2026-10-24 17:17:08
10 ᠰᠠᠷ᠎ᠠ᠎ᠶᠢᠨ 16 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠤᠯᠠᠭᠠᠨᠴᠠᠪ ᠬᠤᠲᠠ ᠳᠦ ᠱᠢᠨᠵᠢᠯᠡᠨ ᠪᠠᠢᠴᠠᠭᠠᠬᠤ ᠳᠠᠭᠠᠨ᠂ ᠬᠢᠬᠢᠷᠢ ᠵᠢᠨ ᠨᠠᠭᠤᠷ ᠤ᠋ᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠬᠢᠬᠢᠷᠢ ᠵᠢᠨ ᠨᠠᠭᠤᠷ ᠤ᠋ᠨ ᠶᠡᠷᠦᠩᠬᠡᠶ᠋ᠢᠯᠡᠭᠰᠡᠨ ᠵᠠᠰᠠᠯᠲᠠ ᠵᠢ ᠠᠬᠢᠭᠤᠯᠵᠤ ᠪᠠᠢᠬᠤ᠂ ᠠᠮᠢ ᠠᠬᠤᠶ᠎ᠶᠢᠨ ᠰᠢᠰᠲ᠋ᠧᠮ᠎ᠢ ᠰᠡᠷᠭᠦᠭᠡᠨ ᠵᠠᠰᠠᠵᠤ ᠪᠠᠢᠬᠤ ᠵᠡᠷᠭᠡ ᠪᠠᠢᠳᠠᠯ ᠤ᠋ᠨ ᠬᠠᠷᠢᠭᠤ ᠮᠡᠳᠡᠭᠦᠯᠦᠯᠲᠡ᠎ᠶᠢ ᠰᠤᠨᠤᠰᠤᠭᠰᠠᠨ ᠪᠦᠭᠡᠳ ᠤᠰᠤᠨ᠎ᠤ ᠬᠦᠪᠡᠭᠡ ᠭᠤᠤᠯ᠎ᠤᠨ ᠰᠠᠶ᠋ᠢᠷᠭᠠᠯᠤᠨ ᠠᠮᠢ ᠠᠬᠤᠶ᠂ ᠣᠷᠣᠰᠢᠨ ᠠᠮᠢᠳᠤᠷᠠᠵᠤ ᠪᠠᠶ᠋ᠢᠭ᠎ᠠ ᠰᠢᠪᠠᠭᠤᠨ᠎ᠤ ᠲᠥᠷᠥᠯ ᠵᠡᠷᠭᠡ ᠵᠢ ᠲᠤᠬᠠᠶ᠎ᠶᠢᠨ ᠭᠠᠵᠠᠷ᠎ᠲᠤᠨᠢ ᠪᠠᠶ᠋ᠢᠴᠠᠭᠠᠨ ᠦᠵᠡᠪᠠ᠃
ᠶᠡᠷᠦᠩᠬᠡᠢ ᠱᠦᠵᠢ ᠰᠢᠨᠵᠢᠯᠡᠨ ᠪᠠᠢᠴᠠᠭᠠᠬᠤ ᠡᠴᠠ ᠡᠮᠦᠨᠡᠬᠢ ᠬᠠᠭᠠᠰ ᠰᠠᠷ᠎ᠠ᠂ ᠬᠢᠬᠢᠷᠢ ᠵᠢᠨ ᠨᠠᠭᠤᠷ ᠤ᠋ᠨ ᠤᠰᠤᠨ᠎ᠤ ᠭᠠᠳᠠᠷᠭᠤ ᠵᠢᠨ ᠲᠠᠯᠠᠪᠠᠶ 85.22 ᠲᠡᠭᠰᠢ ᠳᠥᠷᠪᠡᠯᠵᠢᠨ ᠺᠢᠯᠣᠮᠧᠲ᠋ᠷᠲᠦ᠍ ᠬᠥᠷᠴᠤ ᠪᠠᠢᠭᠰᠠᠠ ᠪᠤᠯ᠂ 2012 ᠤᠨ᠎ᠤ ᠭᠠᠩ ᠬᠠᠭᠰᠠᠷᠠᠭᠠᠨ ᠲᠡᠢ ᠵᠢᠯ᠎ᠳᠤ ᠡᠨᠳᠡᠬᠢ ᠵᠢᠨ ᠤᠰᠤᠨ᠎ᠤ ᠭᠠᠳᠠᠷᠭᠤ ᠵᠢᠨ ᠲᠠᠯᠠᠪᠠᠢ 5 ᠲᠡᠭᠰᠢ ᠳᠥᠷᠪᠡᠯᠵᠢᠨ ᠺᠢᠯᠣᠮᠧᠲ᠋ᠷᠲᠤᠴᠤ ᠬᠦᠷᠬᠦ ᠦᠬᠡᠢ ᠪᠠᠢᠵᠠᠢ᠃
ᠠᠯᠳᠠᠨ ᠨᠠᠮᠤᠷ ᠤ᠋ᠨ ᠤᠯᠠᠷᠢᠯ ᠳ᠋ᠤ ᠤᠯᠠᠭᠠᠨᠴᠠᠪ ᠬᠤᠲᠠ ᠵᠢᠨ ᠴᠠᠬᠠᠷ ᠪᠠᠷᠠᠭᠤᠨ ᠭᠠᠷᠤᠨ ᠡᠮᠦᠨᠠᠳᠤ ᠬᠤᠰᠢᠭᠤᠨ ᠤ᠋ ᠬᠢᠬᠢᠷᠢ ᠵᠢᠨ ᠨᠠᠭᠤᠷ ᠤ᠋ᠨ ᠤᠰᠤ ᠰᠠᠯᠬᠢᠨ ᠤ᠋ ᠠᠶ᠎ᠠ ᠪᠡᠷ ᠳᠣᠯᠭᠢᠶᠠᠯᠠᠨ᠂ ᠭᠤᠤᠯ᠎ᠤᠨ ᠰᠠᠶ᠋ᠢᠷᠭᠠᠯᠳᠤ ᠬᠤᠯᠤᠰᠤ ᠵᠡᠭᠡᠰᠦ ᠨᠠᠶ᠋ᠢᠭᠤᠵᠤ᠂ ᠤᠰᠤᠨ᠎ᠤ ᠰᠢᠪᠠᠭᠤᠳ ᠬᠠᠯᠢᠨ ᠨᠢᠰᠴᠤ᠂ 27 ᠵᠢᠯ᠎ᠤᠨ ᠲᠠᠷᠠᠭ᠎ᠠ ᠲᠠᠬᠢᠨ ᠢᠯᠡᠷᠡᠭᠰᠡᠡ ᠵᠢᠭᠠᠰᠤᠨ ᠰᠦᠷᠦᠭ ᠤᠰᠤᠨ᠎ᠦ ᠬᠦᠨᠳᠤ ᠴᠢᠯᠦᠭᠡᠳᠡᠢ ᠤᠮᠪᠠᠵᠦ ᠠᠮᠢᠵᠢᠷᠠᠯ ᠪᠢᠯᠬᠠᠭᠰᠠᠨ ᠨᠠᠭᠤᠷ ᠤ᠋ᠨ ᠰᠠᠢᠬᠠᠨ ᠦᠵᠡᠮᠵᠢ ᠨᠢᠳᠤᠨ ᠳ᠋ᠤ ᠲᠡᠯᠭᠡᠭᠳᠡᠨ᠎ᠠ᠃
ᠬᠢᠬᠢᠷᠢ ᠵᠢᠨ ᠨᠠᠭᠤᠷ ᠨᠢ ᠭᠤᠷᠪᠠᠳᠠᠭᠴᠢ ᠭᠠᠯᠪᠠ᠎ᠶᠢᠨ ᠳᠡᠯᠡᠬᠡᠶ᠎ᠶᠢᠨ ᠴᠠᠷᠴᠠᠳᠠᠰᠤ᠎ᠶᠢᠨ ᠬᠠᠭᠠᠷᠠᠯ᠎ᠠᠴᠠ ᠪᠤᠶ ᠪᠣᠯᠤᠭᠰᠠᠨ ᠴᠥᠮᠥᠷᠡᠯ ᠬᠣᠲᠣᠭᠣᠷ ᠪᠠᠢᠵᠤ᠂ ᠳᠥᠷᠪᠡᠨ ᠲᠠᠯ᠎ᠠ᠎ᠪᠠᠷ᠎ᠢᠶᠠᠨ ᠨᠠᠮ ᠠᠭᠤᠯᠠ᠂ ᠳᠣᠪᠣᠷᠬᠠᠭ᠂ ᠳᠡᠨᠵᠢ ᠳ᠋ᠤ ᠬᠦᠷᠢᠶᠡᠯᠡᠭᠳᠡᠵᠡᠢ᠃ ᠡᠷᠭᠢ ᠨᠢ ᠥᠩᠭᠡᠷᠡᠭᠰᠡᠨ᠎ᠳᠦ ᠥᠷᠭᠡᠨ ᠠᠭᠤᠳᠠᠮ ᠲᠠᠯ᠎ᠠ ᠨᠤᠲᠤᠭ ᠪᠠᠶ᠋ᠢᠵᠤ᠂ ᠬᠤᠯᠤᠰᠤ ᠵᠡᠭᠡᠰᠦ ᠢᠭᠴᠤ᠌ ᠰᠠᠬᠤᠯᠢᠭ ᠤᠷᠭᠤᠨ᠂ ᠤᠰᠤ ᠪᠡᠯᠴᠢᠭᠡᠷ ᠲᠠᠩᠰᠤᠭ ᠰᠠᠶ᠋ᠢᠬᠠᠨ᠂ ᠤᠰᠤᠨ᠎ᠦ ᠰᠢᠪᠠᠭᠤ ᠬᠠᠯᠢᠨ ᠨᠢᠰᠴᠦ᠍᠂ ᠦᠬᠡᠷ ᠬᠣᠨᠢ ᠰᠦᠷᠦᠭᠯᠡᠨ ᠪᠡᠯᠴᠢᠳᠡᠭ ᠪᠠᠢᠯ᠎ᠠ᠃ ᠠᠯᠢ ᠡᠷᠲᠡ 1000 ᠭᠠᠷᠤᠶ ᠵᠢᠯ᠎ᠦᠨ ᠡᠮᠦᠨ᠎ᠡ ᠬᠢᠬᠢᠷᠢ ᠵᠢᠨ ᠨᠠᠭᠤᠷ ᠨᠢ ᠨᠠᠨ ᡂᠢ ᠨᠠᠭᠤᠷ ᠭᠡᠰᠡᠨ ᠨᠡᠷ᠎ᠠ ᠲᠠᠢ ᠪᠠᠢᠵᠠᠢ᠃ ᠲᠡᠦᠬᠡᠨ ᠳᠦ ᠬᠢᠬᠢᠷᠢ ᠵᠢᠨ ᠨᠠᠭᠤᠷ ᠤ᠋ᠨ ᠵᠢᠭᠠᠰᠤᠨ ᠤ᠋ ᠡᠬᠢ ᠪᠠᠶᠠᠯᠢᠭ ᠲᠤᠶ᠋ᠢᠯ᠎ᠤᠨ ᠡᠯᠪᠡᠭ ᠪᠠᠶ᠋ᠢᠵᠤ᠂ ᠡᠭᠦᠨ᠎ᠦ ᠳᠣᠲᠣᠷ᠎ᠠ 《ᠭᠤᠸᠠᠨ ᠼᠦᠨ ᠤ᠋ ᠬᠡᠯᠲᠡᠭᠡ ᠵᠢᠭᠠᠰᠤ》᠎ᠨᠢ ᠤᠯᠤᠰ᠎ᠤᠨ ᠳᠠᠶ᠋ᠢᠯᠠᠯᠭ᠎ᠠ᠎ᠶᠢᠨ ᠢᠳᠡᠭᠡᠨ᠎ᠦ ᠮᠠᠲ᠋ᠧᠷᠢᠶᠠᠯ ᠪᠣᠯᠤᠭᠰᠠᠨ᠎ᠤ ᠬᠤᠪᠢ᠎ᠳᠤ ᠬᠣᠯᠠ ᠣᠶ᠋ᠢᠷ᠎ᠠ᠎ᠳᠤ ᠠᠯᠳᠠᠷᠰᠢᠵᠤ ᠪᠠᠢᠵᠠᠢ᠃
20 ᠳ᠋ᠤᠭᠠᠷ ᠵᠠᠭᠤᠨ᠎ᠤ ᠲᠠᠪᠢᠭᠠᠳ ᠣᠨ᠎ᠳᠤ᠂ ᠬᠢᠬᠢᠷᠢ ᠵᠢᠨ ᠨᠠᠭᠤᠷ ᠤ᠋ᠨ ᠤᠰᠤᠨ ᠤ᠋ ᠭᠠᠳᠠᠷᠭᠤ ᠵᠢᠨ ᠲᠠᠯᠠᠪᠠᠶ ᠨᠢ ᠪᠠᠷᠤᠭ 130 ᠲᠡᠭᠰᠢ ᠳᠥᠷᠪᠡᠯᠵᠢᠨ ᠺᠢᠯᠣᠮᠧᠲ᠋ᠷ ᠪᠠᠶ᠋ᠢᠵᠤ᠂ 1952 ᠣᠨ᠎ᠳᠤ᠂ ᠬᠢᠬᠢᠷᠢ ᠵᠢᠨ ᠨᠠᠭᠤᠷ ᠤ᠋ᠨ ᠵᠢᠭᠠᠰᠤᠨ᠎ᠤ ᠭᠠᠷᠤᠯᠲᠠ ᠨᠢ 2400 ᠲᠣᠨ ᠬᠦᠷᠴᠦ᠍᠂ ᠣᠷᠣᠨ ᠨᠤᠲᠤᠭ᠎ᠤᠨ ᠠᠵᠤ ᠠᠬᠤᠶ᠎ᠶᠢᠨ ᠬᠠᠭᠠᠰ ᠲᠤᠯᠭᠠᠭᠤᠷᠢ ᠪᠣᠯᠵᠤ ᠪᠠᠢᠵᠠᠢ᠃
ᠲᠤᠬᠠᠢ ᠵᠢᠨ ᠦᠶ᠎ᠠ ᠵᠢᠨ ᠪᠠᠢᠳᠠᠯ ᠢ᠋ ᠨᠠᠭᠤᠷ ᠤ᠋ᠨ ᠬᠦᠪᠡᠭᠡᠨ ᠳ᠋ᠤ ᠦᠰᠴᠤ ᠠᠮᠢᠳᠤᠷᠠᠭᠰᠠᠭᠠᠷ ᠢᠷᠡᠭᠰᠡᠡ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠲᠤᠭ ᠤ᠋ᠨ ᠠᠭᠤᠯᠠ ᠪᠠᠯᠭᠠᠰᠤᠨ᠎ᠤ ᠰᠢᠨᠬᠤᠸᠠ ᠨᠠᠢᠭᠡᠮ ᠲᠤᠭᠤᠷᠢᠭ ᠤ᠋ᠨ 63 ᠨᠠᠰᠤᠲᠠᠢ ᠦ᠋ ᠵᠢᠶᠠᠨ ᠭᠦᠸᠧ ᠰᠠᠢᠨ ᠮᠡᠳᠡᠳᠡᠭ᠃ ᠲᠡᠷᠡ᠌᠄ 《ᠮᠢᠨᠤ ᠴᠡᠭᠡᠵᠢᠯᠡᠵᠦ᠍ ᠪᠠᠶ᠋ᠢᠬᠤ᠎ᠪᠠᠷ ᠪᠢᠳᠡ ᠪᠠᠭ᠎ᠠ᠎ᠳᠠᠭᠠᠨ ᠦᠷᠭᠦᠯᠵᠢ ᠨᠠᠭᠤᠷ᠎ᠤᠨ ᠬᠥᠪᠡᠭᠡᠨ᠎ᠳᠦ ᠣᠴᠢᠵᠤ ᠨᠠᠭᠠᠳᠳᠠᠭ᠂ ᠲᠡᠷᠡ ᠦᠶ᠎ᠠ ᠳ᠋ᠤ ᠨᠠᠭᠤᠷ᠎ᠤᠨ ᠬᠥᠪᠡᠭᠡᠨ᠎ᠳᠡᠬᠢ ᠡᠪᠡᠰᠦ ᠪᠡᠯᠴᠢᠭᠡᠷ ᠢᠭᠴᠤ᠌ ᠰᠠᠬᠤᠯᠢᠭ᠂ ᠨᠠᠭᠤᠷᠲᠤ᠌ ᠬᠡᠯᠲᠡᠭᠡ ᠵᠢᠭᠠᠰᠤ᠂ ᠮᠥᠷᠭᠥ᠌ ᠵᠢᠭᠠᠰᠤ ᠤᠯᠠᠨ ᠪᠠᠢᠵᠠᠢ︾ᠬᠡᠵᠤ ᠦᠡᠭᠭᠡᠷᠡᠭᠰᠡᠨ ᠵᠢᠡᠨ ᠡᠷᠬᠢᠴᠡᠭᠦᠯᠦᠨᠠ᠃
ᠠᠭᠤᠷ ᠠᠮᠢᠰᠬᠤᠯ ᠭᠠᠩ ᠬᠠᠭᠤᠷᠠᠶ ᠪᠣᠷᠣᠭᠠᠨ ᠴᠦᠬᠡᠨ᠂ ᠳᠡᠭᠡᠳᠦ ᠤᠷᠤᠰᠬᠠᠯ᠎ᠠᠴᠠ ᠢᠷᠡᠬᠦ᠌ ᠤᠰᠤ ᠪᠠᠭᠠᠰᠬᠤ᠂ ᠰᠠᠪᠠ ᠭᠠᠵᠠᠷ᠎ᠤᠨ ᠬᠡᠷᠡᠭᠯᠡᠬᠦ᠌ ᠤᠰᠤ ᠨᠡᠮᠡᠭᠳᠡᠬᠦ᠌ ᠵᠢᠴᠢ ᠨᠠᠭᠤᠷ ᠳᠠᠭᠠᠤ᠎ᠶᠢᠨ ᠤᠢᠯᠡᠳᠪᠤᠷᠢᠯᠡᠯ ᠠᠮᠢᠳᠤᠷᠠᠯ ᠵᠡᠷᠭᠡ ᠬᠦᠴᠦᠨ ᠵᠤᠢᠯ᠎ᠦᠨ ᠨᠥᠯᠥᠭᠡ᠎ᠡᠴᠡ ᠪᠣᠯᠵᠣ᠂ ᠬᠢᠬᠢᠷᠢ ᠵᠢᠨ ᠨᠠᠭᠤᠷ᠎ᠤᠨ ᠤᠰᠤᠨ ᠤ᠋ ᠭᠠᠳᠠᠷᠭᠤ ᠠᠭᠠᠵᠢᠮ᠎ᠢᠶᠠᠷ ᠠᠪᠴᠢᠵᠤ᠂ ᠤᠰᠤᠨ᠎ᠤ ᠠᠮᠢ ᠠᠬᠤᠶ᠎ᠶᠢᠨ ᠰᠢᠰᠲ᠋ᠧᠮ ᠦᠷᠭᠦᠯᠵᠢᠯᠡᠨ ᠮᠠᠭᠤᠳᠠᠪᠠ᠃ 2006 ᠣᠨ ᠪᠣᠯᠬᠤ᠎ᠳᠤ ᠬᠢᠬᠢᠷᠢ ᠵᠢᠨ ᠨᠠᠭᠤᠷ ᠬᠠᠳᠠᠵᠤ ᠰᠢᠷᠭᠢᠬᠦ᠌ ᠰᠢᠬᠠᠪᠠ᠃
2012 ᠣᠨ᠎ᠳᠤ᠂ ᠬᠢᠬᠢᠷᠢ ᠵᠢᠨ ᠨᠠᠭᠤᠷ ᠤ᠋ᠨ ᠤᠰᠤᠨ᠎ᠤ ᠭᠠᠳᠠᠷᠭᠤ ᠵᠤᠬᠢᠬᠤ ᠬᠡᠮᠵᠢᠶ᠎ᠠ ᠪᠡᠷ ᠦᠷᠭᠡᠵᠢᠵᠤ᠂ ᠤᠰᠤ ᠡᠯᠪᠡᠭ ᠬᠤᠭᠤᠴᠠᠭᠠᠨ ᠳ᠋ᠤ 25 ᠲᠡᠭᠰᠢ ᠳᠥᠷᠪᠡᠯᠵᠢᠨ ᠺᠢᠯᠣᠮᠧᠲ᠋ᠷ ᠣᠷᠴᠢᠮ᠎ᠳᠤ ᠬᠦᠷᠴᠤ ᠪᠠᠢᠭᠰᠠᠨ ᠴᠤ᠌᠂ ᠤᠰᠤ ᠰᠢᠷᠭᠢᠬᠦ᠌ ᠬᠤᠭᠤᠴᠠᠭᠠᠨ ᠳ᠋ᠤ 5 ᠲᠡᠭᠰᠢ ᠳᠥᠷᠪᠡᠯᠵᠢᠨ ᠺᠢᠯᠣᠮᠧᠲ᠋ᠷ ᠬᠥᠷᠬᠥ᠌ ᠳ᠋ᠤ ᠴᠤ᠌ ᠬᠦᠴᠢᠷ ᠪᠤᠯᠳᠠᠭ᠃ ᠢᠢᠨ ᠬᠦ᠌᠂ ᠵᠥᠪᠬᠡᠨ ᠨᠢᠭᠡ ᠴᠠᠭ᠎ᠤᠨ ᠢᠷᠡᠭᠰᠡᠨ ᠤᠰᠤᠨ ᠳ᠋ᠤ ᠲᠦᠰᠢᠭᠯᠡᠵᠤ ᠨᠠᠭᠤᠷ ᠴᠥᠭᠥᠷᠥᠮ᠎ᠢ ᠦᠷᠭᠦᠯᠵᠢᠯᠡᠨ ᠰᠡᠷᠭᠦᠭᠡᠬᠦ᠌ ᠬᠡᠳᠡᠭ ᠨᠢ ᠶᠡᠭᠡ ᠪᠡᠷᠬᠡ ᠶᠠᠪᠤᠳᠠᠯ ᠪᠤᠯᠵᠠᠢ᠃
ᠣᠶ᠋ᠢᠷ᠎ᠠ᠎ᠶᠢᠨ ᠵᠢᠯ ᠡᠴᠡ ᠨᠠᠭᠠᠰᠢ᠂《ᠬᠥᠮᠦᠨ᠎ᠦ ᠬᠠᠷᠰᠢᠯᠠᠯ᠎ᠢ ᠪᠠᠭᠠᠰᠬᠠᠵᠤ᠂ ᠠᠶᠠᠨᠳᠠᠭᠠᠨ ᠰᠡᠷᠭᠦᠬᠦ᠌᠎ᠶᠢ ᠠᠬᠢᠭᠤᠯᠬᠤ》ᠵᠠᠷᠴᠢᠮ ᠶᠣᠰᠣᠭᠠᠷ᠂ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤ ᠠᠮᠢ ᠠᠬᠤᠶ᠎ᠶᠢᠨ ᠵᠠᠰᠠᠯᠲᠠ᠎ᠶᠢ ᠦᠷᠭᠦᠯᠵᠢᠯᠡᠨ ᠬᠡᠷᠡᠭᠵᠢᠭᠦᠯᠪᠡ᠃ 2021 ᠣᠨ᠎ᠠᠴᠠ ᠨᠠᠭᠠᠰᠢ᠂ ᠨᠡᠶ᠋ᠢᠲᠡ 3.56 ᠳ᠋ᠦᠩᠰᠢᠭᠤᠷ ᠲᠥᠭᠥᠷᠢᠭ ᠪᠠᠯᠠ ᠣᠷᠣᠭᠤᠯᠵᠤ᠂ 44 ᠲᠥᠷᠥᠯ ᠵᠤᠢᠯ᠎ᠢ ᠬᠡᠷᠡᠭᠵᠢᠭᠦᠯᠦᠨ᠂ ᠬᠠᠮᠠᠭᠠᠯᠠᠯᠲᠠ᠎ᠶᠢᠨ ᠣᠷᠣᠨ᠎ᠢ ᠰᠢᠯᠢᠳᠡᠭᠵᠢᠭᠦᠯᠦᠨ ᠲᠣᠬᠢᠷᠠᠭᠤᠯᠬᠤ᠂ ᠪᠢᠲᠡᠭᠦᠮᠵᠢᠯᠡᠨ ᠬᠠᠮᠢᠶᠠᠷᠤᠨ ᠡᠵᠡᠮᠳᠡᠬᠦ᠌᠂ ᠭᠤᠤᠯ᠎ᠤᠨ ᠵᠠᠮ᠎ᠢ ᠯᠠᠶ᠋ᠢᠳᠠᠬᠤ᠂ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ᠌᠂ ᠪᠣᠬᠢᠷᠲᠤᠯ᠎ᠢ ᠵᠠᠰᠠᠬᠤ ᠪᠠ ᠣᠶᠤᠨᠴᠢ᠎ᠪᠠᠷ ᠬᠢᠨᠠᠨ ᠬᠠᠮᠢᠶᠠᠷᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃
ᠬᠢᠬᠢᠷᠢ ᠵᠢᠨ ᠨᠠᠭᠤᠷ ᠤ᠋ᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠤᠢᠯᠡᠴᠢᠯᠡᠭᠡᠨᠦ ᠲᠥᠪ᠎ᠦᠨ ᠠᠵᠢᠯᠲᠠᠨ ᠰᠢᠶᠸ ᠰᠢᠶᠤᠤ ᠹᠸᠢ᠂ ᠭᠤᠤᠯ ᠬᠠᠮᠠᠭᠠᠯᠠᠯᠲᠠ ᠶᠢᠨ ᠣᠷᠣᠨ᠎ᠢ 2017 ᠣᠨ᠎ᠠᠴᠠ ᠡᠬᠢᠯᠡᠨ ᠬᠦᠷᠢᠶᠡᠯᠡᠨ ᠪᠢᠲᠡᠭᠦᠮᠵᠢᠯᠡᠵᠦ᠍᠂ ᠵᠠᠯᠭᠠᠭᠠᠳ ᠬᠠᠰᠢᠯᠭ᠎ᠠ ᠶᠢᠨ ᠲᠥᠬᠥᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠪᠠ᠃ ᠪᠢᠳᠡᠭᠦᠮᠵᠢᠯᠡᠬᠦ᠎ᠡᠴᠡ ᠭᠠᠳᠠᠨ᠎ᠠ᠂ ᠪᠠᠰᠠ ᠨᠠᠭᠤᠷᠲᠤ᠌ ᠤᠷᠤᠰ᠎ᠤᠨ ᠣᠷᠣᠬᠤ ᠭᠣᠣᠯ ᠭᠤᠷᠤᠬ᠎ᠠ᠂ ᠡᠷᠬᠢᠨ ᠲᠣᠭᠣᠷᠢᠨ᠎ᠤ ᠡᠪᠡᠰᠦᠲᠦ᠍ ᠭᠠᠵᠠᠷ᠂ ᠠᠶ᠋ᠢᠯ ᠲᠣᠰᠬᠣᠨ᠎ᠤ ᠪᠣᠬᠢᠷᠲᠤᠯ᠎ᠢ ᠵᠠᠰᠠᠬᠤ ᠵᠡᠷᠭᠡ ᠠᠵᠢᠯ᠎ᠢ ᠵᠣᠯᠭᠠᠭᠤᠯᠵᠤ᠂ ᠨᠤᠭᠤ ᠭᠠᠵᠠᠷ᠎ᠢ ᠰᠡᠷᠭᠦᠭᠡᠬᠦ᠌᠎ᠳᠦ ᠨᠥᠬᠥᠴᠡᠯ ᠪᠦᠷᠢᠯᠳᠦᠭᠦᠯᠵᠦ᠍ ᠥᠭᠴᠠᠢ ᠬᠡᠵᠤ ᠲᠠᠨᠢᠯᠴᠠᠭᠤᠯᠤᠨ᠎ᠠ᠃
ᠬᠢᠬᠢᠷᠢ ᠵᠢᠨ ᠨᠠᠭᠤᠷ ᠤ᠋ᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠤᠢᠯᠡᠴᠢᠯᠡᠭᠡᠨᠦ ᠲᠥᠪ᠎ᠦᠨ ᠡᠷᠬᠢᠯᠡᠭᠴᠢ ᠸᠠᠩ ᠱᠤᠤ ᠵᠢᠶᠦᠢ᠍ᠨ᠂ ᠬᠠᠮᠠᠭᠠᠯᠠᠯᠲᠠ᠎ᠶᠢᠨ ᠣᠷᠣᠨ᠎ᠤ ᠳᠣᠲᠣᠷᠠᠬᠢ 16 ᠲᠡᠵᠢᠭᠡᠨ ᠦᠷᠡᠵᠢᠭᠦᠯᠬᠦ᠌ ᠲᠠᠯᠠᠪᠠᠢ᠎ᠶᠢ ᠨᠡᠭᠦᠯᠭᠡᠬᠦ᠌ ᠪᠣᠯ ᠨᠢᠭᠡᠨ ᠴᠢᠬᠤᠯᠠ ᠪᠥᠭᠡᠳ ᠪᠤᠳᠤᠯᠢᠶᠠᠨᠲᠠᠶ ᠠᠵᠢᠯ ᠮᠥᠨ᠃ ᠰᠤᠯᠠ ᠭᠠᠵᠠᠷ ᠭᠠᠷᠭᠠᠵᠤ ᠦᠭᠬᠦ᠂ ᠣᠯᠠᠨ ᠲᠦᠮᠡᠨ᠎ᠦ ᠠᠵᠢᠯ᠎ᠢ ᠰᠠᠶ᠋ᠢᠲᠤᠷ ᠬᠢᠵᠦ᠍᠂ ᠨᠡᠭᠦᠭᠰᠡᠨᠦ ᠳᠠᠷᠠᠭᠠᠬᠢ ᠪᠣᠳᠠᠲᠠᠶ ᠠᠰᠠᠭᠤᠳᠠᠯ᠎ᠢ ᠰᠢᠢᠳᠪᠤᠷᠢᠯᠡᠬᠦ ᠵᠡᠷᠭᠡ ᠶᠠᠪᠤᠳᠠᠯ ᠢ᠋ ᠴᠦᠮ ᠨᠠᠷᠢᠨ ᠨᠢᠭᠳᠠ ᠬᠢᠬᠦ ᠴᠢᠬᠤᠯᠠᠲᠠᠢ᠃ ᠪᠥᠬᠥ᠌ ᠲᠡᠵᠢᠭᠡᠨ ᠦᠷᠡᠵᠢᠭᠦᠯᠬᠦ᠌ ᠲᠠᠯᠠᠪᠠᠶ᠎ᠶᠢ ᠨᠡᠭᠦᠯᠭᠡᠭᠰᠡᠨᠦ ᠳᠠᠷᠠᠭ᠎ᠠ᠂ ᠬᠠᠮᠠᠭᠠᠯᠠᠯᠲᠠ᠎ᠶᠢᠨ ᠣᠷᠣᠨ᠎ᠤ ᠳᠣᠲᠣᠷᠠᠬᠢ ᠤᠢᠯᠠᠳᠪᠤᠷᠢᠯᠡᠯᠦᠨ ᠠᠵᠢᠯᠯᠠᠭ᠎ᠠ ᠪᠠ ᠪᠣᠬᠢᠷᠲᠤᠯ᠎ᠤᠨ ᠢᠷᠡᠯᠲᠡ ᠤᠯᠠᠮ ᠨᠢᠭᠡ ᠠᠯᠬᠤᠮ ᠪᠠᠭᠠᠰᠴᠤ᠌ ᠂ ᠨᠤᠭᠤ ᠭᠠᠵᠠᠷ ᠨᠠᠩ ᠣᠯᠠᠨ ᠠᠮᠤᠷᠵᠢᠨ ᠰᠡᠷᠭᠦᠬᠦ᠌ ᠣᠷᠣᠨ ᠵᠠᠶ᠎ᠲᠠᠶ ᠪᠣᠯᠪᠠ ᠬᠡᠵᠤ ᠶᠠᠷᠢᠨ᠎ᠠ᠃
ᠲᠤᠬᠠᠶ᠎ᠶᠢᠨ ᠭᠠᠵᠠᠷ᠎ᠤᠨ᠎ᠬᠢᠨ ᠪᠠᠰᠠ ᠬᠡᠰᠡᠭ ᠭᠤᠤᠯᠳᠠᠯᠭ᠎ᠠ᠎ᠲᠠᠶ ᠭᠤᠤᠯ ᠮᠥᠷᠡᠨ᠎ᠳᠦ ᠤᠷᠤᠰ᠎ᠤᠨ ᠣᠷᠣᠬᠤ ᠵᠠᠮ᠎ᠢ ᠯᠠᠶ᠋ᠢᠳᠠᠵᠤ᠂ ᠲᠠᠴᠢᠷᠳᠠᠭᠰᠠᠨ ᠣᠶ ᠪᠣᠯᠤᠨ ᠨᠤᠲᠤᠭ ᠪᠡᠯᠴᠢᠭᠡᠷ᠎ᠢ ᠰᠡᠷᠭᠦᠭᠡᠬᠦ᠌᠎ᠶᠢ ᠠᠬᠢᠭᠤᠯᠵᠤ ᠂ ᠡᠷᠬᠢᠨ ᠲᠣᠭᠣᠷᠢᠨ᠎ᠤ ᠠᠶ᠋ᠢᠯ ᠲᠣᠰᠬᠣᠨ᠎ᠳᠤ ᠬᠣᠭ ᠨᠣᠪᠰᠢ᠎ᠶᠢ ᠰᠢᠯᠵᠢᠭᠦᠯᠦᠨ ᠲᠡᠭᠡᠭᠡᠪᠦᠷᠢᠯᠡᠬᠦ᠌᠂ ᠪᠣᠬᠢᠷ ᠤᠰᠤ᠎ᠶᠢ ᠴᠤᠭᠯᠠᠭᠤᠯᠬᠤ ᠵᠡᠷᠭᠡ ᠲᠥᠬᠥᠭᠡᠷᠦᠮᠵᠢ ᠲᠤᠬᠢᠷᠠᠭᠤᠯᠵᠤ᠂ ᠠᠮᠢᠳᠤᠷᠠᠯ᠎ᠤᠨ ᠣᠯᠠᠨ ᠡᠬᠢᠲᠦ᠍ ᠪᠣᠬᠢᠷᠲᠤᠯ᠎ᠢ ᠪᠠᠭᠠᠰᠬᠠᠵᠤ᠂ ᠡᠳᠦᠷ ᠲᠤᠲᠤᠮ᠎ᠤᠨ ᠲᠣᠭᠣᠷᠢᠨ ᠬᠠᠮᠠᠭᠠᠯᠠᠬᠤ ᠠᠵᠢᠯ ᠢ᠋ ᠦᠷᠭᠦᠯᠵᠢᠯᠡᠨ ᠥᠷᠨᠢᠭᠦᠯᠵᠠᠢ᠃
ᠵᠠᠰᠠᠯᠲᠠ᠎ᠠᠴᠠ ᠭᠠᠳᠠᠨ᠎ᠠ᠂ ᠤᠢ᠌ᠷ᠎ᠠ᠎ᠶᠢᠨ ᠵᠢᠯ ᠡᠴᠡ ᠨᠠᠭᠠᠰᠢ ᠬᠢᠬᠢᠷᠢ ᠵᠢᠨ ᠨᠠᠭᠤᠷ ᠤ᠋ᠨ ᠰᠠᠪᠠ ᠭᠠᠵᠠᠷ᠎ᠤᠨ ᠬᠤᠷ᠎ᠠ ᠲᠣᠨᠳᠠᠰᠤ ᠨᠡᠮᠡᠭᠳᠡᠵᠦ᠍᠂ ᠠᠶᠠᠨᠳᠠᠭᠠᠨ ᠤ᠋ ᠰᠡᠷᠭᠦᠭᠡᠯᠲᠡ ᠪᠡᠷ ᠭᠤᠤᠯᠳᠠᠭᠤᠯᠵᠤ ᠬᠥᠮᠦᠨ᠎ᠦ ᠬᠦᠴᠦᠨ ᠤ᠋ ᠰᠡᠷᠭᠦᠭᠡᠯᠲᠡ ᠵᠢ ᠬᠠᠪᠰᠤᠷᠭᠠᠭᠰᠠᠨ ᠵᠠᠰᠠᠯᠲᠠ ᠵᠢᠨ ᠠᠷᠭ᠎ᠠ ᠨᠢ ᠢᠯᠡᠳᠲᠡ ᠦᠷ᠎ᠠ ᠪᠦᠲᠦᠮᠵᠢ ᠤᠯᠵᠠᠢ᠃ 2026 ᠣᠨ᠎ᠤ 9 ᠰᠠᠷ᠎ᠠ᠎ᠶᠢᠨ ᠰᠡᠭᠦᠯᠴᠢ ᠪᠤᠯᠳᠠᠯ᠎ᠠ᠂ ᠬᠢᠬᠢᠷᠢ ᠵᠢᠨ ᠨᠠᠭᠤᠷ ᠤ᠋ᠨ ᠤᠰᠤᠨ᠎ᠤ ᠭᠠᠳᠠᠷᠭᠤ ᠵᠢᠨ ᠲᠠᠯᠠᠪᠠᠶ 85.22 ᠲᠡᠭᠰᠢ ᠳᠥᠷᠪᠡᠯᠵᠢᠨ ᠺᠢᠯᠣᠮᠧᠲ᠋ᠷᠲᠦ᠍ ᠬᠥᠷᠪᠡ; ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ 66.64% ᠪᠣᠯᠵᠣ᠂ 2020 ᠣᠨ᠎ᠤ ᠬᠢ᠎ᠡᠴᠡ 7.75 ᠵᠠᠭᠤᠨ᠎ᠤ ᠬᠤᠪᠢ ᠳᠡᠭᠡᠭᠰᠢᠯᠡᠪᠡ᠃ 27 ᠵᠢᠯ᠎ᠦᠨ ᠳᠠᠷᠠᠭ᠎ᠠ᠂ 2025 ᠣᠨ᠎ᠳᠤ ᠲᠤᠬᠠᠶ᠎ᠶᠢᠨ ᠭᠠᠵᠠᠷ᠎ᠤᠨ᠎ᠬᠢᠨ ᠨᠠᠭᠤᠷ ᠲᠤᠳᠤᠷ᠎ᠠ ᠡᠴᠠ ᠵᠢᠭᠠᠰᠤᠨ ᠰᠦᠷᠦᠭ᠎ᠢ ᠳᠠᠬᠢᠨᠲᠠ ᠬᠠᠶ᠋ᠢᠨ ᠢᠯᠡᠷᠡᠭᠦᠯᠪᠡ᠃ ᠰᠢᠪᠠᠭᠤᠨ᠎ᠤ ᠲᠥᠷᠥᠯ ᠨᠢ ᠮᠦᠨ ᠴᠤ᠌ ᠠᠳᠠᠯᠢᠬᠠᠨ ᠢᠯᠡᠷᠬᠡᠶ ᠬᠤᠪᠢᠷᠡᠯᠲᠠ ᠲᠠᠢ᠃ ᠬᠢᠬᠢᠷᠢ ᠵᠢᠨ ᠨᠠᠭᠤᠷ ᠲᠤ᠌ 19 ᠰᠢᠪᠠᠭᠤᠨ᠎ᠤ ᠲᠥᠷᠥᠯ ᠢ ᠢᠯᠡᠷᠡᠭᠦᠯᠵᠦ᠍᠂ 2026 ᠣᠨ᠎ᠤ ᠬᠠᠪᠤᠷ᠎ᠤᠨ ᠤᠯᠠᠷᠢᠯ᠎ᠳᠤ ᠨᠡᠶ᠋ᠢᠲᠡ 53810 ᠨᠡᠭᠦᠳᠡᠯ ᠦᠨ ᠰᠢᠪᠠᠭᠤ᠎ᠶᠢ ᠠᠵᠢᠭᠯᠠᠵᠤ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ᠎ᠬᠢ᠎ᠡᠴᠡ 51.95%᠎ᠪᠠᠷ ᠨᠡᠮᠡᠭᠳᠡᠪᠡ᠃
ᠬᠢᠬᠢᠷᠢ ᠵᠢᠨ ᠨᠠᠭᠤᠷ ᠤ᠋ᠨ ᠳᠠᠬᠢᠨ ᠠᠮᠢᠯᠠᠭᠰᠠᠨ ᠶᠠᠪᠤᠳᠠᠯ ᠪᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠠᠮᠢᠳᠤᠯᠢᠭ ᠤᠢᠯᠡᠳᠦᠯᠭᠡ ᠮᠥᠨ᠃ ᠮᠦᠠ ᠴᠤ᠌ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠤᠢᠯᠡᠳᠦᠯᠭᠡᠵᠢᠭᠦᠯᠦᠭᠰᠡᠨ ᠠᠮᠢᠳᠤᠯᠢᠭ ᠥᠯᠢᠭᠡᠷ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃