ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-22 12:16:49

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠣᠷᠳᠣᠰ ᠬᠣᠲᠠ ᠡᠵᠡᠨ ᠬᠣᠷᠣᠭ᠎ᠠ ᠬᠣᠰᠢᠭᠤᠨ ᠤ᠋ ᠤᠯᠤᠰ ᠤ᠋ᠨ ᠥᠮᠴᠢᠯᠡᠯᠲᠦ ᠣᠢ ᠰᠢᠭᠤᠢ ᠵᠢᠨ ᠲᠠᠯᠠᠪᠠᠢ ᠵᠢᠨ ᠣᠢ ᠰᠢᠭᠤᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠢ ᠣᠢᠷ᠎ᠠ ᠳ᠋ᠤ ᠢᠯᠭᠤᠮ ᠬᠤᠳᠠᠯᠳᠤᠵᠤ᠂ ᠠᠢᠮᠠᠭ ᠬᠣᠲᠠ ᠠᠯᠤᠰᠯᠠᠭᠰᠠᠨ ᠣᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠢ ᠠᠩᠬ᠎ᠠ ᠤᠳᠠᠭ᠎ᠠ ᠠᠷᠠᠯᠵᠢᠶᠠᠯᠠᠭᠰᠠᠨ ᠪᠠᠢᠨ᠎ᠠ᠃ ᠡᠨᠡ ᠨᠢ ᠣᠷᠳᠣᠰ ᠤ᠋ᠨ ᠣᠢ ᠰᠢᠭᠤᠢ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠢ᠋ ᠬᠤᠷᠠᠭᠤᠯᠬᠤ ᠪᠦᠲᠦᠭᠡᠭᠳᠡᠬᠦᠨ ᠲᠣᠰ ᠭᠠᠵᠠᠷ ᠤ᠋ᠨ ᠰᠢᠩᠭᠡᠬᠡᠨ ᠠᠪᠬᠤ ᠬᠢᠵᠠᠭᠠᠷᠯᠠᠯ ᠢ᠋ ᠡᠪᠳᠡᠭᠡᠳ᠂ ᠣᠷᠣᠨ ᠪᠦᠰᠡ ᠠᠯᠤᠰᠯᠠᠨ ᠭᠦᠢᠯᠭᠡᠭᠡᠨ ᠳ᠋ᠤ ᠣᠷᠣᠵᠠᠢ᠃

ᠣᠢ ᠰᠢᠭᠤᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ ᠪᠣᠯ ᠣᠢᠲᠤ ᠭᠠᠵᠠᠷ ᠤ᠋ᠨ ᠣᠢ ᠮᠣᠳᠣᠨ ᠤ᠋ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭᠠᠰᠬᠠᠭᠰᠠᠨ ᠬᠡᠮᠵᠢᠶ᠎ᠡ ᠵᠢᠨ ᠠᠰᠢᠭ᠋ ᠣᠯᠵᠠᠪᠤᠷᠢ ᠵᠢᠨ ᠡᠷᠬᠡ ᠵᠢᠨ ᠭᠡᠷᠡᠴᠢ ᠪᠠᠷᠢᠮᠲᠠ ᠪᠤᠯᠤᠨ᠎ᠠ᠃ ᠲᠥᠬᠥᠮ ᠶ᠋ᠢᠡᠷ ᠬᠡᠯᠡᠪᠡᠯ᠂ ᠣᠢᠲᠤ ᠭᠠᠵᠠᠷ ᠤ᠋ᠨ ᠵᠢᠯ ᠪᠦᠷᠢ ᠵᠢᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠢ᠋ ᠰᠢᠩᠭᠡᠬᠡᠨ ᠠᠪᠬᠤ ᠪᠠ ᠬᠦᠴᠢᠯᠲᠥ᠋ᠷᠥᠭᠴᠢ ᠢᠯᠭᠠᠷᠠᠭᠤᠯᠬᠤ ᠬᠡᠮᠵᠢᠶ᠎ᠡ ᠵᠢ ᠭᠤᠷᠪᠠᠳᠤᠭᠠᠷ ᠡᠲᠡᠭᠡᠳ ᠤ᠋ᠨ ᠬᠢᠨᠠᠨ ᠬᠡᠮᠵᠢᠵᠦ ᠲᠣᠭᠠᠴᠠᠭ᠎ᠠ ᠬᠢᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠣᠢ ᠰᠢᠭᠤᠢ ᠨᠤᠳᠤᠭ ᠪᠡᠯᠴᠢᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠬᠢᠨᠠᠨ ᠲᠣᠭᠲᠠᠭᠠᠬᠤ ᠵᠡᠷᠭᠡ ᠠᠯᠬᠤᠮ ᠢ᠋ ᠪᠡᠶᠡᠯᠡᠬᠦᠯᠦᠭᠰᠡᠨ ᠤ᠋ ᠳᠠᠷᠠᠭ᠎ᠠ ᠠᠰᠢᠭ᠋ ᠣᠷᠣᠯᠭ᠎ᠠ ᠵᠢᠨ ᠭᠡᠷᠡᠴᠢ ᠪᠠᠷᠢᠮᠲᠠ ᠪᠣᠯᠭᠠᠨ ᠬᠤᠪᠢᠷᠠᠭᠤᠯᠬᠤ ᠵᠢ ᠵᠢᠭᠠᠵᠤ ᠪᠤᠢ᠃ ᠡᠵᠡᠨ ᠬᠣᠷᠣᠭ᠎ᠠ ᠬᠣᠰᠢᠭᠤ 2024 ᠣᠨ ᠡᠴᠡ ᠤᠯᠤᠰ ᠤ᠋ᠨ ᠥᠮᠴᠢᠯᠡᠯᠳᠤ ᠣᠢ ᠰᠢᠭᠤᠢ ᠵᠢᠨ ᠲᠠᠯᠠᠪᠠᠢ ᠶ᠋ᠢᠨ ᠨᠦᠬᠦᠴᠡᠯ ᠳ᠋ᠤ ᠨᠡᠢᠴᠡᠭᠰᠡᠨ ᠣᠢ ᠰᠢᠭᠤᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠢ ᠠᠷᠠᠯᠵᠢᠶᠠᠯᠠᠵᠤ ᠡᠬᠢᠯᠡᠪᠡ᠃

ᠡᠵᠡᠨ ᠬᠣᠷᠣᠭ᠎ᠠ ᠬᠣᠰᠢᠭᠤᠨ ᠤ᠋ ᠤᠯᠤᠰ ᠤ᠋ᠨ ᠥᠮᠴᠢᠯᠡᠯᠳᠤ ᠣᠢ ᠰᠢᠭᠤᠢ ᠵᠢᠨ ᠲᠠᠯᠠᠪᠠᠢ ᠵᠢᠨ ᠳᠠᠷᠤᠭ᠎ᠠ ᠯᠢ ᠹᠧᠩ ᠤ᠋ᠨ ᠲᠠᠨᠢᠯᠴᠠᠭᠤᠯᠬᠤ ᠪᠡᠷ᠂ ᠲᠤᠰ ᠤᠳᠠᠭᠠᠨ᠎ᠤ ᠠᠷᠠᠯᠵᠢᠶᠠᠯᠠᠭᠰᠠᠨ ᠨᠢ ᠰᠢᠨ᠎ᠡ ᠵᠡᠭᠡᠯᠢ ᠵᠢᠨ ᠡᠯᠡᠰᠦ ᠵᠢ ᠵᠠᠰᠠᠬᠤ ᠥᠷᠲᠡᠭᠡᠨ᠎ᠤ ᠠᠯᠤᠲᠤ ᠠᠵᠢᠯᠯᠠᠬᠤ ᠲᠣᠭᠣᠷᠢᠭ᠋ ᠤ᠋ᠨ ᠣᠢ ᠰᠢᠭᠤᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ ᠪᠣᠯᠣᠨ᠎ᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭᠠᠰᠬᠠᠭᠰᠠᠨ ᠬᠡᠮᠵᠢᠶ᠎ᠡ ᠨᠢ 22 ᠲᠣᠨ᠎ᠳᠤ ᠬᠦᠷᠴᠦ᠂ ᠬᠤᠳᠠᠯᠳᠤᠨ ᠠᠪᠤᠭᠰᠠᠨ ᠲᠠᠯ᠎ᠠ ᠨᠢ ᠰᠢᠯᠢᠩᠬᠣᠲᠠ ᠵᠢᠨ ᠪᠠᠶᠠᠨᠪᠤᠯᠠᠭ ᠰᠤᠮᠤᠨ᠎ᠤ ᠵᠠᠰᠠᠭ ᠤ᠋ᠨ ᠣᠷᠳᠣᠨ ᠪᠣᠯᠣᠨ᠎ᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠢ ᠲᠣᠰ ᠰᠤᠮᠤᠨ ᠤ᠋ ᠠᠯᠪᠠᠨ ᠪᠠᠢᠭᠤᠯᠭ᠎ᠠ ᠵᠢᠨ ᠠᠵᠢᠯᠯᠠᠭᠠᠨ᠎ᠤ ᠶᠠᠪᠤᠴᠠ᠎ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠦᠢᠴᠡᠳᠭᠡᠯ ᠲᠤᠭ᠎ᠠ ᠵᠢ ᠤᠷᠤᠯᠠᠨ ᠪᠠᠯᠠᠯᠠᠬᠤ ᠳ᠋ᠤ ᠲᠤᠰᠬᠠᠢ ᠬᠡᠷᠡᠭᠯᠡᠬᠦ ᠪᠤᠯᠤᠨ᠎ᠠ᠃ ᠥᠪᠥᠷ ᠮᠣᠩᠭᠣᠯ ᠤ᠋ᠨ ᠥᠮᠴᠢᠯᠡᠯ᠎ᠤᠨ ᠡᠷᠬᠡ ᠵᠢᠨ ᠠᠷᠠᠯᠵᠢᠶᠠᠨ ᠤ᠋ ᠲᠥᠪ ᠲᠤ᠌ ᠠᠢᠮᠠᠭ ᠬᠣᠲᠠ ᠠᠯᠤᠰᠯᠠᠨ ᠰᠢᠯᠵᠢᠭᠦᠯᠦᠨ ᠥᠭᠬᠦ ᠵᠢ ᠪᠡᠶᠡᠯᠡᠭᠦᠯᠵᠦ᠂ ᠲᠣᠰ ᠤᠳᠠᠭᠠᠨ ᠤ᠋ ᠠᠷᠠᠯᠵᠢᠶᠠᠨ ᠤ᠋ ᠠᠰᠢᠭ᠋ ᠣᠷᠣᠯᠭ᠎ᠠ ᠵᠢ ᠡᠵᠡᠨ ᠬᠤᠷᠤᠭ᠎ᠠ ᠬᠣᠰᠢᠭᠤᠨ ᠤ᠋ ᠡᠳ᠋ ᠤ᠋ᠨ ᠵᠠᠰᠠᠭ ᠡᠴᠡ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠬᠦ ᠪᠤᠯᠤᠨ᠎ᠠ᠃

ᠤᠢᠯᠠᠭᠠᠭᠰᠠᠨ ᠶ᠋ᠢᠡᠷ᠂ ᠡᠭᠦᠨ ᠡᠴᠡ ᠡᠮᠦᠨ᠎ᠡ ᠡᠵᠡᠨ ᠬᠣᠷᠣᠭ᠎ᠠ ᠬᠣᠰᠢᠭᠤᠨ ᠤ᠋ ᠣᠢ ᠰᠢᠭᠤᠢ ᠵᠢᠨ ᠨᠡᠭᠦᠷᠡᠰᠦᠲᠥ᠋ᠷᠥᠭᠴᠢ  ᠭᠠᠳᠠᠭᠰᠢᠯᠠᠭᠤᠯᠬᠤ ᠪᠢᠯᠸᠲ᠎ᠢ᠎ᠭᠤᠤᠯᠳᠠᠭᠤ ᠲᠤᠬᠠᠢ ᠵᠢᠨ ᠭᠠᠵᠠᠷ ᠲᠤᠨᠢ ᠰᠢᠩᠭᠡᠬᠡᠨ ᠠᠪᠴᠤ ᠪᠠᠢᠪᠠ᠃ ᠲᠤᠰ ᠤᠳᠠᠭᠠᠨ ᠤ᠋ ᠣᠷᠣᠨ ᠪᠦᠰᠡ ᠠᠯᠤᠰᠯᠠᠭᠰᠠᠨ ᠠᠷᠠᠯᠵᠢᠶ᠎ᠠ ᠵᠢ ᠢᠯᠭᠤᠮ ᠪᠦᠲᠦᠭᠡᠬᠦ ᠵᠢᠨ ᠲᠥᠯᠥᠭᠡ᠂ ᠳᠤᠰ ᠬᠣᠰᠢᠭᠤᠨ ᠤ᠋ ᠣᠢ ᠰᠢᠭᠤᠢ ᠨᠤᠳᠤᠭ ᠪᠡᠯᠴᠢᠭᠡᠷ ᠤ᠋ᠨ ᠰᠠᠯᠠᠭ᠎ᠠ ᠮᠥᠴᠢᠷ ᠰᠠᠨᠠᠭᠠᠴᠢᠯᠠᠭ᠎ᠠ ᠡᠴᠡ ᠪᠡᠨ ᠥᠮᠴᠢᠯᠡᠯ᠎ᠤᠨ ᠡᠷᠬᠡ ᠵᠢᠨ ᠠᠷᠠᠯᠵᠢᠶᠠᠨ ᠤ᠋ ᠲᠠᠪᠴᠠᠩ ᠲᠠᠢ ᠵᠣᠯᠭᠠᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠢ ᠬᠠᠷᠭᠤᠭᠤᠯᠤᠨ ᠪᠠᠢᠴᠠᠭᠠᠵᠤ᠂ ᠬᠤᠳᠠᠯᠳᠤᠨ ᠠᠪᠤᠭ᠍ᠴᠢ ᠲᠠᠢ ᠵᠣᠯᠭᠠᠭᠤᠯᠤᠨ᠂ 《ᠣᠢᠲᠤ ᠭᠠᠵᠠᠷ ᠤ᠋ᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠲᠣᠭᠲᠠᠪᠤᠷᠢᠵᠢᠭᠤᠯᠬᠤ ︱ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠢ ᠨᠡᠭᠡᠭᠡᠨ ᠬᠥᠭᠵᠢᠭᠦᠯᠬᠦ ︱ ᠲᠠᠪᠴᠠᠩ ᠶ᠋ᠢᠡᠷ ᠠᠷᠠᠯᠵᠢᠶᠠᠯᠠᠬᠤ ︱ ᠠᠶ᠋ᠢᠮᠠᠭ ᠬᠣᠲᠠ ᠠᠯᠤᠰᠯᠠᠨ ᠰᠢᠯᠵᠢᠬᠦᠯᠦᠨ ᠦᠭᠬᠦ》 ᠵᠡᠷᠭᠡ ᠪᠦᠷᠢᠨ ᠪᠦᠲᠦᠨ ᠬᠡᠯᠬᠢᠶ᠎ᠡ ᠵᠢ ᠨᠡᠪᠲᠡᠷᠡᠭᠦᠯᠦᠭᠰᠡᠨ ᠪᠠᠢᠨ᠎ᠠ᠃ ᠲᠤᠰ ᠤᠳᠠᠭᠠᠨ᠎ᠤ ᠦᠢᠯᠡᠳᠦᠯᠭᠡ ᠪᠠᠰᠠ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠤ᠋ ᠡᠯᠡᠰᠦ ᠵᠢ ᠵᠠᠰᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠲᠣᠭᠲᠠᠪᠤᠷᠢᠵᠢᠭᠤᠯᠬᠤ ᠠᠮᠢ ᠠᠬᠤᠢ ᠵᠢᠨ ᠦᠷ᠎ᠡ ᠪᠦᠲᠦᠭᠡᠯ ᠢ᠋ ᠬᠡᠮᠵᠢᠵᠦ ᠪᠣᠯᠬᠤ᠂ ᠠᠷᠠᠯᠵᠢᠶᠠᠯᠠᠵᠤ ᠪᠣᠯᠬᠤ᠂ ᠪᠡᠯᠡᠨ ᠵᠣᠭᠣᠰ ᠪᠣᠯᠭᠠᠵᠤ ᠪᠣᠯᠬᠤ ᠠᠮᠢ ᠠᠬᠤᠢ ᠵᠢᠨ ᠦᠷᠳᠡᠭ ᠪᠣᠯᠭᠠᠨ ᠬᠤᠪᠢᠷᠠᠭᠤᠯᠬᠤ ᠵᠢ ᠠᠬᠢᠭᠤᠯᠪᠠ᠃

ᠣᠲᠣᠬᠠᠨ ᠪᠣᠯᠲᠠᠯ᠎ᠠ᠂ ᠡᠵᠡᠨ ᠬᠣᠷᠣᠭ᠎ᠠ ᠬᠣᠰᠢᠭᠤᠨ ᠤ᠋ ᠣᠢ ᠰᠢᠭᠤᠢ ᠵᠢᠨ ᠪᠦᠷᠬᠦᠴᠡ 37.1% ᠳ᠋ᠤ ᠬᠦᠷᠴᠡᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠳᠦᠯᠦᠪᠯᠡᠭᠡ ᠡᠴᠡ ᠨᠠᠭᠠᠰᠢ ᠪᠥᠬᠥ ᠬᠣᠰᠢᠭᠤᠨ ᠤ᠋ ᠣᠢ ᠰᠢᠭᠤᠢ  ᠨᠤᠳᠤᠭ ᠪᠡᠯᠴᠢᠭᠡᠷ ᠤ᠋ᠨ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢ ᠨᠡᠶ᠋ᠢᠲᠡ 165.17 ᠲᠦᠮᠡᠨ ᠮᠦ᠍ ᠪᠡᠶᠡᠯᠡᠭᠦᠯᠵᠦ᠂ ᠣᠢᠲᠤ ᠭᠠᠵᠠᠷ ᠤ᠋ᠨ ᠶᠡᠷᠦᠩᠬᠡᠢ ᠲᠠᠯᠠᠪᠠᠢ 300 ᠲᠦᠮᠡᠨ ᠮᠦ᠍ ᠵᠢ ᠳᠠᠪᠠᠪᠠ᠃ ᠤᠯᠤᠰ ᠤ᠋ᠨ ᠥᠮᠴᠢᠯᠡᠯᠲᠦ ᠣᠢ ᠰᠢᠭᠤᠢ ᠵᠢᠨ ᠲᠠᠯᠠᠪᠠᠢ ᠵᠢᠨ 5 ᠲᠦᠮᠡᠨ ᠮᠦ᠍ ᠣᠢᠲᠤ ᠭᠠᠵᠠᠷ ᠲᠤ᠌ ᠲᠦᠰᠢᠭᠯᠡᠨ᠂ ᠪᠥᠬᠥ ᠬᠣᠰᠢᠭᠤᠨ ᠤ᠋ ᠣᠢ ᠰᠢᠭᠤᠢ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠢᠯᠸᠲ᠎ᠤᠨ ᠠᠷᠠᠯᠵᠢᠶ᠎ᠠ ᠵᠢ ᠡᠬᠢᠯᠡᠬᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭᠠᠰᠬᠠᠭᠰᠠᠨ ᠬᠡᠮᠵᠢᠶ᠎ᠡ ᠵᠢ ᠨᠡᠶ᠋ᠢᠲᠡ 8.6 ᠲᠦᠮᠡᠨ ᠲᠤᠨ ᠲᠣᠭᠠᠴᠠᠭ᠎ᠠ ᠬᠢᠭᠰᠡᠨ ᠪᠠᠢᠨ᠎ᠠ᠃ ᠨᠡᠭᠦᠷᠡᠰᠦᠲᠥ᠋ᠷᠥᠭᠴᠢ ᠵᠢ ᠰᠢᠩᠭᠡᠬᠡᠨ ᠠᠪᠬᠤ ᠡᠴᠡ ᠭᠠᠳᠠᠨ᠎ᠠ᠂ ᠲᠤᠬᠠᠢ ᠵᠢᠨ ᠭᠠᠵᠠᠷ ᠰᠢᠯᠢᠳᠡᠭ ᠵᠢᠮᠢᠰ ᠤ᠋ᠨ ᠤᠢ᠂ ᠡᠪᠡᠰᠦᠨ ᠡᠮ ᠳᠠᠷᠢᠬᠤ ᠵᠡᠷᠭᠡ ᠤᠢ ᠰᠢᠭᠤᠢ ᠡᠪᠡᠰᠦᠨ ᠤ᠋ ᠠᠵᠤ ᠦᠢᠯᠡᠰ ᠢ᠋ ᠵᠡᠷᠭᠡ ᠪᠡᠷ ᠬᠥᠭᠵᠢᠭᠦᠯᠵᠦ᠂ ᠤᠢ ᠰᠢᠭᠤᠢ ᠡᠪᠡᠰᠦᠨ ᠤ᠋ ᠪᠦᠬᠦ ᠠᠵᠤ ᠦᠢᠯᠡᠰ ᠤ᠋ᠨ ᠬᠡᠯᠬᠢᠶ᠎ᠡ ᠵᠢᠨ ᠦᠢᠯᠡᠳᠬᠦᠨ ᠤ᠋ ᠦᠷᠳᠡᠭ 4.2 ᠳ᠋ᠦᠩᠰᠢᠭᠤᠷ ᠲᠥᠭᠥᠷᠢᠭ ᠲᠤ᠌  ᠬᠦᠷᠴᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面