ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-10-28 10:36:34

ᠵᠣᠬᠢᠶᠠᠭ᠍ᠴᠢ᠄ ​ᠨᠠᠮᠤᠭ ᠣᠩᠱᠢᠭ᠍ᠰᠠᠨ ᠣᠳᠠᠭ᠎ᠠ᠄ 3

 ᠨᠠᠮᠤᠷ ᠤ᠋ᠨ ᠤᠯᠠᠷᠢᠯ ᠤ᠋ᠨ ᠣᠶ ᠰᠢᠭᠤᠢ ᠵᠢᠨ ᠲᠦᠢᠮᠡᠷ ᠢ᠋ ᠰᠡᠷᠭᠡᠢᠯᠡᠬᠦ ᠵᠠᠩᠭᠢᠯᠠᠭ᠎ᠠ ᠵᠢᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠠᠯᠠᠨ ᠬᠠᠷ᠎ᠠ ᠠᠭᠤᠯᠠ ᠵᠢᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠮᠢᠶᠠᠷᠤᠯᠲᠠ ᠵᠢᠨ ᠲᠣᠪᠴᠢᠶ᠎ᠠ ᠵᠢᠨ ᠬᠥᠬᠡᠬᠣᠲᠠ ᠵᠢᠨ ᠬᠤᠪᠢᠶᠠᠷᠢ ᠲᠣᠪᠴᠢᠶ᠎ᠠ ᠵᠢᠨ ᠵᠡᠷᠯᠢᠭ ᠭᠤᠤ ᠬᠠᠮᠢᠶᠠᠷᠤᠯᠲᠠ ᠵᠢᠨ ᠥᠷᠲᠡᠭᠡ ᠣᠢᠷ᠎ᠠ ᠳ᠋ᠤ ᠲᠦᠢᠮᠡᠷ ᠰᠡᠷᠭᠡᠢᠯᠡᠬᠦ ᠴᠠᠷᠠᠭ᠎ᠠ ᠶ᠋ᠢ ᠲᠤᠰᠬᠠᠢ  ᠲᠥᠷᠥᠯ ᠵᠢᠡᠷ ᠪᠠᠶ᠋ᠢᠭᠤᠯᠬᠤ ᠠᠵᠢᠯ ᠢ᠋ ᠲᠥᠪᠯᠡᠷᠡᠭᠦᠯᠦᠨ ᠥᠷᠨᠢᠭᠦᠯᠵᠦ᠂ ᠭᠣᠣᠯ ᠰᠢᠭᠤᠢᠲᠤ ᠣᠷᠣᠨ ᠬᠢᠭᠡᠳ ᠨᠡᠪᠳᠡᠷᠡᠯ ᠵᠠᠮ ᠤ᠋ᠨ ᠵᠠᠩᠭᠢᠯᠠᠭ᠎ᠠ ᠵᠢᠨ ᠴᠡᠭ ᠲᠤ᠌ ᠠᠩᠬᠠᠷᠤᠯ ᠵᠢᠡᠨ ᠲᠥᠪᠯᠡᠷᠡᠭᠦᠯᠦᠨ ᠲᠦᠢᠮᠡᠷ ᠰᠡᠷᠭᠡᠢᠯᠡᠬᠦ ᠴᠠᠷᠠᠭ᠎ᠠ ᠶ᠋ᠢ ᠰᠢᠨ᠎ᠡ᠎ᠪᠡᠷ ᠪᠠᠶ᠋ᠢᠭᠤᠯᠬᠤ᠂ ᠰᠡᠯᠪᠢᠨ ᠵᠠᠰᠠᠬᠤ ᠵᠢᠴᠢ ᠶᠠᠰᠤ ᠴᠢᠨᠠᠷ ᠢ᠋ ᠳᠡᠭᠡᠭᠰᠢᠯᠡᠭᠦᠯᠦᠨ ᠲᠠᠰ ᠳᠡᠪᠰᠢᠭᠦᠯᠵᠦ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ  ᠲᠦᠢᠮᠡᠷ ᠢ᠋  ᠡᠬᠢ ᠡᠭᠦᠰᠦᠯ ᠡᠴᠡ ᠨᠢ ᠰᠡᠷᠭᠡᠢᠯᠡᠬᠦ ᠬᠠᠯᠬᠠᠪᠴᠢ ᠶ᠋ᠢ ᠪᠠᠲᠤ ᠴᠣᠭᠴᠠᠯᠠᠪᠠ᠃

ᠬᠠᠮᠢᠶᠠᠷᠤᠯᠲᠠ ᠵᠢᠨ ᠥᠷᠲᠡᠭᠡ ᠡᠮᠦᠨ᠎ᠡ ᠹᠷᠣᠨᠲ ᠤ᠋ᠨ ᠬᠠᠮᠢᠶᠠᠷᠴᠤ ᠬᠠᠮᠠᠭᠠᠯᠠᠬᠤ ᠠᠵᠢᠯᠲᠠᠨ ᠢ᠋ ᠵᠣᠬᠢᠶᠠᠨ ᠪᠠᠢᠭᠤᠯᠵᠤ ᠳᠠ ᠯᠢᠶᠠᠩ ᠰᠢᠭᠤᠢᠲᠤ ᠣᠷᠣᠨ ᠳ᠋ᠤ ᠭᠦᠨᠵᠡᠭᠡᠢᠷᠡᠨ ᠪᠣᠳᠠᠲᠠᠢ ᠭᠠᠵᠠᠷ ᠲᠤᠨᠢ ᠪᠦᠬᠦᠨ ᠢ᠋ ᠬᠠᠮᠤᠷᠤᠭᠰᠠᠨ ᠬᠠᠢᠨ ᠰᠢᠨᠵᠢᠯᠡᠯᠲᠡ ᠥᠷᠨᠢᠭᠦᠯᠵᠤ ᠂ ᠬᠠᠷᠢᠶ᠎ᠠ ᠣᠷᠣᠨ᠎ᠳ᠋ᠡᠬᠢ ᠭᠠᠵᠠᠷ ᠤ᠋ᠨ ᠪᠠᠢᠴᠠ ᠭᠠᠵᠠᠷ ᠤ᠋ᠨ ᠭᠠᠳᠠᠷᠭᠤ᠂ ᠤᠷᠭᠤᠮᠠᠯ ᠤ᠋ᠨ ᠬᠤᠴᠢᠯᠭ᠎ᠠ ᠵᠢᠨ ᠲᠠᠷᠬᠠᠯᠲᠠ ᠵᠢᠴᠢ ᠥᠩᠭᠡᠷᠡᠭᠰᠡᠨ ᠵᠢᠯ᠎ᠦᠳ᠎ᠦᠨ ᠲᠦᠢᠮᠡᠷ ᠤ᠋ᠨ ᠲᠦᠭᠰᠢᠭᠦᠷᠢ ᠵᠢᠨ ᠬᠡᠮ ᠰᠣᠭᠣᠭ ᠣᠯᠠᠨ ᠡᠭᠦᠰᠬᠦ ᠭᠠᠵᠠᠷ ᠣᠷᠣᠨ ᠢ᠋ ᠨᠢᠭᠡᠳ ᠨᠢᠭᠡ᠎ᠪᠡᠷ ᠵᠢᠭᠰᠠᠭᠠᠨ ᠪᠠᠢᠴᠠᠭᠠᠵᠤ᠂ ᠰᠢᠭᠤᠢᠲᠤ ᠣᠷᠣᠨ ᠤ᠋ ᠲᠦᠢᠮᠡᠷ ᠰᠡᠷᠭᠡᠢᠯᠡᠬᠦ ᠭᠣᠣᠯᠳᠠᠯᠭ᠎ᠠ᠎ᠲᠠᠢ ᠣᠷᠣᠨ ᠪᠦᠰᠡ ᠵᠢᠨ ᠵᠡᠷᠭᠡ ᠳᠡᠰ ᠪᠠ ᠣᠶ ᠳᠤᠳᠤᠷᠠᠬᠢ ᠤᠷᠭᠤᠮᠠᠯ ᠤ᠋ᠨ ᠬᠤᠴᠢᠯᠭ᠎ᠠ ᠵᠢᠨ ᠪᠣᠳᠠᠲᠤ ᠤᠷᠭᠤᠴᠠ ᠵᠢᠨ ᠪᠠᠢᠳᠠᠯ᠎ᠲᠠᠢ ᠬᠠᠷᠢᠴᠠᠭᠤᠯᠤᠨ ᠠᠵᠢᠯᠯᠠᠬᠤ ᠬᠡᠪᠴᠢᠶ᠎ᠡ ᠶ᠋ᠢ ᠰᠢᠨᠵᠢᠯᠡᠬᠦ ᠤᠬᠠᠭᠠᠨᠴᠢ᠎ᠪᠠᠷ ᠬᠤᠪᠢᠶᠠᠷᠢᠯᠠᠨ ᠲᠤᠭᠲᠠᠭᠠᠪᠠ᠃ ᠠᠶᠤᠯᠭᠦᠢ ᠦᠢᠯᠡᠳᠪᠦᠷᠢᠯᠡᠯ ᠪᠠ ᠬᠡᠭᠡᠷ᠎ᠡ ᠭᠠᠳᠠᠨ᠎ᠠ ᠠᠵᠢᠯᠯᠠᠬᠤ ᠳ᠋ᠤ ᠲᠦᠢᠮᠡᠷ ᠰᠡᠷᠭᠡᠢᠯᠡᠬᠦ ᠳᠠᠪᠬᠤᠷ ᠵᠢᠷᠤᠮᠵᠢᠯ ᠢ᠋ ᠴᠢᠩᠭ᠎ᠠ ᠨᠠᠢᠳᠠᠪᠤᠷᠢᠵᠢᠭᠤᠯᠵᠤ᠂ ᠲᠤᠰᠬᠠᠢ ᠲᠤᠰᠢᠶᠠᠯᠲᠤ ᠬᠠᠮᠢᠶᠠᠷᠴᠤ  ᠬᠠᠮᠠᠭᠠᠯᠠᠬᠤ  ᠠᠵᠢᠯᠲᠠᠨ ᠢ᠋ ᠲᠣᠬᠢᠷᠠᠭᠤᠯᠤᠨ ᠠᠵᠢᠯ ᠤ᠋ᠨ ᠲᠤᠬᠠᠢ ᠵᠢᠨ ᠲᠠᠯᠠᠪᠠᠶ ᠶ᠋ᠢ ᠪᠥᠬᠥ ᠶᠠᠪᠤᠴᠠ ᠳ᠋ᠤ ᠴᠢᠩᠭ᠎ᠠ ᠰᠠᠬᠢᠭᠤᠯᠵᠤ᠂ ᠠᠵᠢᠯᠯᠠᠵᠤ ᠪᠠᠢᠭ᠎ᠠ ᠬᠥᠮᠥᠰ ᠢ᠋ ᠱᠠᠯᠠᠪᠳᠠᠭᠤᠯᠵᠤ ᠪᠠᠢᠭᠠᠳ ᠪᠠᠷᠢᠮᠵᠢᠶ᠎ᠠ ᠶᠣᠰᠣᠭᠠᠷ ᠠᠵᠢᠯᠯᠠᠭᠤᠯᠬᠤ ᠪᠠ ᠴᠡᠪᠡᠷᠯᠡᠨ ᠠᠷᠢᠯᠭᠠᠬᠤ ᠲᠥᠬᠦᠭᠡᠷᠦᠮᠵᠢ ᠶ᠋ᠢ ᠭᠡᠷᠡᠭᠯᠡᠵᠦ᠂ ᠣᠶ ᠳᠤᠳᠤᠷᠠᠬᠢ ᠬᠠᠲᠠᠭᠰᠠᠨ ᠡᠪᠡᠰᠤ ᠵᠡᠷᠭᠡ ᠰᠢᠲᠠᠮᠠᠬᠠᠢ ᠪᠣᠳᠠᠰ ᠢ᠋ ᠴᠡᠪᠡᠷᠯᠡᠬᠦ ᠠᠵᠢᠯ ᠢ᠋ ᠡᠮᠬᠢ ᠵᠢᠷᠤᠮ᠎ᠲᠠᠢ᠎ᠪᠠᠷ  ᠠᠬᠢᠭᠤᠯᠪᠠ᠃

ᠲᠣᠰ ᠤᠳᠠᠭᠠᠨ ᠤ᠋ ᠲᠦᠢᠮᠡᠷ ᠰᠡᠷᠭᠡᠢᠯᠡᠬᠦ ᠴᠠᠷᠠᠭ᠎ᠠ ᠭᠠᠷᠭᠠᠬᠤ ᠠᠵᠢᠯ ᠳᠠᠭᠤᠰᠤᠭᠰᠠᠨ᠎ᠦ ᠳᠠᠷᠠᠭ᠎ᠠ ᠂ ᠵᠡᠷᠯᠢᠭ ᠭᠤᠤ ᠬᠠᠮᠢᠶᠠᠷᠤᠯᠲᠠ ᠵᠢᠨ ᠥᠷᠲᠡᠭᠡ ᠵᠢᠨ ᠬᠠᠷᠢᠶᠠᠲᠤ ᠣᠷᠣᠨ ᠤ᠋ ᠲᠦᠢᠮᠡᠷ ᠰᠡᠷᠭᠡᠢᠯᠡᠬᠦ ᠴᠠᠷᠠᠭ᠎ᠠ ᠵᠢᠨ ᠲᠣᠣᠷ ᠢ᠋ ᠤᠯᠠᠮ ᠨᠢᠭᠡ ᠠᠯᠬᠤᠮ ᠪᠦᠷᠢᠨᠰᠢᠭᠦᠯᠵᠦ᠂ ᠬᠡᠰᠡᠭ ᠪᠣᠶ᠋ᠢᠳᠠ ᠪᠥᠭᠯᠡᠭᠦᠦ ᠵᠠᠮ ᠤ᠋ᠨ ᠬᠡᠰᠡᠭ᠎ᠦᠨ ᠲᠦᠢᠮᠡᠷ ᠢ᠋ ᠰᠡᠷᠭᠡᠢᠯᠡᠬᠦ ᠰᠠᠭᠤᠷᠢ ᠲᠦᠬᠦᠭᠡᠷᠦᠮᠵᠢ ᠵᠢᠨ ᠳᠤᠲᠠᠭᠤᠳᠠᠯ ᠢ᠋ ᠨᠥᠬᠥᠪᠦᠷᠢᠯᠡᠨ᠂ ᠰᠢᠭᠤᠢᠲᠤ ᠣᠷᠣᠨ ᠤ᠋ ᠲᠦᠢᠮᠡᠷ ᠢ᠋ ᠰᠡᠷᠭᠡᠢᠯᠡᠨ ᠡᠵᠡᠮᠳᠡᠬᠦ ᠪᠠ ᠪᠠᠴᠢᠮ ᠪᠠᠢᠳᠠᠯ ᠢ᠋ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶ᠋ᠢ ᠢᠯᠡᠳᠲᠡ ᠳᠡᠭᠡᠭᠰᠢᠯᠡᠭᠦᠯᠵᠦ᠂ ᠨᠠᠮᠤᠷ ᠡᠪᠦᠯ᠎ᠦᠨ ᠲᠦᠢᠮᠡᠷ᠎ᠦᠨ ᠠᠶᠤᠯ ᠶᠡᠬᠡᠲᠡᠢ ᠬᠤᠭᠤᠴᠠᠭᠠᠨ᠎ᠳᠠᠬᠢ ᠬᠠᠮᠠᠭᠠᠯᠠᠯᠲᠠ ᠵᠢᠨ ᠣᠷᠣᠨ ᠤ᠋ ᠣᠶ ᠰᠢᠭᠤᠢ ᠵᠢᠨ ᠡᠬᠢ ᠪᠠᠶᠠᠯᠢᠭ᠋ ᠪᠠ ᠠᠮᠢ ᠠᠬᠤᠢ ᠵᠢᠨ ᠠᠮᠤᠷ ᠲᠦᠪᠰᠢᠨ᠎ᠳᠦ ᠪᠠᠲᠤ ᠪᠡᠬᠢ ᠰᠡᠷᠭᠡᠢᠯᠡᠯᠲᠡ ᠵᠢᠨ ᠱᠤᠭᠤᠮ ᠢ᠋ ᠪᠡᠬᠢᠵᠢᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面