ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-20 10:30:08

ᠵᠣᠬᠢᠶᠠᠭ᠍ᠴᠢ᠄ ᠯᠢᠦ ᠱᠣ᠌ ᠴᠧᠨ ᠭᠦᠸᠧ ᠱᠤᠸᠠᠩ ᠣᠩᠱᠢᠭ᠍ᠰᠠᠨ ᠣᠳᠠᠭ᠎ᠠ᠄ 3

《ᠠᠮᠢᠳᠤ ᠪᠣᠳᠠᠰ  ᠤᠨ ᠣᠯᠠᠨ ᠶᠠᠩᠵᠤᠲᠤ᠌ ᠴᠢᠨᠠᠷ᠎ᠤᠨ ᠨᠡᠶ᠋ᠢᠲᠡ᠎ᠶᠢᠨ ᠭᠡᠷ᠎ᠡ》ᠵᠢᠨ ᠠᠷᠪᠠᠨ ᠳᠣᠯᠣᠳᠤᠭᠠᠷ ᠤᠳᠠᠭ᠎ᠠ ᠵᠢᠨ ᠭᠡᠷᠡᠲᠦ᠍ ᠲᠠᠯ᠎ᠠ᠎ᠶᠢᠨ ᠶᠡᠬᠡ ᠬᠤᠷᠠᠯ(COP17)᠎ᠤ᠋ᠨ ᠡᠬᠢᠯᠡᠯᠲᠡ᠎ᠶᠢᠨ ᠶᠣᠰᠣᠯᠠᠯ 18 ᠎ᠤ᠋ ᠡᠳᠦᠷ ᠠᠷᠮᠧᠨᠢᠶ᠎ᠠ᠎ᠶᠢᠨ ᠨᠡᠶ᠋ᠢᠰᠯᠡᠯ ᠡᠸᠷᠧᠸᠠᠨ᠎ᠳ᠋ᠤ ᠶᠠᠪᠤᠭᠳᠠᠵᠤ᠂ ᠶᠡᠬᠡ ᠬᠤᠷᠠᠯ᠎ᠡᠴᠡ《ᠺᠦᠨᠮᠢᠩ — ᠮᠤᠨᠲ᠋ᠷᠸᠶᠠᠯ᠎ᠤᠨ ᠪᠥᠬᠥ᠌ ᠪᠥᠮᠪᠥᠷᠴᠡᠭ᠎ᠦᠨ ᠠᠮᠢᠳᠤ ᠪᠣᠳᠠᠰ᠎ᠤᠨ ᠣᠯᠠᠨ ᠶᠠᠩᠵᠤᠲᠤ᠌ ᠴᠢᠨᠠᠷ᠎ᠤᠨ ᠪᠣᠷᠣ ᠲᠥᠯᠥᠪ 》 (ᠳᠣᠷᠣᠭᠰᠢ 《ᠺᠦᠨᠮᠢᠩ — ᠮᠤᠨᠲ᠋ᠷᠸᠶᠠᠯ᠎ᠤᠨ ᠪᠣᠷᠣ ᠲᠥᠯᠥᠪ》 ᠭᠡᠵᠦ᠍ ᠲᠣᠪᠴᠢᠯᠠᠨ᠎ᠠ)᠎ᠢ᠋ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠠᠩᠬᠠᠳᠤᠭᠠᠷ ᠤᠳᠠᠭ᠎ᠠ᠎ᠶᠢᠨ ᠪᠥᠬᠥ᠌ ᠪᠥᠮᠪᠥᠷᠴᠡᠭ᠎ᠦᠨ ᠬᠠᠮᠲᠤ᠎ᠶᠢᠨ ᠠᠬᠢᠴᠠ᠎ᠶᠢᠨ ᠬᠢᠨᠠᠨ ᠪᠠᠶ᠋ᠢᠴᠠᠭᠠᠯᠲᠠ ᠬᠢᠵᠦ᠍᠂《ᠺᠦᠨᠮᠢᠩ — ᠮᠤᠨᠲ᠋ᠷᠸᠶᠠᠯ᠎ᠤᠨ ᠪᠣᠷᠣ ᠲᠥᠯᠥᠪ》 ᠲᠤ᠌ ᠲᠣᠭᠲᠠᠭᠠᠭᠰᠠᠨ 2030 ᠣᠨ᠎ᠤ ᠬᠠᠷᠠᠯᠲᠠ᠎ᠶᠢ ᠪᠡᠶᠡᠯᠡᠭᠦᠯᠬᠦ᠌᠎ᠶᠢ ᠠᠬᠢᠭᠤᠯᠬᠤ ᠪᠣᠯᠤᠨ᠎ᠠ᠃

COP17 ᠵᠢᠨ ᠡᠷᠬᠢᠯᠡᠭᠴᠢ ᠤᠯᠤᠰ ᠠᠷᠮᠧᠨᠢᠶ᠎ᠠ᠎ᠶᠢᠨ ᠶᠡᠷᠦᠩᠬᠡᠶ ᠰᠠᠶ᠋ᠢᠳ ᠨᠢᠺᠸᠯ·ᠫᠠᠱᠨᠢᠶᠠᠩ ᠡᠴᠡ ᠶᠡᠬᠡ ᠬᠤᠷᠠᠯ ᠡᠬᠢᠯᠡᠭᠰᠡᠨ᠎ᠢ ᠵᠠᠷᠯᠠᠪᠠ᠃ ᠲᠡᠷᠡ ᠪᠠᠶᠠᠷ᠎ᠤᠨ ᠦᠭᠡ᠎ᠳᠡᠭᠡᠨ᠂ 2022 ᠣᠨ᠎ᠳᠤ ᠪᠠᠲᠤᠯᠠᠭᠰᠠᠨ 《ᠺᠦᠨᠮᠢᠩ — ᠮᠤᠨᠲ᠋ᠷᠸᠶᠠᠯ᠎ᠤᠨ ᠪᠣᠷᠣ ᠲᠥᠯᠥᠪ》ᠨᠢ ᠳᠡᠯᠡᠬᠡᠢ ᠨᠡᠶ᠋ᠢᠭᠡᠮ᠎ᠦᠨ ᠬᠠᠮᠲᠤ᠎ᠶᠢᠨ ᠬᠠᠷᠠᠯᠲᠠ᠎ᠶᠢ ᠲᠣᠭᠲᠠᠭᠠᠪᠠ᠃ 2030 ᠣᠨ ᠪᠣᠯᠲᠠᠯ᠎ᠠ ᠤᠳᠤ ᠳᠦᠷᠪᠡᠭᠡᠨ ᠵᠢᠯ ᠦᠯᠡᠳᠡᠵᠦ᠍ ᠪᠠᠶ᠋ᠢᠨ᠎ᠠ᠂ ᠡᠯ᠎ᠡ ᠲᠠᠯ᠎ᠠ᠎ᠶᠢᠨ ᠬᠢᠨ ᠠᠮᠠᠯᠠᠯᠲᠠ᠎ᠪᠠᠨ ᠪᠣᠳᠠᠲᠤ ᠠᠵᠢᠯᠯᠠᠭ᠎ᠠ ᠪᠣᠯᠭᠠᠨ ᠤᠯᠠᠷᠢᠭᠤᠯᠬᠤ᠎ᠶᠢᠨ ᠬᠠᠮᠲᠤ᠌ ᠠᠵᠢᠯᠯᠠᠭ᠎ᠠ᠎ᠪᠠᠨ ᠬᠡᠮᠵᠢᠶᠠᠯᠠᠵᠤ ᠪᠤᠯᠬᠤ ᠦᠷ᠎ᠡ ᠪᠦᠲᠦᠭᠡᠯ ᠪᠣᠯᠭᠠᠨ ᠤᠯᠠᠷᠢᠭᠤᠯᠬᠤ ᠴᠢᠬᠤᠯᠠᠲᠠᠢ ᠪᠠᠶ᠋ᠢᠨ᠎ᠠ ᠭᠡᠵᠡᠢ᠃

ᠫᠠᠱᠨᠢᠶᠠᠩ᠂ ᠲᠣᠰ ᠬᠤᠭᠤᠴᠠᠭᠠᠨ ᠎ᠤ ᠶᠡᠬᠡ ᠬᠤᠷᠠᠯ᠎ᠤᠨ ᠭᠤᠤᠯ ᠡᠭᠦᠷᠭᠡ ᠪᠣᠯ ᠨᠢᠭᠡᠨᠲᠡ ᠣᠯᠤᠭᠰᠠᠨ ᠠᠬᠢᠴᠠ᠎ᠶᠢ ᠬᠠᠮᠲᠤ᠎ᠪᠠᠷ ᠦᠨᠡᠯᠡᠨ ᠵᠢᠱ᠌ᠢᠵᠦ᠍᠂ ᠮᠥᠨ ᠬᠦ᠌ ᠣᠷᠣᠰᠢᠵᠤ ᠪᠠᠶ᠋ᠢᠭ᠎ᠠ ᠵᠥᠷᠢᠶ᠎ᠡ᠎ᠶᠢ ᠲᠣᠳᠣᠷᠬᠠᠶ᠋ᠢᠯᠠᠬᠤ᠎ᠶᠢᠨ ᠬᠠᠮᠲᠤ᠌ ᠲᠠᠷᠠᠭᠠᠴᠢ᠎ᠶᠢᠨ ᠱᠠᠲᠤᠨ᠎ᠤ ᠤᠷᠢᠳ᠎ᠢᠶᠠᠷ ᠬᠢᠬᠦ᠌ ᠠᠵᠢᠯᠯᠠᠭ᠎ᠠ᠎ᠶᠢᠨ ᠲᠤᠬᠠᠶ ᠰᠠᠨᠠᠯ ᠨᠢᠭᠡᠳᠬᠦ ᠶᠠᠪᠤᠳᠠᠯ ᠪᠤᠯᠤᠨ᠎ᠠ᠃ ᠠᠷᠮᠧᠨᠢᠢ᠎ᠠ ᠵᠢᠨ ᠬᠢᠨ COP17 ᠵᠢᠨ ᠲᠡᠷᠢᠭᠦᠯᠡᠭᠴᠢ ᠤᠯᠤᠰ᠎ᠤᠨ ᠲᠤᠰᠢᠶᠠᠯ᠎ᠢ ᠡᠭᠦᠷᠭᠡᠯᠡᠬᠦ᠌᠎ᠶᠠᠪᠤᠳᠠᠯ᠎ᠢ ᠳᠡᠯᠡᠬᠡᠢ ᠨᠡᠶ᠋ᠢᠭᠡᠮ᠎ᠦᠨ ᠬᠦᠴᠦᠨ᠎ᠢ ᠨᠢᠭᠲᠠᠷᠠᠭᠤᠯᠵᠤ᠂ ᠦᠨᠡᠨ ᠬᠦ᠌ ᠦᠷ᠎ᠡ ᠪᠦᠲᠦᠭᠡᠯ ᠤᠯᠬᠤ᠎ᠶᠢ ᠠᠬᠢᠭᠤᠯᠬᠤ ᠠᠵᠠ ᠲᠣᠬᠢᠶᠠᠯ᠎ᠢᠶᠠᠷ ᠦᠵᠡᠨ᠎ᠡ᠂ ᠰᠢᠨ᠎ᠡ ᠠᠮᠠᠯᠠᠯᠲᠠ ᠬᠢᠬᠦ᠌᠎ᠶᠢᠨ ᠵᠡᠷᠭᠡ᠎ᠪᠡᠷ ᠤᠳᠤ᠎ᠶᠢᠨ ᠠᠮᠠᠯᠠᠯᠲᠠ᠎ᠪᠠᠨ ᠲᠦᠷᠭᠡᠨ ᠭᠦᠢᠴᠡᠳᠬᠡᠵᠦ᠍᠂ ᠬᠠᠮᠲᠤᠷᠠᠯᠴᠠᠭᠠᠨ᠎ᠤ ᠠᠵᠠ ᠲᠣᠬᠢᠶᠠᠯ᠎ᠢᠶᠠᠨ ᠥᠷᠭᠡᠳᠬᠡᠵᠦ᠍᠂ ᠡᠯ᠎ᠡ ᠲᠠᠯ᠎ᠠ᠎ᠶᠢᠨ ᠬᠢᠨ᠎ᠦ ᠠᠮᠢᠳᠤ ᠪᠣᠳᠠᠰ᠎ᠤᠨ ᠤᠯᠠᠨ ᠶᠠᠩᠵᠤᠲᠤ᠌ ᠴᠢᠨᠠᠷ᠎ᠢ ᠬᠠᠮᠠᠭᠠᠯᠠᠬᠤ ᠪᠠ ᠰᠡᠷᠭᠦᠭᠡᠬᠦ᠌ ᠠᠵᠢᠯᠯᠠᠭ᠎ᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌᠎ᠶᠢ ᠬᠦᠰᠡᠵᠦ᠍ ᠪᠠᠶ᠋ᠢᠨ᠎ᠠ ᠭᠡᠵᠦ ᠢᠯᠡᠳᠭᠡᠪᠡ᠃

《ᠠᠮᠢᠳᠤ ᠪᠣᠳᠠᠰ ᠎ᠤᠨ ᠣᠯᠠᠨ ᠶᠠᠩᠵᠤᠲᠤ᠌ ᠴᠢᠨᠠᠷ᠎ᠤᠨ ᠨᠡᠶ᠋ᠢᠲᠡ᠎ᠶᠢᠨ ᠭᠡᠷ᠎ᠡ》 ᠵᠢᠨ ᠨᠠᠷᠢᠨ ᠪᠢᠴᠢᠭ᠎ᠦᠨ ᠭᠠᠵᠠᠷ᠎ᠤᠨ ᠭᠦᠢᠴᠡᠳᠬᠡᠭᠴᠢ ᠨᠠᠷᠢᠨ ᠪᠢᠴᠢᠭᠡᠴᠢ ᠠᠰᠲ᠋ᠷᠢᠳ᠋·ᠱᠤᠮᠸᠢ᠌ᠺ᠂ ᠣᠳᠣᠬᠠᠨ᠎ᠤ ᠳᠡᠯᠡᠬᠡᠶ ᠳ᠋ᠠᠬᠢᠨ᠎ᠳᠤ ᠬᠡᠳᠦᠢᠪᠡᠷ ᠭᠠᠵᠠᠷ ᠣᠷᠣᠨ᠎ᠤ ᠤᠯᠤᠰ ᠲᠥᠷᠥ᠎ᠶᠢᠨ ᠪᠠᠴᠢᠮ ᠪᠠᠶ᠋ᠢᠳᠠᠯ ᠵᠢᠴᠢ ᠡᠳᠦᠷ ᠢᠷᠡᠬᠦᠶ᠎ᠡ ᠰᠢᠷᠦᠭᠦᠰᠴᠦ᠍ ᠪᠠᠶ᠋ᠢᠭ᠎ᠠ ᠭᠤᠷᠪᠠᠨ ᠳᠠᠪᠬᠤᠷ ᠣᠷᠴᠢᠨ ᠲᠣᠭᠣᠷᠢᠨ ᠎ᠤ ᠬᠢᠮᠤᠷᠠᠯ — ᠠᠭᠤᠷ ᠠᠮᠢᠰᠬᠤᠯ᠎ᠤᠨ ᠬᠤᠪᠢᠷᠠᠯᠲᠠ᠂ ᠠᠮᠢᠳᠤ ᠪᠣᠳᠠᠰ᠎ᠤᠨ ᠣᠯᠠᠨ ᠶᠠᠩᠵᠤᠲᠤ᠌ ᠴᠢᠨᠠᠷ  ᠤᠨ ᠡᠪᠳᠡᠷᠠᠯᠳᠡ ᠪᠠ ᠣᠷᠴᠢᠨ ᠲᠣᠭᠣᠷᠢᠨ᠎ᠤ ᠪᠣᠬᠢᠷᠲᠤᠯ ᠵᠡᠷᠭᠡ ᠠᠰᠠᠭᠤᠳᠠᠯ᠎ᠳᠤ ᠲᠤᠯᠭᠠᠷᠠᠵᠤ ᠪᠠᠶ᠋ᠢᠭ᠎ᠠ ᠪᠤᠯᠪᠠᠴᠤ ᠳᠡᠯᠡᠬᠡᠶ ᠨᠡᠶ᠋ᠢᠭᠡᠮ᠎ᠢᠶᠡᠷ᠎ᠢᠶᠡᠨ ᠮᠥᠨ ᠬᠦᠰᠡᠯ ᠡᠷᠡᠮᠡᠯᠵᠡᠯ ᠲᠠᠯᠪᠢᠵᠤ ᠪᠠᠶ᠋ᠢᠨ᠎ᠠ ᠭᠡᠵᠦ ᠢᠯᠡᠳᠭᠡᠪᠡ᠃ ᠲᠡᠷᠡ ᠲᠤᠰ ᠬᠤᠭᠤᠴᠠᠭᠠᠨ᠎ᠤ ᠶᠡᠬᠡ ᠬᠤᠷᠠᠯ᠎ᠡᠴᠡ ᠤᠯᠠᠨ ᠲᠠᠯᠠᠲᠤ᠌ ᠦᠵᠡᠯ᠎ᠨᠢ ᠦᠢᠯᠡᠳᠦᠯ᠎ᠢᠶᠡᠨ ᠪᠠᠳᠠᠷᠠᠭᠤᠯᠵᠤ ᠴᠢᠳᠠᠬᠤ᠂ ᠨᠢᠭᠡᠨᠲᠡ ᠬᠢᠭᠰᠡᠨ ᠠᠮᠠᠯᠠᠯᠲᠠ᠎ᠪᠠᠨ ᠭᠦᠢᠴᠡᠳᠬᠡᠵᠦ ᠲᠡᠢᠯᠬᠦ ᠵᠢ ᠭᠡᠷᠡᠴᠢᠯᠡᠬᠦ᠎ᠶᠢ ᠬᠦᠰᠡᠵᠦ᠍ ᠪᠠᠶ᠋ᠢᠨ᠎ᠠ᠃

ᠱᠤᠮᠸᠢ᠌ᠺ᠂ 《ᠺᠦᠨᠮᠢᠩ — ᠮᠤᠨᠲ᠋ᠷᠸᠶᠠᠯ᠎ᠤᠨ ᠪᠣᠷᠣ ᠲᠥᠯᠥᠪ》 ᠤ᠋ᠨ ᠨᠠᠶ᠋ᠢᠳᠠᠪᠤᠷᠢᠵᠢᠭᠤᠯᠤᠯᠲᠠ᠎ᠶᠢ ᠦᠨᠡᠯᠡᠬᠦ ᠮᠡᠳᠡᠭᠦᠯᠦᠯᠲᠡ ᠪᠣᠯᠤᠨ ᠡᠯ᠎ᠡ ᠤᠯᠤᠰ᠎ᠤᠨ ᠲᠤᠰᠢᠶᠠᠭᠰᠠᠨ ᠤᠯᠤᠰ᠎ᠤᠨ ᠮᠡᠳᠡᠭᠦᠯᠦᠯᠲᠡ ᠨᠢ ᠳᠡᠯᠡᠬᠡᠢ ᠨᠡᠶ᠋ᠢᠭᠡᠮ᠎ᠦᠨ ᠬᠢᠨ᠎ᠦ ᠲᠤᠰ ᠪᠣᠷᠣ ᠲᠥᠯᠥᠪ᠎ᠦᠨ ᠨᠠᠶ᠋ᠢᠳᠠᠪᠤᠷᠢᠵᠢᠭᠤᠯᠤᠯᠲᠠ᠎ᠶᠢᠨ ᠣᠳᠣᠬᠢ ᠪᠠᠶ᠋ᠢᠳᠠᠯ ᠵᠢᠴᠢ ᠮᠦᠨ ᠬᠦ᠌ ᠣᠷᠣᠰᠢᠵᠤ ᠪᠠᠶ᠋ᠢᠭ᠎ᠠ ᠵᠥᠷᠢᠢ᠎ᠡ᠎ᠶᠢ ᠣᠶ᠋ᠢᠯᠠᠭᠠᠬᠤ᠎ᠳᠤ ᠠᠰᠢᠭᠲᠠᠢ ᠶᠤᠮ᠃ ᠲᠣᠰ ᠬᠤᠭᠤᠴᠠᠭᠠᠨ ᠎ᠤ ᠶᠡᠬᠡ ᠬᠤᠷᠠᠯ᠎ᠤᠨ ᠴᠢᠬᠤᠯᠠ ᠡᠭᠦᠷᠭᠡ ᠪᠣᠯ ᠵᠥᠷᠢᠶ᠎ᠡ᠎ᠶᠢ ᠪᠠᠭᠠᠰᠬᠠᠬᠤ ᠶᠠᠪᠤᠳᠠᠯ ᠪᠣᠯᠤᠨ᠎ᠠ᠂ ᠤᠳᠠᠯ ᠥᠬᠡᠶ ᠥᠷᠨᠢᠭᠦᠯᠬᠦ᠌ ᠭᠡᠵᠦ᠍ ᠪᠠᠶ᠋ᠢᠭ᠎ᠠ ᠪᠥᠬᠥ᠌ ᠪᠥᠮᠪᠥᠷᠴᠡᠭ᠎ᠦᠨ ᠬᠠᠮᠲᠤ᠎ᠶᠢᠨ ᠠᠬᠢᠴᠠ᠎ᠶᠢᠨ ᠬᠢᠨᠠᠨ ᠪᠠᠶ᠋ᠢᠴᠠᠭᠠᠯᠲᠠ ᠨᠢ ᠵᠠᠩᠭᠢᠯᠠᠭ᠎ᠠ᠎ᠶᠢᠨ ᠠᠴᠢ ᠬᠣᠯᠪᠣᠭᠳᠠᠯ᠎ᠲᠠᠶ ᠶᠤᠮ ᠭᠡᠵᠦ ᠵᠢᠭᠠᠵᠤ ᠭᠠᠷᠭᠠᠪᠠ᠃

COP17 ᠵᠢᠨ ᠵᠢᠩᠬᠢᠨᠢ ᠬᠤᠷᠠᠯ᠎ᠤᠨ ᠬᠤᠭᠤᠴᠠᠭ᠎ᠠ ᠨᠢ 10 ᠰᠠᠷ᠎ᠠ᠎ᠶᠢᠨ 19 ᠎ᠡᠴᠡ 30 ᠎ᠤ᠋ ᠡᠳᠦᠷ ᠪᠣᠯᠤᠨ᠎ᠠ᠂ 《ᠪᠠᠶ᠋ᠢᠭᠠᠯᠢ ᠲᠡᠯᠡᠬᠡᠢ᠎ᠶᠢᠨ ᠲᠥᠯᠥᠭᠡ ᠠᠵᠢᠯᠯᠠᠭ᠎ᠠ ᠠᠪᠤᠰᠤᠭᠠᠢ》 ᠬᠡᠬᠦ ᠭᠤᠤᠯ ᠰᠡᠳᠦᠪ᠎ᠤᠨ ᠲᠤᠭᠤᠷᠢᠨ ᠳ᠋ᠤ ᠶᠠᠪᠤᠬᠳᠠᠬᠤ ᠪᠤᠯᠤᠨ᠎ᠠ᠃ ᠪᠥᠬᠥ᠌ ᠪᠥᠮᠪᠥᠷᠴᠡᠭ᠎ᠦᠨ ᠬᠠᠮᠲᠤ᠎ᠪᠠᠷ 《ᠺᠦᠨᠮᠢᠩ — ᠮᠤᠨᠲ᠋ᠷᠸᠶᠠᠯ᠎ᠤᠨ ᠪᠣᠷᠣ ᠲᠥᠯᠥᠪ》 ᠢ᠋ ᠨᠠᠶ᠋ᠢᠳᠠᠪᠤᠷᠢᠵᠢᠭᠤᠯᠤᠭᠰᠠᠨ ᠠᠬᠢᠴᠠ᠎ᠶᠢ ᠦᠨᠡᠯᠡᠭᠰᠡᠨ ᠠᠩᠬᠠᠳᠠᠭᠴᠢ ᠮᠡᠳᠡᠭᠦᠯᠦᠯᠲᠡ ᠵᠢ 15 ᠎ᠤ᠋ ᠡᠳᠦᠷ ᠡᠸᠷᠧᠸᠠᠨ᠎ᠳ᠋ᠤ ᠨᠡᠶ᠋ᠢᠲᠡᠯᠡᠪᠡ᠃


(ᠰᠢᠨᠬᠤᠸᠠ ᠬᠤᠷᠢᠶ᠎ᠠ ᠵᠢᠨ ᠡᠸᠷᠧᠸᠠᠨ᠎ᠤ 10 ᠰᠠᠷ᠎ᠠ᠎ᠶᠢᠨ 18 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面