ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-19 16:53:10

ᠵᠣᠬᠢᠶᠠᠭ᠍ᠴᠢ᠄ ​ᠦᠨᠢᠷ ᠣᠩᠱᠢᠭ᠍ᠰᠠᠨ ᠣᠳᠠᠭ᠎ᠠ᠄ 3

— ᠦᠪᠦᠷ ᠮᠤᠩᠭᠤᠯ᠎ᠤᠨ ᠡᠯᠡᠰᠦᠷᠭᠡᠭᠵᠢᠯ᠎ᠢ ᠰᠡᠷᠭᠡᠢᠯᠡᠨ ᠡᠯᠡᠰᠦ ᠵᠢ ᠵᠠᠰᠠᠭᠰᠠᠨ ᠦᠢᠯᠡᠳᠦᠯᠭᠡ ᠵᠢᠨ ᠲᠤᠬᠠᠢ ᠰᠢᠷᠢᠰ ᠮᠡᠳᠡᠭᠡᠯᠡᠯ (ᠵᠢᠷᠭᠤᠭ᠎ᠠ)

ᠥᠪᠥᠷ ᠮᠣᠩᠭᠣᠯ ᠳ᠋ᠤ ᠳᠥᠷᠪᠡᠨ ᠶᠡᠬᠡ ᠡᠯᠡᠰᠦᠷᠬᠡᠭ ᠭᠠᠵᠠᠷ ᠳᠦᠷᠪᠡᠨ ᠶᠡᠬᠡ ᠡᠯᠡᠰᠦᠨ ᠴᠦᠯ᠎ᠪᠠᠢᠵᠤ᠂ ᠪᠥᠬᠥ᠌ ᠤᠯᠤᠰ ᠤ᠋ᠨ ᠴᠦᠯᠯᠡᠷᠭᠡᠭᠵᠢᠯ ᠡᠯᠡᠰᠦᠷᠬᠡᠭᠵᠢᠯ ᠤ᠋ᠨ ᠲᠠᠯᠠᠪᠠᠢ ᠪᠡᠷ ᠬᠠᠮᠤᠭ ᠤ᠋ᠨ ᠶᠡᠬᠡ ᠠᠮᠢ ᠠᠬᠤᠶ ᠢ᠋ᠢᠨ ᠬᠡᠪᠡᠷᠡᠭ ᠣᠷᠣᠨ ᠪᠣᠯᠤᠨ᠎ᠠ᠃ ᠣᠷᠳᠣ ᠬᠤᠭᠤᠴᠠᠭᠠᠨ ᠤ᠋ ᠲᠤᠷᠰᠢ ᠥᠪᠥᠷ ᠮᠣᠩᠭᠣᠯ 《ᠤᠮᠠᠷᠠᠲᠤ᠌ ᠢ᠋ᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠂ ᠡᠯᠡᠰᠦᠷᠬᠡᠭ ᠭᠠᠵᠠᠷ ᠤ᠋ᠨ ᠰᠦᠨᠦᠭᠡᠯᠲᠡ ᠢ᠋ᠢᠨ ᠳᠠᠶ᠋ᠢᠯᠠᠯᠳᠤᠭᠠᠨ ᠢ᠋ ᠡᠷᠴᠢᠮᠲᠠᠢ ᠠᠬᠢᠭᠤᠯᠵᠤ᠂ ᠴᠦᠯᠯᠡᠷᠭᠡᠭᠵᠢᠯ ᠡᠯᠡᠰᠦᠷᠬᠡᠭᠵᠢᠯ ᠤ᠋ᠨ ᠲᠠᠯᠠᠪᠠᠶ ᠢ᠋ᠢᠨ 《ᠬᠤᠤᠰ ᠬᠠᠰᠤᠭᠳᠠᠯ》 ᠢ᠋ ᠪᠠᠶᠠᠯᠠᠭᠦᠯᠪᠠ᠃

ᠮᠠᠨ ᠤ᠋ ᠣᠷᠣᠨ ᠤ᠋ ᠠᠭᠠᠷ ᠤ᠋ᠨ ᠳᠤᠯᠠᠭᠠᠨ ᠤ᠋ ᠵᠦᠷᠢᠶ᠎ᠠ ᠶᠡᠬᠡ᠂ ᠬᠤᠷ᠎ᠠ ᠲᠤᠨᠳᠠᠰᠤᠨ ᠤ᠋ ᠲᠠᠷᠬᠠᠯᠲᠠ ᠲᠡᠭᠰᠢ ᠪᠤᠰᠤ᠂ ᠠᠭᠤᠷ ᠠᠮᠢᠰᠬᠤᠯ ᠤ᠋ᠨ ᠬᠤᠪᠢᠷᠠᠯᠲᠠ ᠶᠡᠭᠡ ᠵᠡᠷᠭᠡ ᠣᠷᠣᠨ ᠪᠦᠰᠡ ᠢ᠋ᠢᠨ ᠠᠭᠤᠷ ᠠᠮᠢᠰᠬᠤᠯ ᠤ᠋ᠨ ᠣᠨᠴᠠᠯᠢᠭ ᠨᠢ ᠡᠯᠡᠰᠦᠷᠭᠡᠬᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠳ᠋ᠤ ᠰᠤᠷᠢᠯᠲᠠ ᠰᠢᠯᠭᠠᠯᠲᠠ ᠠᠪᠴᠢᠷᠠᠵᠤ᠂ ᠵᠠᠰᠠᠯᠲᠠ ᠢ᠋ᠢᠨ ᠦᠷ᠎ᠠ ᠪᠦᠲᠦᠮᠵᠢ᠎ᠵᠢ ᠨᠦᠯᠦᠭᠡᠯᠡᠵᠤ ᠪᠠᠢᠪᠠ᠃ ᠡᠬᠦᠨ᠎ᠳᠤ ᠦᠪᠦᠷ ᠮᠤᠡᠭᠭᠤᠯ ᠪᠣᠰᠣᠭ᠎ᠠ ᠴᠣᠭᠴᠠ ᠪᠡᠷ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠰᠢᠨᠵᠢᠯᠡᠬᠦ ᠤᠬᠠᠭᠠᠨᠴᠢ ᠪᠡᠷ ᠠᠭᠤᠷ ᠠᠮᠢᠰᠬᠤᠯ᠎ᠢ ᠰᠤᠳᠤᠯᠤᠨ ᠮᠠᠭᠠᠳᠯᠠᠬᠤ᠂ ᠬᠥᠮᠦᠨ ᠤ᠋ ᠬᠦᠴᠦ ᠪᠡᠷ ᠪᠤᠷᠤᠭᠠᠨ ᠨᠡᠮᠡᠭᠳᠡᠬᠦᠯᠬᠦ ᠵᠡᠷᠭᠡ ᠠᠷᠭ᠎ᠠ ᠬᠡᠮᠵᠢᠢ᠎ᠡ ᠢ᠋ᠢ ᠬᠡᠷᠡᠭᠵᠢᠭᠦᠯᠵᠤ᠂ ᠠᠭᠤᠷ ᠠᠮᠢᠰᠬᠤᠯ ᠤ᠋ᠨ ᠬᠤᠪᠢᠷᠠᠯᠲᠠ ᠢ᠋ᠢ ᠠᠷᠭᠠᠴᠠᠭᠠᠨ ᠠᠮᠢ ᠠᠬᠤᠢ ᠢ᠋ᠢᠨ ᠲᠦᠭᠰᠢᠭᠦᠷᠢ ᠢ᠋ᠢ ᠠᠷᠢᠯᠭᠠᠵᠤ᠂ ᠦᠪᠦᠷ ᠮᠤᠡᠭᠭᠤᠯ ᠤ᠋ᠨ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠤ ᠢ᠋ᠢ ᠵᠠᠰᠠᠬᠤ ᠠᠵᠢᠯ ᠳ᠋ᠤ ᠨᠠᠷᠢᠯᠢᠭ ᠣᠨᠣᠴᠠᠲᠠᠶ ᠴᠠᠭ ᠠᠭᠤᠷ ᠤ᠋ᠨ ᠲᠤᠯᠭᠠᠭᠤᠷᠢᠯᠠᠯ ᠬᠠᠡᠭᠭᠠᠪᠠ᠃   


AI ᠵᠢᠷᠤᠭ ᠢ᠋ ᠤᠯᠤᠰᠲᠦ ᠦᠢᠯᠡᠳᠪᠡ



ᠪᠣᠰᠣᠭ᠎ᠠ ᠴᠣᠭᠴᠠ ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ

ᠠᠮᠢ ᠠᠬᠤᠶ ᠵᠢᠨ 《ᠬᠠᠷᠠᠭᠤᠯ》

ᠤᠷᠢᠳᠴᠢᠯᠠᠨ ᠰᠡᠷᠡᠮᠵᠢᠯᠡᠭᠦᠯᠵᠤ ᠣᠨᠣᠴᠠᠲᠠᠢ ᠰᠡᠷᠭᠡᠶ᠋ᠢᠯᠡᠨ ᠡᠵᠡᠮᠳᠡᠬᠦ᠌ ᠪᠣᠯ ᠠᠮᠢ ᠠᠬᠤᠢ ᠢ᠋ᠢᠨ ᠵᠠᠰᠠᠯᠲᠠ ᠢ᠋ᠢᠨ ᠦᠷ᠎ᠡ ᠪᠦᠲᠦᠮᠵᠢ᠎ᠵᠢ ᠬᠠᠮᠠᠭᠠᠯᠠᠬᠤ ᠴᠢᠬᠤᠯᠠ ᠰᠡᠷᠭᠡᠢᠯᠡᠯᠲᠡ ᠢ᠋ᠢᠨ ᠱᠤᠭᠤᠮ ᠪᠤᠯᠤᠨ᠎ᠠ᠃ ᠬᠠᠪᠤᠷ ᠤ᠋ᠨ ᠤᠯᠠᠷᠢᠯ ᠳ᠋ᠤ ᠰᠠᠯᠬᠢ ᠶᠡᠬᠡ᠂ ᠡᠯᠡᠰᠦᠨ ᠰᠢᠭᠤᠷᠭ᠎ᠠ ᠤᠯᠠᠨ᠂ ᠵᠣᠨ ᠤ᠋ ᠤᠯᠠᠷᠢᠯ ᠳ᠋ᠤ ᠰᠢᠷᠦᠭᠦᠨ ᠪᠣᠷᠣᠭᠠᠨ ᠪᠤᠯᠤᠨ ᠤᠯᠠᠷᠢᠯ ᠤ᠋ᠨ ᠴᠢᠨᠠᠷᠲᠠᠶ ᠭᠠᠩ ᠬᠠᠭᠰᠠᠷᠠᠭᠠᠨ ᠳᠠᠪᠬᠤᠴᠠᠬᠤ ᠵᠡᠷᠭᠡ ᠠᠭᠤᠷ ᠠᠮᠢᠰᠬᠤᠯ ᠨᠢ ᠥᠪᠥᠷ ᠮᠣᠩᠭᠣᠯ ᠤ᠋ᠨ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠤ ᠢ᠋ᠢ ᠵᠠᠰᠠᠬᠰᠠᠨ ᠦᠷ᠎ᠡ ᠪᠦᠲᠦᠮᠵᠢ᠎ᠵᠢ ᠨᠦᠯᠦᠭᠡᠯᠡᠵᠤ ᠪᠠᠢᠳᠠᠭ᠃ ᠡᠨᠡ ᠬᠦ᠌ ᠪᠠᠢᠳᠠᠯ ᠳᠤᠤᠷ᠎ᠠ ᠦᠪᠦᠷ ᠮᠤᠡᠭᠭᠤᠯ ᠠᠮᠢ ᠠᠬᠤᠢ ᠢ᠋ᠢᠨ ᠴᠠᠭ ᠠᠭᠤᠷ ᠤ᠋ᠨ ᠠᠵᠢᠭᠯᠠᠯᠲᠠ ᠢ᠋ᠢᠨ ᠪᠠᠶ᠋ᠢᠷᠢᠰᠢᠭᠤᠯᠤᠯᠲᠠ ᠢ᠋ᠢ ᠰᠢᠯᠢᠳᠡᠭᠵᠢᠭᠦᠯᠵᠦ᠍᠂ ᠤᠯᠠᠮᠵᠢᠯᠠᠯᠲᠤ᠌ ᠲᠠᠩ ᠴᠡᠭ ᠤ᠋ᠨ ᠠᠵᠢᠭᠯᠠᠯᠲᠠ ᠢ᠋ᠢᠨ ᠵᠠᠭᠪᠤᠷ  ᠢ᠋ ᠡᠪᠳᠡᠨ᠂ ᠳᠠᠭᠠᠭᠤᠯᠢ ᠤᠳᠤᠨ ᠤ᠋ ᠠᠯᠤᠰ ᠡᠵᠡᠮᠰᠢᠯ᠂ ᠥᠨᠳᠥᠷ ᠣᠭᠲᠠᠷᠭᠤᠢ ᠢ᠋ᠢᠨ ᠬᠠᠶ᠋ᠢᠨ ᠬᠡᠮᠵᠢᠯᠲᠡ᠂ ᠭᠠᠵᠠᠷ ᠤ᠋ᠨ ᠭᠠᠳᠠᠷᠭᠤ ᠢ᠋ᠢᠨ ᠬᠢᠨᠠᠨ ᠬᠡᠮᠵᠢᠯᠲᠡ ᠢ᠋ᠢ ᠨᠢᠭᠡ ᠴᠤᠬᠴᠠᠵᠢᠭᠤᠯᠤᠭᠰᠠᠨ ᠪᠣᠰᠣᠭ᠎ᠠ ᠴᠣᠭᠴᠠ ᠪᠠᠷ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠰᠢᠰᠲ᠋ᠧᠮ ᠢ᠋ ᠪᠠᠶ᠋ᠢᠭᠤᠯᠵᠤ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠤ ᠠᠵᠢᠯ ᠳ᠋ᠤ ᠦᠢᠯᠡᠴᠢᠯᠡᠭᠦᠯᠪᠠ᠃

ᠦᠪᠦᠷ ᠮᠤᠡᠭᠭᠤᠯ  ᠪᠣᠰᠣᠭ᠎ᠠ ᠴᠣᠭᠴᠠ ᠪᠠᠷ ᠬᠢᠨᠠᠨ ᠬᠡᠮᠵᠢᠵᠤ ᠤᠷᠢᠳᠴᠢᠯᠡᠨ ᠰᠡᠷᠡᠮᠵᠢᠯᠡᠬᠦᠯᠬᠦ ᠰᠢᠰᠲᠸᠮ ᠳ᠋ᠤ ᠲᠦᠰᠢᠭᠯᠡᠨ᠂ ᠡᠯᠡᠰᠦᠨ ᠰᠢᠭᠤᠷᠭ᠎ᠠ ᠢ᠋ᠢᠨ ᠭᠠᠮᠰᠢᠭ᠂ ᠱᠠᠲᠤᠴᠢ ᠴᠢᠨᠠᠷᠲᠠᠶ ᠭᠠᠩ ᠬᠠᠭᠰᠠᠷᠠᠭᠠᠨ᠂ ᠬᠡᠲᠦᠷᠡᠮᠡᠬᠡᠶ ᠬᠤᠷ᠎ᠠ ᠲᠣᠨᠳᠠᠰᠤ ᠢ᠋ᠢᠨ ᠤᠷᠢᠳᠴᠢᠯᠠᠨ ᠰᠡᠷᠡᠮᠵᠢᠯᠡᠭᠦᠯᠬᠦ᠌ ᠲᠣᠭᠲᠠᠴᠠ ᠢ᠋ᠢ ᠪᠠᠶ᠋ᠢᠭᠤᠯᠵᠤ᠂ ᠣᠯᠠᠨ ᠰᠠᠯᠠᠭ᠎ᠠ ᠮᠥᠴᠢᠷ᠎ᠦᠨ ᠬᠠᠮᠲᠤᠷᠠᠨ ᠰᠡᠷᠭᠡᠶ᠋ᠢᠯᠡᠵᠦ᠍ ᠬᠠᠮᠲᠤᠷᠠᠨ ᠡᠵᠡᠮᠳᠡᠬᠦ᠌ ᠰᠢᠰᠲ᠋ᠧᠮ ᠢ᠋ ᠪᠦᠷᠢᠯᠳᠦᠭᠦᠯᠵᠤ᠂ ᠬᠠᠪᠤᠷ ᠤ᠋ᠨ ᠤᠯᠠᠷᠢᠯ ᠤ᠋ᠨ ᠡᠯᠡᠰᠦᠨ ᠰᠢᠭᠤᠷᠭ᠎ᠠ ᠣᠯᠠᠨ ᠡᠭᠦᠰᠬᠦ᠌ ᠬᠤᠭᠤᠴᠠᠭ᠎ᠠ᠂ ᠵᠣᠨ ᠤ᠋ ᠤᠯᠠᠷᠢᠯ ᠤ᠋ᠨ ᠭᠠᠩ ᠬᠠᠭᠤᠷᠠᠶ ᠬᠤᠭᠤᠴᠠᠭ᠎ᠠ᠂ ᠨᠠᠮᠤᠷ ᠤ᠋ᠨ ᠤᠯᠠᠷᠢᠯ ᠤ᠋ᠨ ᠤᠷᠭᠤᠮᠠᠯ ᠤ᠋ᠨ ᠬᠤᠴᠢᠯᠭ᠎ᠠ ᠢ᠋ᠢ ᠠᠷᠠᠴᠢᠯᠠᠨ ᠬᠠᠮᠠᠭᠠᠯᠠᠬᠤ ᠬᠤᠭᠤᠴᠠᠭᠠᠨ ᠳ᠋ᠤ ᠴᠢᠭᠯᠡᠭᠦᠯᠦᠨ᠂ ᠠᠭᠤᠷ ᠠᠮᠢᠰᠬᠤᠯ ᠤ᠋ᠨ ᠬᠡᠯᠪᠡᠯᠵᠡᠬᠦ᠌ ᠬᠠᠨᠳᠤᠰᠢ ᠢ᠋ᠢ ᠣᠨᠣᠪᠴᠢᠲᠠᠶ ᠰᠤᠳᠤᠯᠤᠨ ᠮᠠᠭᠠᠳᠯᠠᠵᠤ᠂ ᠲᠦᠭᠰᠢᠭᠦᠷᠢ ᠢ᠋ᠢᠨ ᠰᠠᠨᠠᠭᠤᠯᠤᠮᠵᠢ ᠢ᠋ᠢ ᠤᠷᠢᠳᠴᠢᠯᠠᠨ ᠨᠡᠶ᠋ᠢᠲᠡᠯᠡᠵᠦ᠂ ᠡᠯ᠎ᠡ ᠭᠠᠵᠠᠷ ᠤ᠋ᠨ᠎ᠬᠢᠨ ᠢ᠋ ᠵᠢᠯᠣᠭᠣᠳᠴᠤ᠌ ᠪᠠᠶ᠋ᠢᠭᠠᠳ ᠡᠯᠡᠰᠦᠷᠬᠡᠭ ᠭᠠᠵᠠᠷ ᠢ᠋ ᠪᠡᠬᠢᠵᠢᠭᠦᠯᠬᠦ᠌᠂ ᠤᠷᠭᠤᠮᠠᠯ ᠤ᠋ᠨ ᠬᠤᠴᠢᠯᠭ᠎ᠠ ᠢ᠋ᠢ ᠬᠠᠮᠠᠭᠠᠯᠠᠬᠤ᠂ ᠭᠠᠮᠰᠢᠭ ᠢ᠋ ᠰᠡᠷᠭᠡᠶ᠋ᠢᠯᠡᠬᠦ᠌ ᠠᠵᠢᠯ ᠢ᠋ ᠴᠠᠭ ᠲᠤᠬᠠᠶ ᠳ᠋ᠤᠨᠢ ᠥᠷᠨᠢᠭᠦᠯᠪᠠ᠃ ᠢᠯᠠᠩᠭᠤᠶ᠎ᠠ ᠬᠣᠷᠴᠢᠨ ᠤ᠋ ᠡᠯᠡᠰᠦᠷᠬᠡᠭ ᠭᠠᠵᠠᠷ᠂ ᠪᠠᠷᠠᠭᠤᠨ ᠯᠢᠶᠣᠤᠾᠧ ᠭᠤᠤᠯ ᠤ᠋ᠨ ᠰᠠᠪᠠ ᠭᠠᠵᠠᠷ ᠵᠡᠷᠭᠡ ᠭᠤᠤᠯᠳᠠᠯᠭ᠎ᠠ᠎ᠲᠠᠶ ᠵᠠᠰᠠᠯᠲᠠ ᠢ᠋ᠢᠨ ᠣᠷᠣᠨ᠎ᠳᠦ ᠥᠨᠳᠥᠷ ᠳᠠᠪᠲᠠᠮᠵᠢᠲᠤ᠌ ᠬᠥᠳᠡᠯᠦᠩᠭᠦᠶ ᠬᠢᠨᠠᠨ ᠬᠡᠮᠵᠢᠯᠲᠠ ᠬᠢᠵᠤ᠂ ᠠᠭᠤᠷ ᠠᠮᠢᠰᠬᠤᠯ ᠤ᠋ᠨ ᠬᠤᠪᠢᠷᠠᠯᠲᠠ ᠬᠢᠭᠡᠳ ᠤᠷᠭᠤᠮᠠᠯ ᠤ᠋ᠨ ᠬᠤᠴᠢᠯᠭ᠎ᠠ ᠢ᠋ᠢᠨ ᠤᠯᠠᠷᠢᠨ ᠬᠤᠪᠢᠰᠬᠤ ᠵᠢᠮ᠎ᠡ ᠶᠣᠰᠣ ᠢ᠋ᠢ ᠣᠨᠣᠪᠴᠢᠲᠠᠶ ᠡᠵᠡᠮᠰᠢᠵᠦ᠍᠂ ᠡᠯᠡᠰᠦᠨ᠎ᠦ ᠪᠠᠶ᠋ᠢᠳᠠᠯ ᠢ᠋ ᠬᠥᠳᠡᠯᠦᠩᠭᠦᠶ ᠪᠡᠷ ᠬᠢᠨᠠᠨ ᠬᠡᠮᠵᠢᠵᠦ᠍ ᠪᠣᠯᠬᠤ᠂ ᠠᠮᠢ ᠠᠬᠤᠶ ᠢ᠋ᠢᠨ ᠲᠦᠭᠰᠢᠭᠦᠷᠢ ᠢ᠋ᠢ ᠰᠡᠷᠡᠮᠵᠢᠯᠡᠭᠦᠯᠵᠦ᠍ ᠪᠣᠯᠬᠤ᠂ ᠵᠠᠰᠠᠬᠤ ᠪᠠᠶ᠋ᠢᠷᠢᠯᠠᠭᠤᠯᠤᠯᠲᠠ ᠢ᠋ᠢ ᠤᠷᠢᠳᠴᠢᠯᠠᠭᠤᠯᠵᠤ ᠪᠣᠯᠬᠤ ᠢ᠋ᠢ ᠪᠡᠶᠡᠯᠡᠭᠦᠯᠦᠨ᠂ ᠪᠤᠳᠤᠯᠢᠶᠠᠨᠲᠠᠶ ᠠᠭᠤᠷ ᠠᠮᠢᠰᠬᠤᠯ ᠤ᠋ᠨ ᠰᠢᠯᠭᠠᠯᠲᠠ᠎ᠳᠤᠮᠳᠠᠬᠢ ᠰᠠᠨᠠᠭᠠᠴᠢᠯᠠᠭᠠᠲᠤ᠌ ᠡᠷᠬᠡ ᠢ᠋ᠢ ᠪᠠᠲᠤ᠌ ᠡᠵᠡᠮᠳᠡᠵᠤ ᠪᠠᠢᠨ᠎ᠠ᠃

ᠪᠥᠬᠥ᠌ ᠤᠯᠤᠰ ᠤ᠋ᠨ ᠠᠩᠬᠠᠳᠠᠭᠴᠢ ᠠᠮᠢ ᠠᠬᠤᠶ ᠢ᠋ᠢᠨ ᠴᠠᠭ ᠠᠭᠤᠷ ᠤ᠋ᠨ ᠲᠥᠪ ᠢ᠋ ᠠᠯᠠᠱᠠ ᠠᠢᠮᠠᠭ ᠲᠦ᠍ ᠨᠤᠲᠤᠭᠰᠢᠭᠤᠯᠵᠤ᠂ ᠡᠯᠡᠰᠦ ᠮᠠᠡᠭᠬᠠᠨ ᠤ᠋ ᠰᠢᠯᠵᠢᠯᠲᠡ ᠢ᠋ᠢᠨ ᠵᠠᠮ ᠢ᠋ ᠮᠥᠷᠳᠡᠨ ᠪᠤᠳᠤᠬᠤ ᠠᠷᠭ᠎ᠠ ᠢ᠋ᠢ ᠰᠤᠳᠤᠯᠤᠨ ᠨᠡᠭᠡᠭᠡᠵᠦ᠍᠂ ᠪᠠᠳᠠᠢ ᠢ᠋ᠢᠨ ᠵᠢᠷᠠᠨ᠂ ᠲᠩᠷᠢ ᠡᠯᠡᠰᠤ᠂ ᠤᠯᠠᠭᠠᠨᠪᠤᠬ᠎ᠠ᠎ᠵᠢᠨ ᠡᠯᠡᠰᠦᠨ ᠴᠥᠯ ᠤ᠋ᠨ ᠬᠥᠳᠡᠯᠦᠩᠭᠦᠶ ᠬᠤᠪᠢᠷᠠᠯᠲᠠ ᠢ᠋ᠢ ᠠᠯᠤᠰ ᠰᠡᠷᠡᠯ ᠢ᠋ᠢᠡᠷ ᠬᠢᠨᠠᠨ ᠬᠡᠮᠵᠢᠬᠦ᠌ ᠢ᠋ᠢ ᠪᠡᠶᠡᠯᠡᠭᠦᠯᠪᠡ᠃ ᠠᠯᠠᠱᠠ ᠠᠶ᠋ᠢᠮᠠᠭ ᠤ᠋ᠨ ᠴᠠᠭ ᠠᠭᠤᠷ ᠤ᠋ᠨ ᠲᠣᠪᠴᠢᠶ᠎ᠠ᠎ᠵᠢᠨ ᠬᠢᠨ ᠠᠵᠢᠭᠯᠠᠯᠲᠠ ᠢ᠋ᠢᠨ ᠥᠷᠲᠡᠭᠡ ᠲᠤᠤᠷ ᠤ᠋ᠨ ᠪᠠᠶ᠋ᠢᠷᠢᠰᠢᠭᠤᠯᠤᠯᠲᠠ ᠢ᠋ᠢ ᠰᠢᠯᠢᠳᠡᠭᠵᠢᠭᠦᠯᠵᠦ᠍᠂ ᠵᠠᠩᠭᠢᠯᠠᠭ᠎ᠠ ᠢ᠋ᠢᠨ ᠣᠷᠣᠨ ᠪᠦᠰᠡ ᠳ᠋ᠤ 35 ᠴᠠᠭ ᠠᠭᠤᠷ ᠤ᠋ᠨ ᠥᠷᠲᠡᠭᠡ ᠴᠡᠭ ᠪᠠᠶ᠋ᠢᠭᠤᠯᠵᠤ᠂ ᠡᠭᠦᠨ ᠳ᠋ᠤ 4 ᠥᠷᠲᠡᠭᠡ ᠴᠡᠭ᠎ᠨᠢ ᠰᠠᠯᠬᠢᠨ ᠤ᠋ ᠬᠤᠷᠳᠤᠴᠠ᠂ ᠰᠠᠯᠬᠢᠨ ᠤ᠋ ᠴᠢᠭᠯᠡᠯ᠂ ᠬᠥᠷᠥᠰᠥ᠍ ᠰᠢᠷᠣᠶ ᠢ᠋ᠢᠨ ᠴᠢᠭᠢᠭ ᠤ᠋ᠨ ᠪᠠᠶ᠋ᠢᠳᠠᠯ ᠵᠡᠷᠭᠡ ᠭᠤᠤᠯ ᠬᠦᠴᠦᠨ ᠵᠦᠢᠯ ᠢ᠋ ᠪᠦᠬᠦᠯᠢ ᠡᠳᠦᠷ ᠢ᠋ᠢᠡᠷ ᠬᠢᠨᠠᠨ ᠬᠡᠮᠵᠢᠵᠤ ᠪᠠᠢᠳᠠᠭ᠃

ᠬᠣᠷᠴᠢᠨ ᠤ᠋ ᠡᠯᠡᠰᠦᠷᠬᠡᠭ ᠭᠠᠵᠠᠷ ᠤ᠋ᠨ ᠰᠦᠨᠦᠭᠡᠯᠲᠡ ᠢ᠋ᠢᠨ ᠳᠠᠶ᠋ᠢᠯᠠᠯᠳᠤᠭᠠᠨ ᠤ᠋ ᠭᠤᠤᠯ ᠲᠠᠯᠠᠪᠤᠷ ᠪᠣᠯᠤᠭᠰᠠᠨ ᠤ᠋ ᠬᠤᠪᠢ ᠳ᠋ᠤ᠂ ᠲᠦᠩᠯᠢᠶᠣᠤ ᠬᠣᠲᠠ ᠢ᠋ᠢᠨ ᠡᠯᠡᠰᠦᠷᠬᠡᠭ ᠭᠠᠵᠠᠷ ᠤ᠋ᠨ ᠲᠠᠯᠠᠪᠠᠶ ᠨᠢ ᠬᠣᠷᠴᠢᠨ ᠤ᠋ ᠡᠯᠡᠰᠦᠷᠬᠡᠭ ᠭᠠᠵᠠᠷ ᠤ᠋ᠨ ᠶᠡᠷᠦᠩᠬᠡᠶ ᠲᠠᠯᠠᠪᠠᠶ ᠢ᠋ᠢᠨ 55.2% ᠢ᠋ ᠡᠵᠡᠯᠡᠵᠦ᠍᠂ ᠴᠢᠬᠢ ᠮᠣᠳᠣᠨ ᠤ᠋ ᠡᠳᠡᠭᠡᠷᠡᠯᠲᠡ ᠢ᠋ᠢᠨ ᠨᠣᠷᠮ᠎ᠠ ᠥᠩᠭᠡᠷᠡᠭᠰᠡᠨ ᠳ᠋ᠤ ᠵᠥᠪᠬᠡᠨ 50% ᠣᠷᠴᠢᠮ ᠪᠠᠶ᠋ᠢᠪᠠ᠃ ᠡᠢᠨ ᠬᠦ᠌ ᠲᠦᠩᠯᠢᠶᠣᠤ ᠬᠣᠲᠠ ᠠᠮᠢ ᠠᠬᠤᠶ ᠢ᠋ᠢᠨ ᠬᠢᠨᠠᠨ ᠬᠡᠮᠵᠢᠬᠦ᠌ ᠥᠷᠲᠡᠭᠡ ᠴᠡᠭ ᠢ᠋ ᠨᠢᠭᠲᠠᠵᠢᠭᠤᠯᠤᠨ ᠪᠠᠶ᠋ᠢᠷᠢᠯᠠᠭᠤᠯᠵᠤ᠂ 237 ᠠᠮᠢ ᠠᠬᠤᠶ ᠢ᠋ᠢᠨ ᠴᠠᠭ ᠠᠭᠤᠷ ᠤ᠋ᠨ ᠥᠷᠲᠡᠭᠡ᠂ 116 ᠬᠥᠷᠥᠰᠥ᠍ ᠰᠢᠷᠣᠶ ᠢ᠋ᠢ ᠬᠢᠨᠠᠨ ᠬᠡᠮᠵᠢᠬᠦ᠌ ᠥᠷᠲᠡᠭᠡ᠂ 8 ᠴᠠᠭ ᠠᠭᠤᠷ ᠤ᠋ᠨ ᠷᠠᠳᠠᠷ ᠢ᠋ ᠪᠠᠶ᠋ᠢᠭᠤᠯᠵᠤ᠂ 《ᠲᠢᠶᠠᠨ ᠢᠦᠶ》 ᠤᠶᠤᠨᠲᠤ᠌ ᠴᠠᠭ ᠠᠭᠤᠷ ᠤ᠋ᠨ ᠦᠢᠯᠡᠴᠢᠯᠡᠭᠡᠨ᠎ᠦ ᠲᠠᠪᠴᠠᠩ ᠢ᠋ ᠪᠠᠶ᠋ᠢᠭᠤᠯᠵᠤ᠂  ᠪᠥᠬᠥ᠌ ᠣᠷᠣᠨ ᠪᠦᠰᠡ ᠢ᠋ᠢᠨ ᠠᠮᠢ ᠠᠬᠤᠶ ᠢ᠋ᠢᠨ ᠴᠠᠭ ᠠᠭᠤᠷ ᠤ᠋ᠨ ᠲᠣᠭ᠎ᠠ ᠪᠠᠷᠢᠮᠲᠠ ᠢ᠋ᠢ ᠮᠢᠨᠦᠶ᠋ᠲ ᠢ᠋ᠢᠡᠷ ᠰᠢᠨᠡᠳᠬᠡᠬᠦ᠌ ᠢ᠋ᠢ ᠪᠡᠶᠡᠯᠡᠭᠦᠯᠵᠡᠢ; ᠬᠤᠯᠠᠨ ᠰᠢᠷᠭ᠎ᠠ ᠲᠠᠭ᠎ᠠ ᠢ᠋ᠢᠨ ᠡᠯᠡᠰᠦᠷᠬᠡᠭ ᠭᠠᠵᠠᠷ᠂ ᠬᠠᠲᠤᠨ ᠭᠤᠤᠯ ᠤ᠋ᠨ 《ᠶᠡᠬᠡ ᠲᠣᠬᠣᠶ》 ᠢ᠋ᠢᠨ ᠡᠯᠡᠰᠦᠷᠬᠡᠭ ᠤᠷᠤᠨ ᠳ᠋ᠤ ᠬᠥᠳᠡᠯᠦᠩᠭᠦᠶ ᠠᠯᠤᠰ ᠰᠡᠷᠡᠯ ᠤ᠋ᠨ ᠦᠨᠡᠯᠡᠨ ᠵᠢᠱ᠌ᠢᠯᠲᠡ ᠢ᠋ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠍᠂ ᠠᠮᠢ ᠠᠬᠤᠶ ᠢ᠋ᠢᠨ ᠬᠤᠪᠢᠷᠠᠯᠲᠠ ᠢ᠋ᠢᠨ ᠵᠠᠳᠠᠯᠤᠯᠲᠠ ᠢ᠋ᠢᠨ ᠮᠡᠳᠡᠭᠦᠯᠦᠯᠲᠡ ᠢ᠋ᠢ ᠪᠤᠢ ᠪᠤᠯᠭᠠᠵᠤ᠂ ᠲᠠᠴᠢᠷᠳᠠᠵᠤ ᠡᠯᠡᠰᠦᠷᠬᠡᠭᠵᠢᠭᠰᠡᠨ ᠣᠷᠣᠨ ᠪᠦᠰᠡ ᠢ᠋ᠢ ᠣᠨᠣᠪᠴᠢᠲᠠᠶ ᠪᠡᠷ ᠢᠯᠭᠠᠨ ᠲᠠᠨᠢᠵᠤ᠂ ᠭᠤᠤᠯᠳᠠᠯᠭ᠎ᠠ ᠲᠠᠢ ᠵᠠᠰᠠᠬᠤ ᠣᠷᠣᠨ ᠢ᠋ ᠢᠯᠭᠠᠨ ᠲᠣᠭᠲᠠᠭᠠᠬᠤ ᠳ᠋ᠤ ᠲᠣᠭ᠎ᠠ ᠪᠠᠷᠢᠮᠲᠠ ᠢ᠋ᠢᠨ ᠦᠨᠳᠦᠰᠦᠯᠡᠯ ᠬᠠᠩᠭᠠᠪᠠ᠃

ᠪᠣᠰᠣᠭ᠎ᠠ ᠴᠣᠭᠴᠠ ᠪᠡᠷ ᠬᠢᠨᠠᠨ ᠬᠡᠮᠵᠢᠵᠦ᠍ ᠤᠷᠢᠳᠴᠢᠯᠡᠨ ᠰᠡᠷᠡᠮᠵᠢᠯᠡᠬᠦᠯᠬᠦ ᠰᠢᠰᠲᠧᠮ ᠨᠢ ᠠᠮᠢ ᠠᠬᠤᠶ ᠢ᠋ᠢᠨ 《ᠬᠠᠷᠠᠭᠤᠯ》 ᠪᠤᠯᠵᠤ᠂ ᠰᠠᠯᠬᠢ ᠡᠯᠡᠰᠦᠨ ᠤ᠋ ᠭᠠᠮᠰᠢᠭ ᠢ᠋ 《ᠭᠠᠮᠰᠢᠭ ᠤ᠋ᠨ ᠳᠠᠷᠠᠭ᠎ᠠ ᠨᠥᠬᠥᠵᠦ᠍ ᠠᠪᠤᠷᠠᠬᠤ ᠡᠴᠡ ᠭᠠᠮᠰᠢᠭ ᠡᠴᠡ ᠡᠮᠦᠨ᠎ᠡ ᠰᠡᠷᠭᠡᠶ᠋ᠢᠯᠡᠬᠦ᠌》 ᠲᠡᠢᠰᠢ ᠬᠤᠪᠢᠷᠠᠭᠤᠯᠬᠤ ᠳ᠋ᠤ ᠴᠢᠩᠭ᠎ᠠ ᠬᠦᠴᠦᠲᠠᠢ ᠮᠡᠷᠭᠡᠵᠢᠯ ᠤ᠋ᠨ ᠲᠤᠯᠭᠠᠭᠤᠷᠢᠯᠠᠯ ᠬᠠᠡᠭᠭᠠᠵᠤ ᠪᠠᠢᠨ᠎ᠠ᠃



ᠠᠭᠤᠷ᠎ᠠᠮᠢᠰᠬᠤᠯ᠎ᠢ ᠰᠤᠳᠤᠯᠤᠨ ᠮᠠᠭᠠᠳᠯᠠᠬᠤ ᠦᠢᠯᠡᠴᠢᠯᠡᠭᠡ

ᠰᠢᠨᠵᠢᠯᠡᠬᠦ ᠤᠬᠠᠭᠠᠨᠴᠢ ᠵᠠᠰᠠᠯᠳᠠ

ᠥᠪᠥᠷ ᠮᠣᠩᠭᠣᠯ ᠤ᠋ᠨ ᠭᠠᠵᠠᠷ ᠨᠤᠲᠤᠭ ᠥᠷᠭᠡᠨ ᠠᠭᠤᠳᠠᠮ᠂ ᠵᠡᠭᠦᠨ᠎ᠡᠴᠡ ᠪᠠᠷᠠᠭᠤᠨᠰᠢ ᠠᠭᠤᠷ ᠠᠮᠢᠰᠬᠤᠯ ᠤ᠋ᠨ ᠵᠥᠷᠢᠶ᠎ᠡ ᠶᠡᠬᠡ᠂ ᠡᠯᠡᠰᠦᠷᠬᠡᠭ ᠭᠠᠵᠠᠷ ᠤ᠋ᠨ ᠲᠥᠷᠥᠯ ᠬᠡᠯᠪᠡᠷᠢ ᠠᠳᠠᠯᠢ ᠥᠬᠡᠶ᠂ ᠣᠷᠣᠨ ᠪᠦᠰᠡ ᠢ᠋ᠢᠨ ᠠᠮᠢ ᠠᠬᠤᠶ ᠢ᠋ᠢᠨ ᠳᠠᠭᠠᠭᠠᠴᠠ ᠲᠡᠭᠰᠢ ᠪᠤᠰᠤ ᠪᠠᠢᠳᠠᠭ᠃ ᠡᠢᠨ ᠬᠦ᠌ ᠦᠪᠦᠷ ᠮᠤᠡᠭᠭᠤᠯ ᠬᠡᠳᠦᠨ ᠠᠷᠪᠠᠨ ᠵᠢᠯ ᠤ᠋ᠨ ᠠᠭᠤᠷ ᠠᠮᠢᠰᠬᠤᠯ ᠤ᠋ᠨ ᠠᠵᠢᠭᠯᠠᠯᠲᠠ ᠢ᠋ᠢᠨ ᠲᠣᠭ᠎ᠠ ᠪᠠᠷᠢᠮᠲᠠ ᠢ᠋ᠢ ᠭᠦᠨᠵᠡᠭᠡᠢ ᠠᠭᠤᠳᠠᠯᠵᠤ᠂ ᠠᠭᠤᠷ ᠠᠮᠢᠰᠬᠤᠯ ᠤ᠋ᠨ ᠬᠤᠪᠢᠷᠠᠯᠲᠠ ᠢ᠋ᠢᠨ ᠵᠢᠮ᠎ᠡ ᠶᠣᠰᠣ ᠢ᠋ᠢ ᠡᠯᠡᠰᠦ ᠢ᠋ᠢ ᠵᠠᠰᠠᠬᠤ ᠲᠥᠯᠥᠪᠵᠢᠭᠦᠯᠭᠡ᠎ᠳᠦ ᠪᠥᠬᠥ᠌ ᠲᠠᠯ᠎ᠠ᠎ᠪᠠᠷ ᠠᠭᠤᠰᠤᠯᠴᠠᠭᠤᠯᠵᠤ᠂ ᠠᠭᠤᠷ ᠠᠮᠢᠰᠬᠤᠯ ᠢ᠋ ᠰᠤᠳᠤᠯᠤᠨ ᠮᠠᠭᠠᠳᠯᠠᠬᠤ ᠦᠢᠯᠡᠴᠢᠯᠡᠭᠡ᠎ᠵᠢ ᠣᠷᠣᠨ ᠪᠦᠰᠠ ᠬᠤᠪᠢᠶᠠᠨ ᠥᠷᠨᠢᠭᠦᠯᠵᠦ᠍᠂ ᠰᠢᠨᠵᠢᠯᠡᠬᠦ ᠤᠬᠠᠭᠠᠨᠴᠢ ᠵᠠᠰᠠᠯᠲᠠ ᠪᠠᠷ ᠳᠠᠮᠵᠢᠭᠤᠯᠤᠨ ᠠᠭᠤᠷ ᠠᠮᠢᠰᠬᠤᠯ ᠤ᠋ᠨ ᠬᠤᠪᠢᠷᠠᠯᠲᠠ ᠡᠴᠡ ᠪᠣᠯᠤᠭᠰᠠᠨ ᠠᠮᠢ ᠠᠬᠤᠢ ᠢ᠋ᠢᠨ ᠬᠦᠴᠢᠷ ᠠᠰᠠᠭᠤᠳᠠᠯ ᠢ᠋ ᠪᠦᠲᠦᠮᠵᠢᠲᠡᠢ ᠰᠢ᠌ᠳᠪᠦᠷᠢᠯᠡᠵᠤ ᠪᠠᠢᠨ᠎ᠠ᠃

ᠥᠩᠭᠡᠷᠡᠭᠰᠡᠨ ᠳ᠋ᠤ ᠵᠠᠷᠢᠮ ᠭᠠᠵᠠᠷ ᠣᠷᠣᠨ ᠪᠦᠰᠡ ᠢ᠋ᠢᠨ ᠠᠭᠤᠷ ᠠᠮᠢᠰᠬᠤᠯ ᠤ᠋ᠨ ᠵᠥᠷᠢᠶ᠎ᠡ ᠢ᠋ᠢ ᠣᠮᠲᠤᠭᠠᠶ᠋ᠢᠯᠠᠨ᠂ ᠤᠷᠭᠤᠮᠠᠯ ᠤ᠋ᠨ ᠬᠤᠴᠢᠯᠭ᠎ᠠ ᠢ᠋ᠢᠨ ᠲᠥᠷᠥᠯ ᠵᠦᠢᠯ ᠢ᠋ ᠰᠣᠬᠣᠷ ᠪᠠᠯᠠᠶ ᠪᠡᠷ ᠰᠣᠩᠭᠣᠭᠰᠠᠨ ᠡᠴᠡ ᠴᠢᠬᠢ ᠮᠣᠳᠣᠨ ᠤ᠋ ᠡᠳᠡᠭᠡᠷᠡᠯᠲᠡ ᠢ᠋ᠢᠨ ᠨᠣᠷᠮ᠎ᠠ ᠳᠤᠤᠷ᠎ᠠ᠂ ᠵᠠᠰᠠᠯᠲᠠ ᠢ᠋ᠢᠨ ᠦᠷ᠎ᠡ ᠪᠦᠲᠦᠮᠵᠢ ᠠᠨᠠᠢ ᠪᠠᠢᠪᠠ᠃ ᠡᠨᠡ ᠬᠦ᠌ ᠪᠠᠢᠳᠠᠯ᠎ᠳᠤ ᠴᠢᠭᠯᠡᠭᠦᠯᠦᠨ ᠦᠪᠦᠷ ᠮᠤᠡᠭᠭᠤᠯ ᠤ᠋ᠨ ᠴᠠᠭ ᠠᠭᠤᠷ ᠤ᠋ᠨ ᠰᠠᠯᠠᠭ᠎ᠠ ᠮᠥᠴᠢᠷ᠎ᠤᠨ ᠬᠢᠨ ᠣᠶ᠋ᠢᠷ᠎ᠠ ᠢ᠋ᠢᠨ 30 ᠵᠢᠯ ᠤ᠋ᠨ ᠪᠥᠬᠥ᠌ ᠣᠷᠣᠨ ᠪᠦᠰᠡ ᠢ᠋ᠢᠨ ᠬᠤᠷ᠎ᠠ ᠲᠣᠨᠳᠠᠰᠤ᠂ ᠠᠭᠤᠷᠰᠢᠯᠲᠠ᠂ ᠰᠠᠯᠬᠢᠨ ᠤ᠋ ᠬᠦᠴᠦᠨ᠂ ᠰᠠᠯᠬᠢᠨ ᠤ᠋ ᠴᠢᠭᠯᠡᠯ᠂  ᠬᠢᠷᠠᠭᠤ ᠦᠭᠡᠶ ᠬᠤᠭᠤᠴᠠᠭ᠎ᠠ᠂ ᠬᠥᠷᠥᠰᠥᠨ ᠤ᠋ ᠴᠢᠭᠢᠭ ᠤ᠋ᠨ ᠪᠠᠶ᠋ᠢᠳᠠᠯ ᠵᠡᠷᠭᠡ ᠠᠭᠤᠷ ᠠᠮᠢᠰᠬᠤᠯ ᠤ᠋ᠨ ᠣᠨᠴᠠᠯᠢᠭ ᠢ᠋ ᠰᠢᠰᠲ᠋ᠧᠮ ᠲᠠᠢ ᠡᠮᠬᠢᠯᠡᠵᠦ᠍᠂ ᠪᠦᠬᠦ᠌ ᠣᠷᠣᠨ ᠤ᠋ ᠡᠯᠡᠰᠦᠷᠬᠡᠭ ᠭᠠᠵᠠᠷ ᠢ᠋ ᠲᠤᠶ᠋ᠢᠯ ᠤ᠋ᠨ ᠭᠠᠩ ᠬᠠᠭᠤᠷᠠᠶ ᠡᠯᠡᠰᠦᠷᠬᠡᠭ ᠣᠷᠣᠨ᠂ ᠬᠠᠭᠠᠰ ᠭᠠᠩ ᠬᠠᠭᠤᠷᠠᠶ ᠡᠯᠡᠰᠦᠷᠬᠡᠭ ᠣᠷᠣᠨ᠂ ᠮᠠᠯ ᠠᠵᠤ ᠠᠬᠤᠶ ᠲᠠᠷᠢᠶᠠᠯᠠᠩ ᠰᠣᠯᠪᠢᠴᠠᠭᠰᠠᠨ ᠡᠯᠡᠰᠦᠷᠬᠡᠭ ᠣᠷᠣᠨ ᠭᠡᠵᠤ ᠬᠤᠪᠢᠶᠠᠨ ᠠᠮᠢ ᠠᠬᠤᠶ ᠢ᠋ᠢ ᠰᠡᠷᠭᠦᠭᠡᠬᠦ᠌ ᠲᠥᠰᠦᠯ ᠲᠤᠭᠲᠠᠭᠠᠪᠠ᠃

ᠠᠯᠠᠱᠠ ᠵᠡᠷᠭᠡ ᠲᠤᠶ᠋ᠢᠯ ᠤ᠋ᠨ ᠭᠠᠩ ᠬᠠᠭᠤᠷᠠᠶ ᠣᠷᠣᠨ ᠪᠦᠰᠡ ᠳ᠋ᠤ᠂ ᠴᠠᠭ ᠠᠭᠤᠷ ᠤ᠋ᠨ ᠲᠣᠭ᠎ᠠ ᠪᠠᠷᠢᠮᠲᠠ ᠳ᠋ᠤ ᠲᠦᠰᠢᠭᠯᠡᠨ ᠨᠤᠲᠠᠯᠠᠯᠲᠠ ᠬᠢᠵᠦ᠍᠂ ᠤᠰᠤ ᠶᠡᠬᠡ ᠬᠣᠷᠣᠭᠳᠠᠭᠤᠯᠬᠤ ᠲᠤᠷᠤᠭ ᠮᠣᠳᠣ ᠢ᠋ᠢ ᠳᠠᠷᠢᠬᠤ ᠵᠠᠰᠠᠯᠲᠠ ᠢ᠋ᠢᠨ ᠵᠠᠭᠪᠤᠷ ᠢ᠋ ᠲᠠᠶᠠᠭᠳᠠᠵᠤ᠂ ᠵᠠᠭ ᠮᠣᠳᠣ᠂ ᠴᠢᠴᠠᠷᠭᠠᠨ᠎ᠠ ᠵᠡᠷᠭᠡ ᠭᠠᠩ ᠳ᠋ᠤ ᠲᠡᠰᠪᠦᠷᠢᠲᠡᠶ ᠨᠤᠲᠤᠭ ᠤ᠋ᠨ ᠤᠷᠭᠤᠮᠠᠯ ᠲᠠᠷᠢᠵᠤ᠂ ᠤᠷᠭᠤᠮᠠᠯ ᠤ᠋ᠨ ᠬᠤᠴᠢᠯᠭ᠎ᠠ ᠢ᠋ᠢ ᠶᠡᠬᠡ ᠪᠡᠷ ᠨᠡᠮᠡᠭᠳᠡᠭᠦᠯᠪᠠ; ᠬᠣᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠰᠢᠷᠭ᠎ᠠ ᠲᠠᠭ᠎ᠠ ᠢ᠋ᠢᠨ ᠡᠯᠡᠰᠦᠷᠬᠡᠭ ᠭᠠᠵᠠᠷ᠎ᠲᠤ᠌ ᠵᠢᠯ ᠤ᠋ᠨ ᠰᠠᠯᠬᠢᠨ ᠤ᠋ ᠴᠢᠭᠯᠡᠯ᠂ ᠰᠠᠯᠬᠢᠨ ᠤ᠋ ᠬᠦᠴᠦᠨ ᠤ᠋ ᠲᠣᠭ᠎ᠠ ᠪᠠᠷᠢᠮᠲᠠ ᠢ᠋ᠢ ᠦᠨᠳᠦᠰᠦᠯᠡᠨ 《ᠭᠦᠨ ᠵᠠᠶ᠋ᠢᠯᠠᠵᠤ ᠭᠦᠢᠬᠡᠨ ᠪᠤᠯᠠᠬᠤ》 ᠣᠶ᠋ᠢᠵᠢᠭᠤᠯᠤᠯᠲᠠ ᠢ᠋ᠢᠨ ᠮᠡᠷᠭᠡᠵᠢᠯ ᠢ᠋ ᠳᠡᠯᠭᠡᠷᠡᠭᠦᠯᠵᠦ᠍᠂ ᠰᠠᠯᠬᠢ ᠢ᠋ᠢ ᠬᠠᠯᠬᠠᠯᠠᠵᠤ ᠡᠯᠡᠰᠦ ᠢ᠋ᠢ ᠲᠣᠭᠲᠠᠪᠤᠷᠢᠵᠢᠭᠤᠯᠬᠤ ᠣᠶ ᠪᠠ ᠡᠯᠡᠰᠦᠨ ᠤ᠋ ᠬᠠᠯᠬᠠᠪᠴᠢ ᠢ᠋ᠢᠨ ᠪᠠᠶ᠋ᠢᠷᠢᠰᠢᠯ ᠢ᠋ ᠰᠢᠯᠢᠳᠡᠭᠵᠢᠭᠦᠯᠵᠦ᠍᠂ ᠡᠯᠡᠰᠦ ᠢ᠋ᠢ ᠲᠣᠭᠲᠠᠪᠤᠷᠢᠵᠢᠭᠤᠯᠬᠤ ᠳ᠋ᠤ ᠲᠣᠬᠢᠷᠠᠮᠵᠢᠲᠠᠶ ᠤᠷᠭᠤᠮᠠᠯ ᠲᠠᠷᠢᠵᠤ᠂  ᠴᠢᠬᠢ ᠮᠣᠳᠣᠨ ᠤ᠋ ᠡᠳᠡᠭᠡᠷᠡᠯᠲᠡ ᠢ᠋ᠢᠨ ᠨᠣᠷᠮ᠎ᠠ ᠢ᠋ᠢ 50% ᠪᠠᠢᠭᠰᠠᠨ ᠡᠴᠡ 90% ᠡᠴᠡ ᠳᠡᠭᠡᠭᠰᠢ ᠪᠤᠯᠭᠠᠪᠠ᠃

ᠠᠭᠤᠷ ᠠᠮᠢᠰᠬᠤᠯ ᠢ᠋ ᠰᠤᠳᠤᠯᠤᠨ ᠮᠠᠭᠠᠳᠯᠠᠬᠤ ᠦᠢᠯᠡᠴᠢᠯᠡᠭᠡ ᠨᠢ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠤ ᠢ᠋ᠢ ᠵᠠᠰᠠᠬᠤ ᠲᠥᠷᠥᠯ ᠵᠦᠢᠯ ᠤ᠋ᠨ ᠭᠠᠵᠠᠷ ᠰᠣᠩᠭᠣᠵᠤ ᠠᠵᠢᠯ᠎ᠵᠢᠡᠨ ᠦᠷᠨᠢᠬᠦᠯᠬᠦ ᠡᠴᠡ ᠠᠪᠤᠭᠠᠳ ᠰᠡᠭᠦᠯᠴᠢ ᠢ᠋ᠢᠨ ᠬᠤᠭᠤᠴᠠᠭᠠᠨ ᠤ᠋ ᠬᠠᠮᠢᠶᠠᠷᠤᠯᠲᠠ ᠬᠠᠮᠠᠭᠠᠯᠠᠯᠲᠠ ᠬᠦᠷᠲᠡᠯᠡᠬᠢ ᠪᠦᠬᠦ᠌ ᠶᠠᠪᠤᠴᠠ ᠳ᠋ᠤ ᠲᠤᠭᠤᠰᠢᠯᠠᠭᠳᠠᠵᠤ ᠪᠤᠢ᠃ ᠴᠠᠭ ᠠᠭᠤᠷ ᠤ᠋ᠨ ᠰᠠᠯᠠᠭ᠎ᠠ ᠮᠥᠴᠢᠷ᠎ᠤᠨ ᠬᠢᠨ ᠪᠥᠬᠥ᠌ ᠶᠠᠪᠤᠴᠠ ᠳ᠋ᠤ ᠴᠠᠭ ᠠᠭᠤᠷ ᠤ᠋ᠨ ᠣᠨᠴᠠᠯᠢᠭ ᠢ᠋ ᠱᠠᠲᠤᠴᠢ ᠴᠢᠨᠠᠷᠲᠠᠶ ᠰᠤᠳᠤᠯᠤᠨ ᠮᠠᠭᠠᠳᠯᠠᠵᠤ᠂ ᠬᠥᠷᠥᠰᠥ᠍ ᠰᠢᠷᠣᠶ ᠢ᠋ᠢᠨ ᠴᠢᠭᠢᠭ ᠤ᠋ᠨ ᠪᠠᠶ᠋ᠢᠳᠠᠯ ᠤ᠋ᠨ ᠬᠤᠪᠢᠷᠠᠯᠲᠠ ᠢ᠋ᠢ ᠬᠥᠳᠡᠯᠦᠩᠭᠦᠶ ᠪᠡᠷ ᠬᠢᠨᠠᠨ ᠬᠡᠮᠵᠢᠵᠦ᠍᠂ ᠭᠠᠩ ᠬᠠᠭᠰᠠᠷᠠᠭᠠᠨ᠂ ᠥᠨᠳᠥᠷ ᠳᠤᠯᠠᠭᠠᠨ᠂ ᠬᠢᠷᠠᠭᠤ ᠬᠦᠯᠳᠡᠭᠦᠤ ᠵᠡᠷᠭᠡ ᠴᠠᠭ ᠠᠭᠤᠷ ᠤ᠋ᠨ ᠲᠦᠭᠰᠢᠭᠦᠷᠢ ᠢ᠋ᠢᠨ ᠰᠠᠨᠠᠭᠤᠯᠤᠮᠵᠢ ᠢ᠋ᠢ ᠴᠠᠭ ᠲᠤᠬᠠᠶ ᠳ᠋ᠤᠨᠢ ᠨᠡᠶ᠋ᠢᠲᠡᠯᠡᠵᠦ᠍᠂ ᠠᠮᠢ ᠠᠬᠤᠶ ᠢ᠋ᠢ ᠵᠠᠰᠠᠨ ᠰᠡᠷᠭᠦᠭᠡᠬᠦ᠌᠂ ᠬᠥᠷᠥᠰᠥ᠍ ᠰᠢᠷᠣᠶ ᠢ᠋ᠢᠨ ᠢᠳᠡᠭᠳᠡᠯ ᠢ᠋ ᠶᠡᠷᠦᠡᠭᠬᠡᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠳ᠋ᠤ ᠬᠡᠷᠡᠭᠯᠡᠵᠤ ᠪᠠᠢᠨ᠎ᠠ᠃



ᠬᠥᠮᠦᠨ᠎ᠤ ᠬᠦᠴᠦ ᠎ᠪᠡᠷ ᠪᠤᠷᠤᠭᠠᠠ ᠨᠡᠮᠡᠭᠳᠡᠭᠦᠯᠬᠦ ᠵᠠᠭᠪᠤᠷ

ᠤᠰᠤᠨ᠎ᠤ ᠪᠠᠳᠤᠯᠠᠭ᠎ᠠ

ᠤᠰᠤᠨ ᠤ᠋ ᠡᠬᠢ ᠪᠠᠶᠠᠯᠢᠭ ᠳᠤᠲᠠᠮᠠᠭ ᠪᠣᠯ ᠥᠪᠥᠷ ᠮᠣᠩᠭᠣᠯ ᠤ᠋ᠨ ᠡᠯᠡᠰᠦᠷᠬᠡᠭ ᠭᠠᠵᠠᠷ ᠤ᠋ᠨ ᠠᠮᠢ ᠠᠬᠤᠶ ᠢ᠋ᠢᠨ ᠰᠡᠷᠭᠦᠯᠲᠠ ᠢ᠋ᠢ ᠬᠢᠵᠠᠭᠠᠷᠯᠠᠵᠤ ᠪᠠᠶ᠋ᠢᠭ᠎ᠠ ᠬᠠᠮᠤᠭ ᠤ᠋ᠨ ᠶᠡᠬᠡ ᠪᠣᠭᠣᠮᠢ ᠶᠤᠮ᠃ ᠡᠯᠡᠰᠦᠷᠬᠡᠭ ᠭᠠᠵᠠᠷ ᠤ᠋ᠨ ᠬᠤᠷ᠎ᠠ ᠲᠣᠨᠳᠠᠰᠤ ᠴᠥᠭᠡᠨ᠂ ᠠᠭᠤᠷᠰᠢᠯᠲᠠ ᠶᠡᠬᠡ᠂ ᠪᠠᠶ᠋ᠢᠭᠠᠯᠢ᠎ᠶᠢᠨ ᠬᠤᠷ᠎ᠠ ᠲᠣᠨᠳᠠᠰᠤ᠎ᠶᠢᠨ ᠴᠠᠭ ᠬᠤᠭᠤᠴᠠᠭ᠎ᠠ ᠣᠷᠣᠨ ᠵᠠᠶ᠎ᠶᠢᠨ ᠲᠠᠷᠬᠠᠯᠲᠠ ᠲᠡᠩᠴᠡᠭᠦᠷᠢ ᠥᠬᠡᠶ ᠵᠡᠷᠭᠡ ᠰᠢᠯᠲᠠᠭᠠᠨ ᠡᠴᠡ ᠪᠤᠯᠵᠤ ᠡᠯᠡᠰᠦ᠎ᠶᠢ ᠵᠠᠰᠠᠬᠤ ᠠᠵᠢᠯ ᠤ᠋ᠨ ᠤᠰᠤ ᠬᠡᠷᠡᠭᠯᠡᠬᠦ᠌ ᠬᠡᠷᠡᠭᠴᠡᠭᠡ᠎ᠵᠢ᠎ᠬᠠᠡᠭᠭᠠᠵᠤ ᠳᠡᠢᠯᠬᠦ ᠦᠭᠡᠢ ᠪᠠᠢᠪᠠ᠃

ᠬᠥᠮᠦᠨ ᠤ᠋ ᠬᠦᠴᠦ ᠪᠡᠷ ᠪᠤᠷᠤᠭᠠᠨ ᠨᠡᠮᠡᠭᠳᠡᠭᠦᠯᠬᠦ ᠵᠠᠬᠪᠤᠷ᠎ᠨᠢ ᠴᠠᠭ ᠠᠭᠤᠷ ᠤ᠋ᠨ ᠰᠠᠯᠠᠭ᠎ᠠ ᠮᠦᠴᠢᠷ ᠤ᠋ᠨ ᠥᠪᠡᠷᠮᠢᠴᠡ ᠰᠢᠨᠵᠢᠯᠡᠬᠦ᠌ ᠤᠬᠠᠭᠠᠨᠴᠢ ᠠᠷᠭ᠎ᠠ ᠪᠠᠷᠢᠯ ᠪᠣᠯᠤᠭᠰᠠᠨ ᠤ᠋ ᠬᠤᠪᠢ ᠳ᠋ᠤ᠂ ᠣᠭᠲᠠᠷᠭᠤᠶ᠎ᠳᠠᠬᠢ ᠡᠭᠦᠯᠡᠨ ᠤᠰᠤᠨ ᠤ᠋ ᠡᠬᠢ ᠪᠠᠶᠠᠯᠢᠭ ᠢ᠋ ᠰᠢᠨᠵᠢᠯᠡᠬᠦ᠌ ᠤᠬᠠᠭᠠᠨᠴᠢ ᠪᠡᠷ ᠨᠡᠭᠡᠭᠡᠨ ᠬᠥᠭᠵᠢᠭᠦᠯᠬᠦ᠌ ᠪᠡᠷ ᠳᠠᠮᠵᠢᠭᠤᠯᠤᠨ ᠡᠯᠡᠰᠦᠷᠬᠡᠭ ᠣᠷᠣᠨ ᠤ᠋ ᠠᠮᠢ ᠠᠬᠤᠶ ᠢ᠋ᠢᠨ ᠬᠡᠷᠡᠭᠯᠡᠬᠦ᠌ ᠤᠰᠤ ᠢ᠋ᠢ ᠨᠥᠬᠥᠪᠥᠷᠢᠯᠡᠵᠦ᠍᠂ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠤ ᠢ᠋ᠢ ᠵᠠᠰᠠᠭᠰᠠᠨ ᠦᠷ᠎ᠡ ᠪᠦᠲᠦᠮᠵᠢ᠎ᠵᠢ ᠪᠠᠳᠤᠳᠬᠠᠬᠤ᠂ ᠡᠯᠡᠰᠦᠷᠬᠡᠭ ᠭᠠᠵᠠᠷ ᠤ᠋ᠨ ᠤᠷᠭᠤᠮᠠᠯ ᠤ᠋ᠨ ᠬᠤᠴᠢᠯᠭ᠎ᠠ ᠢ᠋ᠢ ᠠᠶᠠᠨᠳᠠᠭᠠᠨ ᠰᠡᠷᠭᠦᠭᠡᠬᠦ᠌ ᠢ᠋ᠢ ᠠᠬᠢᠭᠤᠯᠬᠤ ᠵᠠᠩᠭᠢᠯᠠᠭ᠎ᠠ ᠢ᠋ᠢᠨ ᠠᠷᠭ᠎ᠠ ᠬᠡᠮᠵᠢᠶ᠎ᠡ ᠪᠤᠯᠵᠠᠢ᠃

ᠥᠪᠥᠷ ᠮᠣᠩᠭᠣᠯ ᠤ᠋ᠨ ᠴᠠᠭ ᠠᠭᠤᠷ ᠤ᠋ᠨ ᠰᠠᠯᠠᠭ᠎ᠠ ᠮᠥᠴᠢᠷ᠎ᠤᠨ ᠬᠢᠨ ᠭᠤᠤᠯᠳᠠᠯᠭ᠎ᠠ ᠲᠠᠢ ᠡᠯᠡᠰᠦᠷᠬᠡᠭ ᠣᠷᠣᠨ ᠤ᠋ ᠠᠮᠢ ᠠᠬᠤᠶ ᠢ᠋ᠢᠨ ᠤᠰᠤ ᠨᠥᠬᠥᠪᠥᠷᠢᠯᠡᠬᠦ᠌ ᠬᠡᠷᠡᠭᠴᠡᠭᠡ ᠱᠠᠭᠠᠷᠳᠠᠯᠭ᠎ᠠ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠬᠥᠮᠦᠨ ᠤ᠋ ᠬᠦᠴᠦ ᠪᠡᠷ ᠪᠣᠷᠣᠭᠠᠨ ᠣᠷᠣᠭᠤᠯᠬᠤ ᠠᠵᠢᠯ ᠤ᠋ᠨ ᠪᠠᠶ᠋ᠢᠷᠢᠰᠢᠭᠤᠯᠤᠯᠲᠠ ᠢ᠋ᠢ ᠰᠢᠯᠢᠳᠡᠭᠵᠢᠭᠦᠯᠦᠨ᠂ ᠡᠯᠡᠰᠦᠷᠬᠡᠭ ᠭᠠᠵᠠᠷ᠂ ᠡᠯᠡᠰᠦᠨ ᠴᠥᠯ ᠤ᠋ᠨ ᠬᠥᠪᠡᠭᠡ ᠵᠠᠬ᠎ᠠ ᠢ᠋ᠢ ᠪᠢᠲᠡᠭᠦᠮᠵᠢᠯᠡᠬᠦ᠌᠂ ᠬᠠᠲᠤᠨ ᠭᠤᠤᠯ ᠳᠠᠭᠠᠤ ᠢ᠋ᠢᠨ ᠡᠯᠡᠰᠦᠷᠬᠡᠭ ᠭᠠᠵᠠᠷ ᠲᠤ᠌ ᠬᠦᠮᠦᠨ ᠤ᠋ ᠬᠦᠴᠦ ᠪᠡᠷ ᠪᠣᠷᠣᠭᠠᠨ ᠣᠷᠣᠭᠤᠯᠬᠤ ᠠᠵᠢᠯ ᠤ᠋ᠨ ᠪᠠᠢ᠌ᠩᠭᠤᠵᠢᠭᠰᠠᠨ ᠵᠢᠭᠰᠠᠯ ᠤ᠋ᠨ ᠭᠠᠵᠠᠷ ᠢ᠋ ᠪᠠᠶ᠋ᠢᠭᠤᠯᠵᠤ᠂ ᠨᠢᠰᠬᠡᠯ᠂ ᠲᠡᠶ᠋ᠢᠷᠦᠯᠲᠦ᠍ ᠰᠤᠮᠤ᠂ ᠭᠠᠵᠠᠷ ᠳᠡᠭᠡᠷᠡᠬᠢ ᠰᠢᠲᠠᠭᠠᠯᠭ᠎ᠠ ᠢ᠋ᠢᠨ ᠵᠤᠤᠬ᠎ᠠ ᠢ᠋ᠢᠨ ᠬᠣᠯᠪᠣᠭᠠᠯᠠᠨ ᠬᠥᠳᠡᠯᠦᠯᠴᠡᠭᠰᠡᠨ ᠪᠣᠰᠣᠭ᠎ᠠ ᠴᠣᠭᠴᠠᠲᠤ᠌ ᠠᠵᠢᠯᠯᠠᠭᠠᠨ ᠤ᠋ ᠰᠢᠰᠲ᠋ᠧᠮ ᠢ᠋ ᠪᠠᠶ᠋ᠢᠭᠤᠯᠪᠠ᠃ ᠬᠠᠪᠤᠷ ᠨᠠᠮᠤᠷ ᠬᠣᠶᠠᠷ ᠤᠯᠠᠷᠢᠯ ᠤ᠋ᠨ ᠤᠷᠭᠤᠮᠠᠯ ᠤ᠋ᠨ ᠤᠷᠭᠤᠯᠲᠠ ᠢ᠋ᠢᠨ ᠵᠠᠩᠭᠢᠯᠠᠭ᠎ᠠ ᠢ᠋ᠢᠨ ᠬᠤᠭᠤᠴᠠᠭ᠎ᠠ ᠪᠠ ᠭᠠᠩ ᠬᠠᠭᠰᠠᠷᠠᠭᠠᠨ ᠣᠯᠠᠨ ᠡᠭᠦᠰᠬᠦ᠌ ᠬᠤᠭᠤᠴᠠᠭ᠎ᠠ ᠢ᠋ᠢ ᠨᠢᠮᠪᠠᠢ ᠠᠩᠬᠠᠷᠴᠤ᠌᠂ ᠠᠰᠢᠭᠲᠠᠶ ᠴᠠᠭ ᠠᠭᠤᠷ ᠤ᠋ᠨ ᠶᠠᠪᠤᠴᠠ ᠢ᠋ᠢ ᠠᠳᠬᠤᠵᠤ᠂ ᠠᠮᠢ ᠠᠬᠤᠶ ᠢ᠋ᠢ ᠵᠠᠰᠠᠨ ᠰᠡᠷᠭᠦᠭᠡᠬᠦ᠌ ᠬᠡᠯᠪᠡᠷᠢ ᠢ᠋ᠢᠨ ᠬᠥᠮᠦᠨ ᠤ᠋ ᠬᠦᠴᠦ ᠪᠡᠷ ᠪᠣᠷᠣᠭᠠᠨ ᠣᠷᠣᠭᠤᠯᠬᠤ ᠠᠵᠢᠯ ᠢ᠋ ᠬᠠᠨᠳᠤᠯᠭ᠎ᠠ ᠲᠠᠢ ᠪᠡᠷ ᠨᠠᠷᠢᠯᠢᠭ ᠣᠨᠣᠴᠠᠲᠠᠶ ᠥᠷᠨᠢᠭᠦᠯᠵᠦ᠍᠂ ᠡᠯᠡᠰᠦᠷᠬᠡᠭᠵᠢᠭᠰᠡᠨ ᠭᠠᠵᠠᠷ᠂ ᠨᠡᠶ᠋ᠢᠲᠡ ᠢ᠋ᠢᠨ ᠠᠰᠠᠷᠠᠮᠵᠢ ᠢ᠋ᠢᠨ ᠰᠢᠭᠤᠢᠳᠤ ᠣᠷᠣᠨ᠂ ᠨᠤᠲᠤᠭ ᠪᠡᠯᠴᠢᠭᠡᠷ ᠤ᠋ᠨ ᠬᠠᠮᠠᠭᠠᠯᠠᠯᠲᠠ ᠢ᠋ᠢᠨ ᠣᠷᠣᠨ ᠳ᠋ᠤ ᠤᠰᠤ ᠨᠥᠬᠥᠪᠥᠷᠢᠯᠡᠵᠦ᠍ ᠴᠢᠭᠢᠭ ᠢ᠋ ᠨᠡᠮᠡᠭᠳᠡᠭᠦᠯᠪᠠ᠃

ᠣᠶ᠋ᠢᠷ᠎ᠠ ᠢ᠋ᠢᠨ ᠵᠢᠯ ᠳ᠋ᠤ᠂ ᠦᠪᠦᠷ ᠮᠤᠡᠭᠭᠤᠯ ᠵᠢᠯ ᠪᠦᠷᠢ ᠳᠤᠮᠳᠠᠴᠢ ᠪᠡᠷ ᠶᠡᠬᠡ ᠬᠡᠮᠵᠢᠶᠡᠨ ᠤ᠋ ᠨᠢᠰᠬᠡᠯ᠂ ᠲᠡᠶ᠋ᠢᠷᠦᠯᠲᠦ᠍ ᠰᠤᠮᠤ ᠪᠡᠷ ᠪᠣᠷᠣᠭᠠᠨ ᠨᠡᠮᠡᠭᠳᠡᠭᠦᠯᠬᠦ᠌ ᠠᠵᠢᠯ ᠢ᠋ ᠥᠷᠨᠢᠭᠦᠯᠵᠦ᠍᠂ ᠨᠥᠯᠥᠭᠡᠯᠡᠬᠦ᠌ ᠣᠷᠣᠨ ᠪᠦᠰᠡ ᠢ᠋ᠢᠨ ᠲᠠᠯᠠᠪᠠᠶ᠎ᠢ᠋ᠢ 60 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠲᠤ᠌ ᠬᠦᠷᠭᠡᠵᠤ᠂ ᠵᠢᠯ ᠪᠦᠷᠢ ᠬᠡᠳᠦᠨ ᠠᠷᠪᠠᠨ ᠳ᠋ᠦᠩᠰᠢᠭᠤᠷ ᠲᠣᠨ ᠬᠤᠷ᠎ᠠ ᠲᠣᠨᠳᠠᠰᠤ ᠵᠢ ᠰᠢᠨ᠎ᠡ ᠪᠡᠷ ᠨᠡᠮᠡᠭᠳᠡᠭᠦᠯᠵᠦ᠍᠂ ᠡᠯᠡᠰᠦᠷᠬᠡᠭ ᠭᠠᠵᠠᠷ ᠤ᠋ᠨ ᠭᠠᠩ ᠬᠠᠭᠰᠠᠷᠠᠭᠠᠨ ᠢ᠋ ᠪᠦᠲᠦᠮᠵᠢᠲᠡᠶ ᠨᠠᠮᠳᠠᠭᠤᠯᠵᠤ᠂ ᠬᠥᠷᠥᠰᠥ᠍ ᠰᠢᠷᠣᠶ ᠢ᠋ᠢᠨ ᠴᠢᠭᠢᠭ ᠤ᠋ᠨ ᠪᠠᠶ᠋ᠢᠳᠠᠯ ᠢ᠋ ᠰᠠᠶ᠋ᠢᠵᠢᠷᠠᠭᠤᠯᠪᠠ ᠃

ᠲᠦᠩᠯᠢᠶᠣᠤ ᠬᠣᠲᠠ ᠳ᠋ᠤ 《ᠬᠣᠷᠴᠢᠨ + ᠬᠤᠤᠯᠢᠨ ᠭᠤᠤᠯ》 ᠬᠥᠮᠦᠨ᠎ᠦ ᠬᠦᠴᠦ᠎ᠪᠡᠷ ᠪᠣᠷᠣᠭᠠᠨ ᠨᠡᠮᠡᠭᠳᠡᠬᠦᠯᠬᠦ ᠬᠤᠤᠰ ᠰᠠᠭᠤᠷᠢᠨ ᠢ᠋ ᠪᠠᠶ᠋ᠢᠭᠤᠯᠵᠤ᠂ ᠵᠢᠯ ᠳᠤᠮᠳᠠᠴᠢ ᠢ᠋ᠢᠨ ᠠᠵᠢᠯᠯᠠᠬᠤ ᠲᠠᠯᠠᠪᠠᠶ ᠢ᠋ᠢ 6 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠡᠴᠡ ᠳᠠᠪᠠᠭᠤᠯᠵᠤ᠂ ᠵᠢᠯ ᠳᠤᠮᠳᠠᠴᠢ ᠪᠡᠷ 2.9 ᠳ᠋ᠦᠩᠰᠢᠭᠤᠷ ᠲᠣᠨ ᠲᠤᠨᠳᠠᠰᠤ ᠨᠡᠮᠡᠭᠳᠡᠭᠦᠯᠵᠦ᠍᠂ ᠠᠮᠢ ᠠᠬᠤᠶ ᠢ᠋ᠢ ᠰᠡᠷᠭᠦᠭᠡᠬᠦ᠌ ᠪᠠ ᠭᠠᠵᠠᠷ ᠳᠤᠤᠷᠠᠬᠢ ᠤᠰᠤ ᠢ᠋ᠢ ᠨᠥᠬᠥᠪᠥᠷᠢᠯᠡᠬᠦ᠌ ᠳ᠋ᠤ ᠲᠤᠯᠭᠠᠭᠤᠷᠢᠯᠠᠯ ᠬᠠᠩᠭᠠᠪᠠ; ᠠᠯᠠᠱᠠ ᠠᠶ᠋ᠢᠮᠠᠭ ᠲᠤ᠌ ᠪᠣᠷᠣᠭᠠᠨ ᠨᠡᠮᠡᠭᠳᠡᠭᠦᠯᠬᠦ᠌ ᠵᠠᠭᠪᠤᠷ ᠢ᠋ ᠲᠠᠰ ᠳᠡᠪᠰᠢᠭᠦᠯᠵᠦ᠍᠂ ᠪᠣᠷᠣᠭᠠᠨ ᠨᠡᠮᠡᠭᠳᠡᠭᠦᠯᠬᠦ᠌ ᠨᠢᠰᠬᠡᠯ ᠪᠣᠯᠤᠨ ᠵᠢᠯᠣᠭᠣᠴᠢ ᠥᠬᠡᠶ ᠨᠢᠰᠬᠡᠯ ᠢ᠋ ᠵᠡᠷᠭᠡ ᠪᠡᠷ ᠠᠵᠢᠯᠯᠠᠭᠤᠯᠵᠤ᠂ ᠨᠥᠯᠥᠭᠡᠯᠡᠬᠦ᠌ ᠬᠡᠪᠴᠢᠶ᠎ᠡ ᠢ᠋ᠢ 20 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠬᠦᠷᠲᠡᠯ᠎ᠡ ᠥᠷᠭᠡᠳᠬᠡᠵᠦ᠍᠂ ᠭᠠᠩ ᠬᠠᠭᠰᠠᠷᠠᠭᠠᠨ ᠢ᠋ ᠪᠦᠲᠦᠮᠵᠢᠲᠡᠶ ᠨᠠᠮᠳᠠᠭᠤᠯᠵᠤ᠂ ᠤᠷᠭᠤᠮᠠᠯ ᠤ᠋ᠨ ᠬᠤᠴᠢᠯᠭ᠎ᠠ ᠢ᠋ᠢ ᠨᠡᠮᠡᠭᠳᠡᠭᠦᠯᠪᠠ᠃

ᠬᠥᠮᠦᠨ ᠤ᠋ ᠬᠦᠴᠦ ᠪᠡᠷ ᠪᠣᠷᠣᠭᠠᠨ ᠨᠡᠮᠡᠭᠳᠡᠭᠦᠯᠬᠦ ᠵᠠᠬᠪᠤᠷ᠎ᠨᠢ ᠡᠯᠡᠰᠦᠷᠬᠡᠭ ᠭᠠᠵᠠᠷ ᠤ᠋ᠨ ᠭᠠᠩ ᠬᠠᠭᠰᠠᠷᠠᠭᠠᠨ ᠤ᠋ ᠳᠠᠷᠤᠯᠲᠠ ᠢ᠋ᠢ ᠪᠦᠲᠦᠮᠵᠢᠲᠡᠶ ᠨᠠᠮᠳᠠᠭᠤᠯᠵᠤ᠂ ᠬᠥᠷᠥᠰᠥᠨ ᠤ᠋ ᠴᠢᠭᠢᠭ ᠤ᠋ᠨ ᠪᠠᠶ᠋ᠢᠳᠠᠯ ᠢ᠋ ᠢᠯᠡᠳᠲᠡ ᠰᠠᠶ᠋ᠢᠵᠢᠷᠠᠭᠤᠯᠵᠤ᠂ ᠡᠯᠡᠰᠦ ᠢ᠋ᠢ ᠲᠣᠭᠲᠠᠪᠤᠷᠢᠵᠢᠭᠤᠯᠤᠨ ᠤᠷᠭᠤᠮᠠᠯ ᠤ᠋ᠨ ᠬᠤᠴᠢᠯᠭ᠎ᠠ ᠢ᠋ᠢ ᠨᠡᠮᠡᠭᠳᠡᠭᠦᠯᠵᠤ᠂ 《ᠬᠤᠷ᠎ᠠ ᠲᠤᠨᠳᠠᠰᠤ ᠨᠡᠮᠡᠭᠳᠡᠬᠦ᠌᠂ ᠤᠷᠭᠤᠮᠠᠯ ᠤ᠋ᠨ ᠬᠤᠴᠢᠯᠭ᠎ᠠ ᠰᠡᠷᠭᠦᠬᠦ᠌᠂ ᠰᠠᠯᠬᠢ ᠡᠯᠡᠰᠦ ᠪᠠᠭᠠᠰᠬᠤ᠂ ᠠᠮᠢ ᠠᠬᠤᠶ ᠰᠠᠶ᠋ᠢᠵᠢᠷᠠᠬᠤ》 ᠰᠠᠶ᠋ᠢᠨ ᠣᠷᠴᠢᠯ ᠢ᠋ ᠪᠣᠶ ᠪᠣᠯᠭᠠᠭᠰᠠᠨ ᠪᠠᠢᠨ᠎ᠠ᠃

(ᠭᠡᠷᠡᠯ ᠵᠢᠷᠤᠭ᠎ᠤᠳ ᠢ᠋ ᠰᠢᠨᠬᠤᠸᠠ ᠬᠤᠷᠢᠶ᠎ᠠ ᠡᠴᠡ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面