ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-14 16:23:43

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠤᠯᠠᠭᠠᠨᠳᠠᠪᠠᠭ᠎ᠠ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠳ᠋ᠤ ᠠᠩᠬ᠎ᠠ ᠤᠳᠠᠭ᠎ᠠ ᠤᠯᠤᠰ ᠤ᠋ᠨ ᠬᠤᠶᠠᠳᠤᠭᠠᠷ ᠳᠡᠰ ᠤ᠋ᠨ ᠬᠠᠮᠠᠭᠠᠯᠠᠯᠲᠠ ᠵᠢᠨ ᠤᠷᠭᠤᠮᠠᠯ ᠪᠤᠯᠬᠤ ᠵᠡᠷᠯᠢᠭ ᠰᠢᠷ᠎ᠠ ᠪᠤᠷᠴᠠᠭ ᠢ᠋ ᠢᠯᠡᠷᠡᠭᠦᠯᠪᠡ᠃ ᠡᠨᠡ ᠨᠢ ᠬᠠᠮᠠᠭᠠᠯᠠᠯᠲᠠ ᠵᠢᠨ ᠤᠷᠤᠨ ᠳ᠋ᠡᠬᠢ ᠵᠡᠷᠯᠢᠭ ᠰᠢᠷ᠎ᠡ ᠪᠤᠷᠴᠠᠭ ᠤ᠋ᠨ ᠦᠷ᠎ᠡ ᠡᠳ᠋ ᠤ᠋ᠨ ᠡᠬᠢ ᠪᠠᠶᠠᠯᠢᠭ ᠤ᠋ᠨ ᠬᠤᠭᠤᠰᠤᠨ ᠢ᠋ ᠨᠦᠬᠦᠪᠦᠷᠢᠯᠡᠵᠤ᠂ ᠤᠮᠠᠷᠠᠲᠤ ᠵᠢᠨ ᠠᠮᠢ ᠠᠬᠤᠢ ᠵᠢᠨ ᠦᠷᠭᠦᠯᠵᠢᠯᠡᠨ ᠰᠠᠢᠵᠢᠷᠠᠬᠰᠠᠨ ᠳ᠋ᠤ ᠪᠠᠲᠤᠲᠠᠢ ᠬᠡᠷᠡᠴᠢ ᠬᠠᠩᠭᠠᠪᠠ ᠃

ᠵᠡᠷᠯᠢᠭ ᠰᠢᠷ᠎ᠠ ᠪᠤᠷᠴᠠᠭ ᠪᠤᠯ ᠲᠠᠷᠢᠮᠠᠯ ᠰᠢᠷ᠎ᠡ ᠪᠤᠷᠴᠠᠭ ᠤ᠋ᠨ ᠤᠢᠷᠠᠯᠴᠠᠭ᠎ᠠ ᠲᠦᠷᠦᠯ ᠪᠠᠢᠵᠤ᠂ 《ᠤᠷᠭᠤᠮᠠᠯ ᠤ᠋ᠨ ᠠᠩᠭᠢ ᠵᠢᠨ ᠲᠤᠮᠤ ᠮᠠᠯᠤᠷ ᠦᠳᠡᠭᠡ》 ᠬᠡᠮᠡᠬᠦ ᠨᠡᠷᠡᠢᠳᠦᠯ ᠲᠠᠢ᠂ ᠮᠠᠰᠢ ᠦᠨᠳᠦᠷ ᠬᠠᠮᠠᠭᠠᠯᠠᠯᠲᠠ ᠪᠠ ᠰᠢᠨᠵᠢᠯᠡᠬᠦ ᠤᠬᠠᠭᠠᠨ ᠤ᠋ ᠰᠤᠳᠤᠯᠤᠯ ᠤ᠋ᠨ ᠦᠨ᠎ᠡ ᠦᠷᠲᠡᠭ ᠲᠠᠢ᠃ ᠵᠡᠷᠯᠢᠭ ᠰᠢᠷ᠎ᠠ ᠪᠤᠷᠴᠠᠭ ᠬᠤᠵᠢᠷ ᠲᠤ᠌ ᠳᠠᠭᠠᠭᠠᠴᠠᠲᠠᠢ᠂ ᠬᠦᠢᠲᠡᠨ ᠳ᠋ᠤ ᠲᠡᠰᠪᠦᠷᠢᠲᠠᠢ᠂ ᠨᠠᠯᠠᠨ ᠤᠨᠠᠬᠤ ᠶ᠋ᠢ ᠳᠠᠭᠠᠭᠠᠬᠤ ᠴᠢᠳᠠᠪᠤᠷᠢ ᠪᠡᠷ ᠴᠢᠩᠭ᠎ᠠ ᠪᠠᠢᠵᠤ᠂ ᠰᠢᠷ᠎ᠠ ᠪᠤᠷᠴᠠᠭ ᠤ᠋ᠨ ᠡᠭᠦᠯᠳᠡᠷ ᠪᠤᠢᠵᠢᠭᠤᠯᠬᠤ ᠳ᠋ᠤ ᠲᠤᠲᠠᠭᠳᠠᠵᠤ ᠪᠤᠯᠤᠰᠢ ᠦᠭᠡᠢ ᠬᠤᠪᠤᠷ ᠨᠠᠨᠳᠢᠨ ᠦᠷ᠎ᠡ ᠡᠳ᠋ ᠤ᠋ᠨ ᠡᠬᠢ ᠪᠠᠶᠠᠯᠢᠭ ᠪᠤᠯᠤᠨ᠎ᠠ᠃ ᠵᠡᠷᠯᠢᠭ ᠰᠢᠷ᠎ᠠ ᠪᠤᠷᠴᠠᠭ ᠤ᠋ᠨ ᠪᠠᠢᠭᠠᠯᠢᠯᠢᠭ ᠰᠢᠯᠢᠳᠡᠭ ᠭᠸᠨ ᠤ᠋ ᠬᠦᠮᠦᠷᠭᠡ ᠨᠢ ᠦᠨᠳᠦᠷ ᠤᠨᠠᠯᠲᠠ ᠲᠠᠢ ᠰᠢᠯᠢᠳᠡᠭ ᠰᠢᠷ᠎ᠡ ᠪᠤᠷᠴᠠᠭ ᠤ᠋ᠨ ᠰᠢᠨ᠎ᠡ ᠡᠭᠦᠯᠳᠡᠷ ᠢ᠋ ᠪᠤᠢᠵᠢᠭᠤᠯᠬᠤ᠂ ᠲᠠᠷᠢᠶᠠᠯᠠᠩ ᠤ᠋ᠨ ᠰᠢᠨᠵᠢᠯᠡᠬᠦ ᠤᠬᠠᠭᠠᠨ ᠤ᠋ ᠰᠤᠳᠤᠯᠤᠯ ᠤ᠋ᠨ ᠰᠢᠨ᠎ᠡ ᠶ᠋ᠢ ᠡᠭᠦᠳᠬᠦ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠤ᠋ ᠬᠤᠷᠢᠭ᠎ᠠ ᠱᠤᠭᠤᠮ ᠢ᠋ ᠪᠠᠲᠤ ᠴᠤᠭᠴᠠᠯᠠᠬᠤ ᠳ᠋ᠤ ᠤᠷᠤᠯᠠᠭᠤᠯᠵᠤ ᠪᠤᠯᠤᠰᠢ ᠦᠭᠡᠢ ᠪᠠᠢᠯᠳᠤᠬᠤ ᠪᠤᠳᠤᠯᠭ᠎ᠠ ᠵᠢᠨ ᠦᠢᠯᠡᠳᠦᠯ ᠲᠠᠢ᠃ ᠵᠡᠷᠯᠢᠭ ᠰᠢᠷ᠎ᠠ ᠪᠤᠷᠴᠠᠭ ᠢ᠋ ᠢᠯᠡᠷᠡᠭᠦᠯᠦᠭᠰᠡᠨ ᠶᠠᠪᠤᠳᠠᠯ ᠨᠢ ᠤᠯᠠᠭᠠᠨᠳᠠᠪᠠᠭ᠎ᠠ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠤ᠋ ᠤᠯᠠᠨ ᠵᠢᠯ ᠤ᠋ᠨ ᠬᠠᠮᠠᠭᠠᠯᠠᠯᠲᠠ᠂ ᠠᠮᠢ ᠠᠬᠤᠢ ᠶ᠋ᠢ ᠦᠷᠭᠦᠯᠵᠢᠯᠡᠨ ᠵᠠᠰᠠᠨ ᠰᠡᠷᠭᠦᠭᠡᠭᠰᠡᠨ ᠲᠠᠢ ᠨᠢᠭᠲᠠ ᠬᠤᠯᠪᠤᠭ᠎ᠠ ᠲᠠᠢ᠂ ᠴᠢᠬᠤᠯᠠ ᠠᠮᠢ ᠠᠬᠤᠢ ᠪᠠ ᠰᠢᠨᠵᠢᠯᠡᠬᠦ ᠤᠬᠠᠭᠠᠨ ᠤ᠋ ᠰᠤᠳᠤᠯᠤᠯ ᠤ᠋ᠨ ᠦᠨ᠎ᠡ ᠦᠷᠲᠡᠭ ᠲᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面