2026-10-15 11:28:23
10 ᠰᠠᠷ᠎ᠠ᠎ᠶᠢᠨ 13᠎ᠪ ᠡᠳᠦᠷ᠂ ᠰᠤᠷᠪᠤᠯᠵᠢᠯᠠᠭ᠍ᠴᠢ ᠵᠠᠷᠤᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠣᠢᠯᠠᠭᠠᠭᠰᠠᠨ ᠵᠢᠨᠷ᠂ ᠣᠢᠷ᠎ᠠ᠎ᠳᠤ ᠬᠦᠳᠡᠬᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠡᠴᠡ 《ᠨᠠᠢ᠍ᠮᠠᠳᠤᠭᠠᠷ ᠪᠦᠯᠦᠭ ᠤ᠋ᠨ ᠳᠤᠮᠳᠠᠳᠤ ᠤᠯᠤᠰ᠎ᠤᠨ ᠴᠢᠬᠤᠯᠠ ᠬᠦᠳᠡᠬᠡ ᠠᠵᠥ ᠠᠬᠤᠢ ᠵᠢᠨ ᠰᠣᠶᠣᠯ᠎ᠤᠨ ᠥᠪ᠎ᠦᠨ ᠨᠡᠷᠡᠰ᠎ᠢ ᠨᠡᠢᠲᠡᠯᠡᠬᠦ ᠲᠤᠬᠠᠢ ᠮᠡᠳᠡᠭᠳᠡᠯ》 ᠢ᠋ ᠠᠯᠪᠠᠨ ᠶᠣᠰᠣᠭᠠᠷ ᠨᠡᠢᠲᠡᠯᠡᠵᠦ᠂ ᠲᠦᠩᠯᠢᠶᠣᠣ ᠬᠣᠲᠠ᠎ᠶᠢᠨ ᠵᠠᠷᠤᠳ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠢᠰᠲᠧᠮ ᠨᠠᠢ᠍ᠮᠠᠳᠤᠭᠠᠷ ᠪᠦᠯᠦᠭ ᠤ᠋ᠨ ᠳᠤᠮᠳᠠᠳᠤ ᠤᠯᠤᠰ᠎ᠤᠨ ᠴᠢᠬᠤᠯᠠ ᠬᠦᠳᠡᠬᠡ ᠠᠵᠥ ᠠᠬᠤᠢ ᠵᠢᠨ ᠰᠣᠶᠣᠯ᠎ᠤᠨ ᠥᠪ᠎ᠲᠦ ᠠᠮᠵᠢᠯᠲᠠ᠎ᠲᠠᠢ᠎ᠪᠠᠷ ᠰᠣᠩᠭᠣᠭᠳᠠᠪᠠ᠃ ᠡᠨᠡ ᠬᠦ᠌ ᠤᠯᠤᠰ᠎ᠤᠨ ᠲᠠᠰ᠎ᠤᠨ ᠭᠡᠷᠡᠴᠢᠯᠡᠯᠲᠠ ᠨᠢ ᠲᠤᠬᠠᠢ᠎ᠶᠢᠨ ᠭᠠᠵᠠᠷ᠎ᠤᠨ ᠤᠷᠳᠤ ᠤᠳᠠᠭᠠᠨ ᠤᠯᠠᠮᠵᠢᠯᠠᠭᠳᠠᠭᠰᠠᠨ ᠤᠯᠠᠮᠵᠢᠯᠠᠯᠲᠤ ᠨᠡᠭᠦᠳᠡᠯ ᠮᠠᠯᠵᠢᠯ᠎ᠤᠨ ᠦᠢᠯᠡᠳᠪᠦᠷᠢᠯᠡᠯ᠎ᠦᠨ ᠰᠢᠰᠲᠧᠮ᠎ᠦᠨ ᠠᠯᠪᠠᠨ ᠲᠠᠯ᠎ᠠ ᠵᠢᠨ ᠬᠢᠨ ᠳ᠋ᠤ ᠵᠢᠩᠬᠢᠨᠢ᠎ᠪᠡᠷ ᠨᠤᠲᠠᠯᠠᠭᠳᠠᠭᠰᠠᠨᠢ ᠬᠠᠷᠠᠭᠤᠯᠵᠤ᠂ ᠲᠠᠯ᠎ᠠ ᠨᠤᠲᠤᠭ᠎ᠤᠨ ᠠᠮᠢ ᠠᠬᠤᠢ᠎ᠶᠢᠨ ᠬᠠᠮᠠᠭᠠᠯᠠᠯᠲᠠ᠂ ᠨᠡᠭᠦᠳᠡᠯ ᠮᠠᠯᠵᠢᠯ᠎ᠤᠨ ᠰᠣᠶᠣᠯ᠎ᠤᠨ ᠠᠮᠢᠳᠤᠯᠢᠭ᠋ ᠤᠯᠠᠮᠵᠢᠯᠠᠯ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠴᠣ ᠰᠢᠨ᠎ᠡ ᠬᠥᠭᠵᠢᠯᠲᠡ᠎ᠶᠢᠨ ᠬᠥᠳᠡᠯᠭᠡᠭᠴᠢ ᠬᠥᠴᠥᠨ ᠨᠡᠮᠡᠷᠢᠯᠡᠭᠰᠡᠨ ᠪᠠᠢᠨ᠎ᠠ᠃
ᠭᠡᠷᠴᠢᠯᠠᠭᠤ ᠰᠤᠮᠤ᠎ᠶᠢᠨ ᠵᠤᠰᠠᠯᠠᠩ ᠨᠢ ᠲᠦᠩᠯᠢᠶᠣᠣ ᠬᠤᠳᠠ᠎ᠶᠢᠨ ᠣᠳᠣᠬᠠᠨ᠎ᠤ ᠴᠤᠷ᠎ᠤᠨ ᠭᠠᠭᠴᠠ ᠪᠦᠷᠢᠨ ᠪᠦᠲᠦᠨ ᠬᠠᠳᠠᠭᠠᠯᠠᠭᠳᠠᠭᠰᠠᠨ᠂ ᠤᠯᠠᠮᠵᠢᠯᠠᠯᠳᠥ ᠤᠳᠤᠷ ᠨᠡᠭᠦᠳᠡᠯ ᠮᠠᠯᠵᠢᠯ᠎ᠤᠨ ᠵᠠᠩᠰᠢᠯ᠎ᠢᠶᠠᠨ ᠦᠷᠭᠦᠯᠵᠢᠯᠡᠭᠦᠯᠦᠭᠰᠡᠨ ᠤᠤᠭᠠᠯ ᠠᠮᠢ ᠠᠬᠤᠢ᠎ᠶᠢᠨ ᠲᠠᠯ᠎ᠠ ᠨᠤᠲᠤᠭ᠎ᠤᠨ ᠤᠷᠤᠨ ᠪᠠᠢᠵᠤ᠂ ᠮᠥᠨ ᠴᠤ᠌ ᠮᠠᠨ᠎ᠤ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠵᠤᠰᠠᠯᠠᠩ᠎ᠤᠨ ᠶᠡᠷᠦᠩᠬᠡᠢ ᠲᠠᠯᠠᠪᠠᠶ 130 ᠲᠦᠮᠡᠨ ᠮᠦ᠍᠎ᠳᠦ ᠬᠦᠷᠴᠦ᠂ ᠲᠤᠰ ᠰᠤᠮᠤ᠎ᠶᠢᠨ 16 ᠵᠠᠰᠠᠭ ᠵᠠᠬᠢᠷᠭᠠᠨ᠎ᠤ ᠭᠠᠴᠠᠭ᠎ᠠ᠎ᠶᠢ ᠬᠠᠮᠤᠷᠴᠥ ᠪᠤᠢ᠃ ᠤᠳᠠᠭᠠᠨ ᠵᠢᠯ᠎ᠦᠨ ᠲᠤᠷᠰᠢ᠂ ᠲᠤᠬᠠᠢ᠎ᠶᠢᠨ ᠭᠠᠵᠠᠷ᠎ᠤᠨ ᠮᠠᠯᠴᠢᠳ 《ᠪᠠᠢᠭᠠᠯᠢ᠎ᠶ᠋ᠢ ᠬᠦᠨᠲᠤᠳᠭᠡᠵᠤ᠂ ᠪᠠᠢᠭᠠᠯᠢ᠎ᠲᠠᠢ ᠵᠤᠬᠢᠴᠠᠵᠤ᠂ ᠪᠠᠢᠭᠠᠯᠢ᠎ᠶ᠋ᠢ ᠬᠠᠮᠠᠭᠠᠯᠠᠬᠤ》 ᠣᠷᠣᠰᠢᠨ ᠲᠣᠭᠲᠠᠨᠢᠬᠤ ᠣᠢᠯᠠᠭᠠᠭᠳᠠᠬᠤᠨ᠎ᠢ ᠢᠮᠠᠭᠲᠠ ᠪᠠᠷᠢᠮᠲᠠᠯᠠᠵᠤ᠂ ᠤᠰᠤ ᠪᠡᠯᠴᠢᠭᠡᠷ᠎ᠢ ᠳᠠᠭᠠᠵᠤ ᠠᠮᠢᠳᠤᠷᠠᠬᠤ ᠤᠯᠠᠷᠢᠯ᠎ᠤᠨ ᠴᠢᠨᠠᠷᠲᠠᠢ ᠦᠢᠯᠡᠳᠪᠦᠷᠢᠯᠡᠯ᠎ᠦᠨ ᠵᠠᠭᠪᠤᠷ᠎ᠢ ᠦᠶ᠎ᠡ᠎ᠶᠢᠨ ᠦᠶ᠎ᠡ᠎ᠳᠦ ᠦᠷᠭᠦᠯᠵᠢᠯᠡᠭᠦᠯᠦᠭᠰᠡᠭᠡᠷ ᠢᠷᠡᠵᠡᠶ᠃ ᠵᠢᠯ ᠪᠦᠷᠢ᠎ᠶᠢᠨ 6 ᠰᠠᠷ᠎ᠠ᠎ᠶᠢᠨ ᠳᠤᠮᠳᠠᠴᠢ᠎ᠪᠠᠷ᠂ ᠲᠤᠰ ᠰᠤᠮᠤ᠎ᠶᠢᠨ 500 ᠭᠠᠷᠤᠢ ᠡᠷᠤᠬᠡ ᠮᠠᠯᠴᠢᠳ 5 ᠲᠦᠮᠡ ᠰᠢᠬᠠᠮ ᠮᠠᠯ ᠵᠢᠨᠨ ᠲᠠᠭᠤᠵᠤ ᠵᠤᠰᠠᠯᠠᠩ ᠳᠡᠢᠰᠢ ᠪᠠᠨ ᠮᠤᠷᠳᠠᠨ᠂ 4 ᠰᠠᠷ᠎ᠠ᠎ᠶᠢᠨ ᠬᠤᠭᠤᠴᠠᠭ᠎ᠠ᠎ᠲᠠᠢ ᠨᠡᠭᠦᠳᠡᠯ ᠮᠠᠯᠵᠢᠯ᠎ᠤᠨ ᠦᠢᠯᠡᠳᠪᠦᠷᠢᠯᠡᠯ ᠠᠮᠢᠳᠤᠷᠠᠯ᠎ᠢ ᠥᠩᠭᠡᠷᠡᠭᠥᠯᠵᠤ᠂ ᠨᠠᠮᠤᠷ᠎ᠤᠨ ᠰᠡᠭᠦᠯᠴᠢ ᠪᠣᠯᠵᠤ ᠡᠪᠡᠰᠦ ᠪᠡᠯᠴᠢᠭᠡᠷ ᠥᠷᠡᠯᠡᠵᠤ ᠰᠢᠷᠠᠯᠠᠬᠤ ᠦᠶ᠎ᠡ᠎ᠳᠦ ᠡᠪᠥᠯᠵᠢᠶᠡ ᠳ᠋ᠡᠭᠡᠨ ᠡᠮᠬᠢ ᠵᠢᠷᠤᠮ᠎ᠲᠠᠢ᠎ᠪᠠᠷ ᠪᠤᠴᠠᠳᠠᠭ᠃ ᠡᠢᠮᠦᠷᠬᠦᠦ ᠡᠪᠡᠰᠥ ᠪᠡᠯᠴᠢᠭᠡᠷ᠎ᠢ ᠠᠮᠠᠷᠠᠭᠤᠯᠵᠤ ᠰᠡᠯᠭᠦᠨ ᠮᠠᠯᠵᠢᠬᠤ ᠤᠯᠠᠮᠵᠢᠯᠠᠯᠲᠤ ᠠᠷᠭ᠎ᠠ᠎ᠪᠠᠷ ᠲᠠᠮᠵᠢᠨ᠂ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠣᠷᠴᠢᠯᠳᠤᠭᠤᠯᠤᠨ ᠠᠮᠠᠷᠠᠭᠤᠯᠬᠤ᠎ᠶᠢ ᠠᠶᠠᠨᠳᠠᠭᠠᠨ ᠪᠡᠶᠡᠯᠡᠭᠦᠯᠵᠦ᠂ 《ᠤᠤᠭᠠᠯ ᠠᠮᠢ ᠠᠬᠤᠢ᠎ᠶᠢᠨ ᠪᠡᠯᠴᠢᠭᠡᠷ᠂ ᠤᠤᠭᠠᠯ ᠰᠠᠭᠤᠭᠠᠯᠢ ᠠᠷᠠᠳ᠎ᠤᠨ ᠭᠣᠣᠯ ᠴᠣᠭᠴᠠ᠂ ᠤᠤᠭᠠᠯ ᠡᠭᠦᠯᠳᠡᠷ᠎ᠦᠨ ᠮᠠᠯ᠎ᠤᠨ ᠳᠦᠷᠰᠦ᠎ᠶᠢᠨ ᠰᠦᠷᠦᠭ 》 ᠭᠤᠷᠪᠠ᠎ᠶᠢ ᠨᠢᠭᠡ ᠴᠣᠭᠴᠠᠵᠢᠭᠤᠯᠤᠭᠰᠠᠨ ᠨᠡᠭᠦᠳᠡᠯ ᠰᠣᠶᠣᠯ᠎ᠤᠨ ᠭᠣᠣᠯ ᠰᠠᠭᠤᠷᠢ᠎ᠶᠢ ᠪᠥᠷᠢᠯᠳᠥᠭᠥᠯᠥᠭᠰᠡᠨ ᠪᠠᠢᠨ᠎ᠠ᠃
ᠣᠢᠷ᠎ᠠ᠎ᠶᠢᠨ ᠵᠢᠯ᠎ᠳᠦ᠂ ᠵᠠᠷᠤᠳ ᠬᠣᠰᠢᠭᠤ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠥᠩᠭᠥᠨ ᠬᠠᠢᠷᠬᠠᠨ ᠮᠥᠨ》 ᠭᠡᠬᠦ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠲᠤ ᠪᠡᠬᠢ ᠪᠣᠶ ᠪᠣᠯᠭᠠᠨ ᠦᠢᠯᠡᠳᠦᠯᠭᠡᠵᠢᠭᠦᠯᠵᠦ᠂ ᠬᠦᠳᠡᠬᠡ ᠠᠵᠥ ᠠᠬᠤᠢ ᠵᠢᠨ ᠰᠣᠶᠣᠯ᠎ᠤᠨ ᠥᠪ᠎ᠦᠨ 《ᠠᠭᠤᠳᠠᠯᠬᠤ᠎ᠶᠢᠨ ᠳᠤᠮᠳᠠ ᠬᠠᠮᠠᠭᠠᠯᠠᠵᠤ᠂ ᠠᠰᠢᠭ᠍ᠯᠠᠬᠤ᠎ᠶᠢᠨ ᠳᠤᠮᠳᠠ ᠤᠯᠠᠮᠵᠢᠯᠠᠬᠤ》 ᠠᠵᠢᠯ᠎ᠤᠨ ᠴᠢᠭᠯᠡᠯᠲᠡ᠎ᠶᠢ ᠴᠢᠩᠭ᠎ᠠ ᠵᠢᠷᠤᠮᠯᠠᠨ᠂ ᠲᠠᠯ᠎ᠠ ᠨᠤᠲᠤᠭ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠨᠡᠭᠦᠳᠡᠯ ᠰᠣᠶᠣᠯ᠎ᠤᠨ ᠠᠮᠢᠳᠤᠯᠢᠭ᠋ ᠤᠯᠠᠮᠵᠢᠯᠠᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ ᠢᠷᠡᠪᠡ᠃ ᠲᠤᠬᠠᠢ᠎ᠶᠢᠨ ᠭᠠᠵᠠᠷ᠎ᠤᠨ ᠬᠢᠨ ᠤᠷᠢᠳ ᠬᠣᠵᠢᠳ ᠵᠤᠰᠠᠯᠠᠩ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠠᠯᠪᠠᠨ ᠭᠡᠷ᠂ ᠨᠡᠭᠦᠳᠡᠯ ᠮᠠᠯᠵᠢᠯ᠎ᠤᠨ ᠨᠠᠮ᠎ᠤᠨ ᠡᠭᠦᠷ᠂ ᠨᠡᠭᠦᠳᠡᠯ ᠮᠠᠯᠵᠢᠯ᠎ᠤᠨ ᠲᠥᠯᠥᠭᠡᠯᠡᠭᠴᠢ᠎ᠶᠢᠨ ᠭᠡᠷ ᠵᠡᠷᠭᠡ ᠲᠤᠰᠬᠠᠢ ᠠᠵᠢᠯ᠎ᠤᠨ ᠪᠠᠢᠭᠤᠯᠤᠮᠵᠢ᠎ᠶᠢ ᠪᠠᠢᠭᠤᠯᠵᠤ᠂ ᠮᠠᠯ ᠪᠡᠯᠴᠢᠭᠡᠷ᠎ᠢ ᠲᠡᠩᠴᠡᠭᠦᠷᠢᠲᠡᠢ ᠨᠠᠢᠳᠠᠪᠤᠷᠢᠵᠢᠭᠤᠯᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠰᠢᠰᠲ᠋ᠧᠮ᠎ᠢ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠥᠨ᠂ ᠨᠡᠭᠦᠳᠡᠯᠯᠠᠨ ᠮᠠᠯᠵᠢᠵᠤ ᠪᠠᠢᠭ᠎ᠠ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠢᠵᠢ ᠪᠦᠷᠢᠳᠦᠭᠰᠡᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠪᠠ; ᠨᠡᠭᠦᠳᠡᠯ ᠮᠠᠯᠵᠢᠯ᠎ᠤᠨ ᠰᠣᠶᠣᠯ᠎ᠤᠨ ᠡᠬᠢ ᠪᠠᠶᠠᠯᠢᠭ᠋᠎ᠤᠨ ᠨᠡᠢᠳᠡᠮ ᠪᠠᠢᠴᠠᠭᠠᠯᠲᠠ᠂ ᠮᠠᠯᠴᠢᠳ᠎ᠤᠨ ᠠᠮᠠᠨ ᠲᠣᠭᠠᠴᠢᠯᠲᠠ᠎ᠶᠢᠨ ᠲᠡᠦᠬᠡ᠎ᠶᠢᠨ ᠲᠡᠮᠳᠡᠭᠯᠡᠯ᠂ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ᠎ᠤᠨ ᠪᠣᠳᠠᠲᠤ ᠪᠣᠳᠠᠰ᠎ᠢ ᠴᠤᠭᠯᠠᠭᠤᠯᠤᠨ ᠡᠮᠬᠢᠳᠬᠡᠬᠦ᠎ᠶᠢ ᠵᠡᠷᠭᠡ ᠳ᠋ᠦ᠍ᠨᠢ ᠰᠢᠰᠲᠧᠮ᠎ᠲᠠᠢ ᠥᠷᠨᠢᠭᠦᠯᠥᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ᠎ᠶᠢ ᠴᠢᠭᠯᠡᠬᠦᠯᠦᠯᠲᠥ ᠴᠢᠨᠠᠷᠲᠠᠢ᠎ᠪᠠᠷ ᠲᠡᠳᠬᠦᠨ ᠳᠡᠮᠵᠢᠵᠦ᠂ ᠠᠷᠠᠳ᠎ᠤᠨ ᠵᠠᠩ ᠦᠶ᠋ᠯᠡ᠎ᠶᠢᠨ ᠪᠠᠶᠠᠷ ᠳᠤᠷᠠᠰᠬᠠᠯ᠎ᠤᠨ ᠥᠵᠡᠭᠥᠯᠭᠡ ᠵᠢᠨ ᠠᠵᠢᠯᠯᠠᠭ᠎ᠠ᠎ᠶᠢ ᠪᠠᠢᠩᠭᠤᠵᠢᠭᠤᠯᠵᠤ ᠡᠷᠭᠢᠯᠡᠨ᠂ ᠨᠡᠭᠦᠳᠡᠯ ᠮᠠᠯᠵᠢᠯ᠎ᠤᠨ ᠰᠣᠶᠣᠯ᠎ᠤᠨ ᠬᠠᠮᠠᠭᠠᠯᠠᠯᠲᠠ᠎ᠶᠢᠨ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠵᠦ᠂ ᠤᠯᠠᠮᠵᠢᠯᠠᠯᠲᠤ ᠨᠡᠭᠦᠳᠡᠯ ᠮᠠᠯᠵᠢᠯ᠎ᠤᠨ ᠠᠮᠢ ᠠᠬᠤᠢ᠎ᠶᠢᠨ ᠣᠶᠤᠨ ᠤᠬᠠᠭᠠᠨ ᠬᠢᠭᠡᠳ ᠣᠲᠣ᠌ ᠦᠶ᠎ᠡ᠎ᠶᠢᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠬᠰᠠᠨ ᠪᠠᠢᠨ᠎ᠠ᠃
ᠡᠨᠡ ᠤᠳᠠᠭ᠎ᠠ ᠳᠤᠮᠳᠠᠳᠤ ᠤᠯᠤᠰ᠎ᠤᠨ ᠴᠢᠬᠤᠯᠠ ᠬᠦᠳᠡᠬᠡ ᠠᠵᠥ ᠠᠬᠤᠢ ᠵᠢᠨ ᠰᠣᠶᠣᠯ᠎ᠤᠨ ᠥᠪ᠎ᠲᠦ ᠠᠮᠵᠢᠯᠲᠠ᠎ᠲᠠᠢ᠎ᠪᠠᠷ ᠰᠣᠩᠭᠣᠭᠳᠠᠭᠰᠠᠨ ᠶᠠᠪᠤᠳᠠᠯ ᠨᠢ ᠵᠠᠷᠤᠳ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠢᠰᠲᠧᠮ᠎ᠦᠨ ᠠᠮᠢ ᠠᠬᠤᠢ᠎ᠶᠢᠨ ᠦᠨ᠎ᠡ ᠥᠷᠲᠡᠭ᠂ ᠰᠣᠶᠣᠯ᠎ᠤᠨ ᠦᠨ᠎ᠡ ᠥᠷᠲᠡᠭ᠂ ᠦᠷᠭᠦᠯᠵᠢᠯᠡᠬᠦ ᠦᠢᠯᠡᠳᠪᠦᠷᠢᠯᠡᠯ᠎ᠦᠨ ᠦᠨ᠎ᠡ ᠥᠷᠲᠡᠭ᠎ᠦᠨ ᠲᠤᠬᠠᠢ ᠤᠯᠤᠰ᠎ᠤᠨ ᠲᠠᠰ᠎ᠤᠨ ᠳᠡᠭᠡᠳᠦ ᠬᠡᠮᠵᠢᠶᠡᠨ᠎ᠦ ᠨᠤᠲᠠᠯᠠᠯᠲᠠ ᠪᠣᠯᠬᠤ ᠪᠥᠭᠡᠳ ᠪᠠᠰᠠ ᠵᠠᠷᠤᠳ ᠬᠣᠰᠢᠭᠤᠨ᠎ᠳᠤ ᠨᠠᠩ ᠲᠣᠳᠣᠷᠬᠠᠢ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠬᠠᠷᠢᠭᠤᠴᠠᠯᠭ᠎ᠠ ᠣᠯᠭᠣᠭᠰᠠᠨ ᠪᠠᠢᠨ᠎ᠠ᠃ ᠳᠠᠷᠠᠭᠠᠴᠢ᠎ᠶᠢᠨ ᠠᠯᠬᠤᠮ᠎ᠳᠤ᠂ ᠭᠡᠷᠴᠢᠯᠠᠭᠤ ᠰᠤᠮᠤ 《ᠴᠢᠬᠤᠯᠠ ᠬᠦᠳᠡᠬᠡ ᠠᠵᠥ ᠠᠬᠤᠢ ᠵᠢᠨ ᠰᠣᠶᠣᠯ᠎ᠤᠨ ᠥᠪ᠎ᠦᠨ ᠬᠠᠮᠢᠶᠠᠷᠤᠯᠲᠠ᠎ᠶᠢᠨ ᠠᠷᠭ᠎ᠠ》 ᠶ᠋ᠢᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠥᠪ ᠬᠥᠷᠥᠩᠭᠡ᠎ᠶᠢᠨ ᠬᠠᠮᠠᠭᠠᠯᠠᠯᠲᠠ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠦᠨᠡᠨ ᠬᠥ᠌ ᠭᠦᠢᠴᠡᠳᠬᠡᠨ᠎ᠡ᠄ ᠳᠠᠷᠤᠢ ᠰᠠᠭᠤᠷᠢ ᠡᠬᠢ ᠪᠠᠶᠠᠯᠢᠭ᠋᠎ᠤᠨ ᠪᠠᠢᠴᠠᠭᠠᠯᠲᠠ᠎ᠶᠢ ᠭᠦᠨᠵᠡᠭᠡᠢᠷᠡᠭᠦᠯᠵᠦ᠂ ᠤᠳᠤᠷᠯᠠᠬᠤ ᠤᠯᠠᠮᠵᠢᠯᠠᠯᠲᠤ ᠵᠠᠩ ᠳᠠᠳᠬᠠᠯ᠎ᠤᠨ ᠰᠢᠰᠲᠧᠮᠲᠦ ᠴᠢᠨᠠᠷᠲᠠᠢ ᠨᠡᠢᠳᠡᠮ ᠪᠠᠢᠴᠠᠭᠠᠯᠲᠠ᠎ᠶᠢ ᠪᠥᠬᠥ ᠲᠠᠯ᠎ᠠ᠎ᠪᠠᠷ ᠥᠷᠨᠢᠭᠦᠯᠥᠨ᠂ ᠨᠡᠭᠦᠳᠡᠯ ᠮᠠᠯᠵᠢᠯ᠎ᠤᠨ ᠰᠣᠶᠣᠯ᠎ᠤᠨ ᠲᠠᠩᠰᠠ ᠡᠪᠬᠡᠮᠡᠯ᠎ᠦᠨ ᠳ᠋ᠠᠢᠲ᠋ᠠ᠎ᠶᠢ ᠲᠡᠭᠦᠯᠳᠡᠷᠵᠢᠭᠦᠯᠵᠤ᠂ ᠤᠯᠠᠮᠵᠢᠯᠠᠯᠲᠤ ᠤᠳᠤᠷᠯᠠᠬᠤ ᠶᠠᠪᠤᠴᠠ᠂ ᠨᠡᠭᠦᠳᠡᠯ ᠮᠠᠯᠵᠢᠯ᠎ᠤᠨ ᠦᠢᠯᠡᠳᠪᠦᠷᠢᠯᠡᠯ᠎ᠦᠨ ᠤᠷ᠎ᠠ ᠮᠡᠷᠭᠡᠰᠢᠯ᠂ ᠮᠠᠯᠴᠢᠳ᠎ᠤᠨ ᠶᠠᠷᠢᠭ᠍ᠰᠠᠨ ᠲᠡᠦᠬᠡ ᠵᠡᠷᠭᠡ ᠭᠣᠣᠯᠯᠠᠬᠤ ᠰᠣᠶᠣᠯ᠎ᠤᠨ ᠬᠦᠴᠦᠨ ᠵᠦᠢᠯ᠎ᠢ ᠪᠦᠷᠢᠨ ᠪᠦᠲᠦᠨ ᠬᠠᠳᠠᠭᠠᠯᠠᠨ᠎ᠠ; ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠬᠣᠷᠢᠭ᠎ᠠ ᠱᠤᠭᠤᠮ᠎ᠢ ᠪᠠᠷᠢᠮᠲᠠᠯᠠᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠨ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢᠯᠭᠠᠬᠤ ᠠᠵᠢᠯ᠎ᠤᠨ ᠦᠷ᠎ᠡ ᠪᠦᠲᠦᠮᠵᠢ᠎ᠶᠢ ᠦᠷᠭᠦᠯᠵᠢᠯᠡᠨ ᠪᠡᠬᠢᠵᠢᠭᠦᠯᠵᠦ᠂ ᠵᠠᠷᠤᠳ ᠲᠠᠯ᠎ᠠ ᠨᠤᠲᠤᠭ᠎ᠦᠨ ᠨᠡᠭᠦᠳᠡᠯ ᠮᠠᠯᠵᠢᠯ᠎ᠤᠨ ᠰᠢᠰᠲ᠋ᠧᠮ᠎ᠤᠨ ᠣᠷᠣᠰᠢᠨ ᠠᠮᠢᠳᠤᠷᠠᠬᠤ ᠰᠠᠭᠤᠷᠢ᠎ᠶᠢ ᠰᠠᠢᠲᠤᠷ ᠬᠠᠮᠠᠭᠠᠯᠠᠨ᠎ᠠ; ᠨᠡᠭᠦᠳᠡᠯ ᠮᠠᠯᠵᠢᠯ᠎ᠤᠨ ᠰᠣᠶᠣᠯ ᠪᠣᠯᠣᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠥᠨ᠂ ᠮᠢᠩᠭᠠᠨ ᠵᠢᠯ᠎ᠦᠨ ᠨᠡᠭᠦᠳᠡᠯ ᠮᠠᠯᠵᠢᠯ᠎ᠤᠨ ᠰᠣᠶᠣᠯ᠎ᠤᠨ ᠠᠭᠤᠯᠤᠭᠳᠠᠬᠤᠨ᠎ᠢ ᠭᠦᠨ ᠠᠭᠤᠳᠠᠯᠵᠤ᠂ ᠲᠤᠬᠠᠢ ᠵᠢᠨ ᠭᠠᠵᠠᠷ᠎ᠤᠨ ᠢᠯᠭᠠᠬᠳᠠᠨ ᠲᠠᠨᠢᠬᠳᠠᠬᠤᠢᠴᠠ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠵᠠᠮ ᠱᠤᠭᠤᠮ᠂ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠨᠡᠭᠡᠭᠡᠵᠤ ᠬᠥᠭᠵᠢᠭᠦᠯᠥᠨ᠂ ᠵᠠᠷᠤᠳ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠦᠯᠢᠭᠡᠷ᠎ᠢ ᠰᠠᠢᠲᠤᠷ ᠶᠠᠷᠢᠵᠤ᠂ ᠡᠴᠦᠰ᠎ᠲᠡᠬᠡᠨ ᠰᠣᠶᠣᠯ᠎ᠤᠨ ᠥᠪ᠎ᠢ ᠬᠠᠮᠠᠭᠠᠯᠠᠬᠤ᠂ ᠲᠠᠯ᠎ᠠ ᠨᠤᠲᠤᠭ᠎ᠤᠨ ᠠᠮᠢ ᠠᠬᠤᠢ᠎ᠶᠢ ᠬᠠᠮᠠᠭᠠᠯᠠᠬᠤ᠂ ᠮᠠᠯᠴᠢᠳ᠎ᠤᠨ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ ᠭᠤᠷᠪᠠᠨ ᠲᠠᠯ᠎ᠠ᠎ᠶᠢᠨ ᠬᠠᠮᠵᠢᠯᠴᠠᠨ ᠤᠷᠤᠭᠰᠢᠯᠠᠬᠤ᠎ᠶᠢ ᠪᠡᠶᠡᠯᠡᠭᠦᠯᠥᠨ᠂ ᠮᠢᠩᠭᠠᠨ ᠵᠢᠯ ᠤᠯᠠᠮᠵᠢᠯᠠᠭᠰᠠᠨ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠤᠶᠤᠨ ᠤᠬᠠᠭᠠᠨ᠎ᠢ ᠰᠢᠨ᠎ᠡ ᠴᠠᠭ ᠦᠶ᠎ᠡ᠎ᠳᠦ ᠤᠷᠳᠤ ᠤᠳᠠᠭᠠᠨ ᠠᠮᠢᠵᠢᠷᠠᠯ᠎ᠤᠨ ᠬᠦᠴᠦᠨ᠎ᠲᠠᠢ ᠪᠣᠯᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃