᠭᠡ ᠦᠶᠡᠷ ᠢ᠋ ᠰᠡᠷᠭᠡᠶ᠋ᠢᠯᠡᠵᠦ᠍ ᠭᠠᠩ ᠬᠠᠭᠰᠠᠷᠠᠭᠠᠨ ᠲᠠᠶ ᠲᠡᠮᠡᠴᠡᠬᠦ᠌ ᠠᠵᠢᠯ ᠢ᠋ ᠰᠠᠢᠲᠤᠷ ᠬᠢᠵᠤ᠂ ᠠᠷᠠᠳ ᠣᠯᠠᠨ ᠤ᠋ ᠠᠮᠢ ᠨᠠᠰᠤ ᠪᠣᠯᠤᠨ ᠡᠳ᠋ ᠬᠦᠷᠦᠡᠭᠭᠡ ᠢ᠋ᠢᠨ ᠠᠮᠤᠷ ᠲᠦᠪᠰᠢᠨ ᠢ᠋ ᠬᠦᠴᠦᠲᠡᠶ ᠪᠠᠲᠤᠯᠠᠪᠠ; ᠪᠥᠬᠥ᠌ ᠣᠷᠣᠨ ᠤ᠋ ᠲᠣᠭᠲᠠᠭᠠᠯ ᠡᠴᠡ ᠵᠥᠷᠢᠴᠡᠨ ᠤᠰᠤ ᠲᠠᠲᠠᠵᠤ ᠬᠡᠷᠡᠭᠯᠡᠬᠦ᠌ ᠲᠤᠰᠬᠠᠶ ᠠᠵᠢᠯᠯᠠᠭ᠎ᠠ ᠢ᠋ᠢ ᠥᠷᠨᠢᠭᠦᠯᠵᠦ᠍᠂ ᠲᠣᠭᠲᠠᠭᠠᠯ ᠡᠴᠡ ᠵᠥᠷᠢᠴᠡᠨ ᠤᠰᠤ ᠲᠠᠲᠠᠵᠤ ᠬᠡᠷᠡᠭᠯᠡᠭᠰᠡᠨ 1017 ᠠᠰᠠᠭᠤᠳᠠᠯ ᠢ᠋ ᠴᠡᠭᠴᠡᠯᠡᠨ ᠰᠠᠶ᠋ᠢᠵᠢᠷᠠᠭᠤᠯᠪᠠ; ᠴᠢᠬᠤᠯᠠ ᠶᠡᠬᠡ ᠲᠥᠷᠥᠯ ᠵᠦᠢᠯ ᠤ᠋ᠨ ᠬᠠᠮᠲᠤᠷᠠᠨ ᠬᠢᠨᠠᠨ ᠵᠥᠪᠰᠢᠶᠡᠷᠡᠬᠦ᠌ ᠲᠣᠭᠲᠠᠴᠠ ᠢ᠋ᠢ ᠭᠦᠢᠴᠡᠳ ᠪᠠᠳᠠᠷᠠᠭᠤᠯᠵᠤ᠂ ᠴᠢᠬᠤᠯᠠ ᠶᠡᠬᠡ ᠲᠥᠷᠥᠯ ᠵᠦᠢᠯ ᠤ᠋ᠨ ᠤᠰᠤᠨ ᠤ᠋ ᠡᠬᠢ ᠪᠠᠶᠠᠯᠢᠭ ᠤ᠋ᠨ ᠨᠤᠲᠠᠯᠠᠯᠲᠠ᠂ ᠬᠥᠷᠥᠰᠥ᠍ ᠰᠢᠷᠣᠶ ᠢ᠋ᠢ ᠬᠠᠮᠠᠭᠠᠯᠠᠬᠤ ᠲᠥᠰᠦᠯ ᠵᠡᠷᠭᠡ ᠤᠰᠤ ᠲᠠᠶ ᠬᠣᠯᠪᠣᠭᠳᠠᠭᠰᠠᠨ ᠵᠠᠰᠠᠭ ᠵᠠᠬᠢᠷᠭᠠᠨ ᠤ᠋ ᠬᠢᠨᠠᠨ ᠵᠥᠪᠰᠢᠶᠡᠷᠡᠯ ᠢ᠋ ᠥᠨᠳᠥᠷ ᠪᠦᠲᠦᠮᠵᠢᠲᠡᠶ ᠪᠡᠷ ᠵᠣᠬᠢᠴᠠᠭᠤᠯᠤᠨ ᠰᠢᠢᠳᠪᠦᠷᠢᠯᠡᠪᠠ᠃ ᠣᠲᠣᠬᠠᠨ ᠪᠣᠯᠲᠠᠯ᠎ᠠ᠂ ᠤᠰᠤ ᠲᠠᠢ ᠬᠣᠯᠪᠣᠭᠳᠠᠭᠰᠠᠨ ᠨᠡᠢᠳᠡ 256 ᠲᠥᠷᠥᠯ ᠵᠦᠢᠯ ᠤ᠋ᠨ ᠤᠰᠤ ᠲᠠᠲᠠᠬᠤ ᠵᠥᠪᠰᠢᠶᠡᠷᠡᠯ ᠢ᠋ ᠬᠢᠨᠠᠨ ᠵᠥᠪᠰᠢᠶᠡᠷᠡᠵᠦ᠍᠂ ᠪᠡᠶᠡᠯᠡᠭᠦᠯᠦᠭᠰᠡᠨ ᠨᠣᠷᠮ᠎ᠠ ᠨᠢ 97% ᠳ᠋ᠤ ᠬᠦᠷᠴᠦ᠍᠂ ᠲᠢᠩᠬᠢᠮ ᠤ᠋ᠨ ᠲᠣᠰ ᠱᠠᠲᠤᠨ ᠤ᠋ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠵᠦᠢᠯᠡᠰ ᠢ᠋ ᠨᠡᠶ᠋ᠢᠲᠡ 2897 ᠬᠤᠪᠢ ᠭᠦᠢᠴᠡᠳᠬᠡᠵᠤ ᠳᠠᠭᠤᠰᠬᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面