2026-10-29 11:50:48
ᠰᠤᠷᠪᠤᠯᠵᠢᠯᠠᠭᠴᠢ ᠣᠷᠳᠣᠰ ᠬᠣᠲᠠ ᠵᠢᠨ ᠣᠢ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠤᠢᠯᠠᠭᠠᠭᠰᠠᠨ ᠵᠢᠡᠷ᠂ ᠤᠢᠷ᠎ᠠ ᠳ᠋ᠤ ᠣᠷᠳᠣᠰ ᠤ᠋ᠨ 《 ᠴᠠᠬᠤᠯᠠᠢ ᠵᠢᠨ ᠣᠯᠠᠨ ᠤᠯᠤᠰ ᠤ᠋ᠨ ᠭᠤᠤᠯᠳᠠᠯᠭ᠎ᠠ ᠳᠠᠢ ᠨᠤᠭᠤ ᠭᠠᠵᠠᠷ ᠤ᠋ᠨ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠰᠠᠭᠤᠷᠢᠨ 》 ᠠᠰᠢᠭ᠍ᠯᠠᠯᠲᠠ ᠳ᠋ᠤ ᠣᠷᠣᠵᠠᠢ᠃
ᠴᠠᠬᠤᠯᠠᠢ ᠶ᠋ᠢᠨ ᠣᠷᠣᠰᠢᠨ ᠠᠮᠢᠳᠤᠷᠠᠬᠤ ᠭᠠᠵᠠᠷ ᠢ᠋ ᠬᠠᠮᠠᠭᠠᠯᠠᠬᠤ ᠪᠡᠷ ᠭᠣᠣᠯ ᠪᠣᠯᠭᠠᠭᠰᠠᠨ ᠪᠥᠬᠥ ᠳᠡᠯᠡᠬᠡᠢ ᠵᠢᠨ ᠴᠤᠷᠢᠵᠢᠨ ᠭᠠᠭᠴᠠ ᠣᠯᠠᠨ ᠤᠯᠤᠰ ᠤ᠋ᠨ ᠭᠤᠤᠯᠳᠠᠯᠭ᠎ᠠ ᠳᠠᠢ ᠨᠤᠭᠤ ᠭᠠᠵᠠᠷ ᠪᠣᠯᠤᠭᠰᠠᠨ ᠣᠷᠳᠣᠰ ᠤ᠋ᠨ ᠴᠠᠬᠤᠯᠠᠢ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠢ᠋ 1998 ᠣᠨ ᠳ᠋ᠤ ᠡᠬᠢᠯᠡᠨ ᠪᠠᠢᠭᠤᠯᠵᠤ᠂ 2001 ᠣᠨ ᠳ᠋ᠤ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠵᠥᠪᠰᠢᠶᠡᠷᠡᠯ ᠶ᠋ᠢᠡᠷ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ ᠤᠷᠤᠭᠤᠯᠤᠨ᠂ ᠶᠡᠷᠦᠩᠬᠡᠢ ᠲᠠᠯᠠᠪᠠᠢ ᠨᠢ 14732 ᠾᠧᠺᠲ᠋ᠠᠷ ᠬᠦᠷᠴᠦ ᠪᠤᠢ᠃ 2002 ᠣᠨ ᠳ᠋ᠤ ᠳᠡᠯᠡᠬᠡᠢ ᠵᠢᠨ 1148 ᠳ᠋ᠤᠭᠠᠷ ᠣᠯᠠᠨ ᠤᠯᠤᠰ ᠤ᠋ᠨ ᠭᠤᠤᠯᠳᠠᠯᠭ᠎ᠠ ᠳᠠᠢ ᠨᠤᠭᠤ ᠭᠠᠵᠠᠷ ᠶ᠋ᠢᠡᠷ ᠵᠢᠭ᠍ᠰᠠᠭᠠᠭᠳᠠᠵᠤ᠂ ᠨᠠᠩ ᠴᠤ᠌ ᠴᠠᠬᠤᠯᠠᠢ ᠶ᠋ᠢᠨ ᠣᠷᠣᠰᠢᠨ ᠠᠮᠢᠳᠤᠷᠠᠬᠤ ᠭᠠᠵᠠᠷ ᠢ᠋ ᠬᠠᠮᠠᠭᠠᠯᠠᠬᠤ ᠪᠡᠷ ᠭᠣᠣᠯ ᠪᠣᠯᠭᠠᠭᠰᠠᠨ ᠪᠥᠬᠥ ᠳᠡᠯᠡᠬᠡᠢ ᠵᠢᠨ ᠴᠤᠷᠢᠵᠢᠨ ᠭᠠᠭᠴᠠ ᠣᠯᠠᠨ ᠤᠯᠤᠰ ᠤ᠋ᠨ ᠭᠤᠤᠯᠳᠠᠯᠭ᠎ᠠ ᠳᠠᠢ ᠨᠤᠭᠤ ᠭᠠᠵᠠᠷ ᠪᠣᠯᠪᠠ᠃
ᠣᠷᠳᠣᠰ ᠤ᠋ᠨ ᠴᠠᠬᠤᠯᠠᠢ ᠵᠢᠨ ᠣᠯᠠᠨ ᠤᠯᠤᠰ ᠤ᠋ᠨ ᠭᠤᠤᠯᠳᠠᠯᠭ᠎ᠠ ᠳᠠᠢ ᠨᠤᠭᠤ ᠭᠠᠵᠠᠷ ᠤ᠋ᠨ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠰᠠᠭᠤᠷᠢᠨ ᠣᠷᠳᠣᠰ ᠬᠤᠳᠠ ᠵᠢᠨ ᠳ᠋ᠦᠩᠱᠧᠩ ᠲᠣᠭᠣᠷᠢᠭ᠋ ᠤ᠋ᠨ ᠪᠥᠵᠢᠩ ᠨᠠᠭᠤᠷ ᠪᠠᠯᠭᠠᠰᠤᠨ ᠳ᠋ᠤ ᠪᠠᠢᠷᠢᠯᠠᠵᠤ᠂ ᠭᠣᠣᠯ ᠰᠡᠳᠦᠪᠲᠦ ᠦᠵᠡᠭᠦᠯᠭᠡ ᠵᠢᠨ ᠲᠢᠩᠬᠢᠮ᠂ ᠤᠬᠠᠭᠤᠯᠭ᠎ᠠ ᠬᠥᠮᠦᠵᠢᠯ ᠤ᠋ᠨ ᠲᠢᠩᠬᠢᠮ᠂ ᠭᠡᠷ ᠤ᠋ᠨ ᠭᠠᠳᠠᠨᠠᠬᠢ ᠤᠬᠠᠭᠤᠯᠭ᠎ᠠ ᠬᠥᠮᠦᠵᠢᠯ ᠤ᠋ᠨ ᠰᠠᠭᠤᠷᠢᠨ ᠵᠡᠷᠭᠡ 3 ᠶᠡᠬᠡ ᠴᠢᠳᠠᠮᠵᠢᠲᠤ ᠬᠡᠰᠡᠭ ᠵᠢᠡᠷ ᠪᠦᠷᠢᠯᠳᠦᠨ᠂ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠦᠵᠡᠭᠦᠯᠭᠡ᠂ ᠰᠤᠳᠤᠯᠤᠨ ᠰᠤᠷᠤᠯᠴᠠᠬᠤ ᠬᠥᠮᠦᠵᠢᠯ᠂ ᠠᠮᠢ ᠠᠬᠤᠢ ᠵᠢᠨ ᠤᠬᠠᠭᠤᠯᠭ᠎ᠠ᠂ ᠦᠢᠯᠡᠳᠦᠯᠭᠡ ᠵᠢ ᠪᠡᠶᠡᠴᠢᠯᠡᠨ ᠣᠢᠯᠠᠭᠠᠬᠤ ᠵᠢ ᠨᠢᠭᠡ ᠴᠣᠭᠴᠠᠵᠢᠭᠤᠯᠵᠤ᠂ ᠤᠯᠠᠮᠵᠢᠯᠠᠯᠲᠤ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠪᠡᠬᠢᠯᠡᠯᠲᠡ ᠵᠢ ᠡᠪᠳᠡᠨ᠂ ᠤᠯᠠᠨ ᠲᠦᠮᠡᠨ ᠤ᠋ ᠣᠢᠷ᠎ᠠ ᠵᠠᠢ ᠡᠴᠠ ᠴᠠᠬᠤᠯᠠᠢ ᠵᠢ ᠲᠠᠨᠢᠬᠤ᠂ ᠨᠤᠭᠤ ᠭᠠᠵᠠᠷ ᠢ᠋ ᠣᠢᠯᠠᠭᠠᠬᠤ᠂ ᠣᠷᠳᠣᠰ ᠤ᠋ᠨ ᠠᠮᠢ ᠠᠬᠤᠢ ᠵᠢᠨ ᠦᠯᠢᠭᠡᠷ ᠢ᠋ ᠣᠢᠯᠠᠭᠠᠬᠤ ᠴᠢᠬᠤᠯᠠ ᠴᠣᠩᠬᠣᠪᠴᠢ ᠪᠣᠯᠤᠭᠰᠠᠨ ᠪᠠᠢᠨ᠎ᠠ᠃
ᠤᠢᠯᠠᠭᠠᠭᠰᠠᠨ ᠶ᠋ᠢᠡᠷ᠂ ᠢᠷᠡᠭᠡᠳᠦᠢ ᠳ᠋ᠤ ᠳᠤᠰ ᠰᠠᠭᠤᠷᠢᠨ ᠢ᠋ ᠪᠦᠬᠦ ᠲᠠᠯ᠎ᠠ ᠪᠡᠷ ᠨᠡᠭᠡᠭᠡᠵᠦ᠂ ᠨᠤᠭᠤ ᠭᠠᠵᠠᠷ ᠤ᠋ᠨ ᠠᠮᠢ ᠠᠬᠤᠢ ᠵᠢᠨ ᠦᠯᠢᠭᠡᠷ ᠢ᠋ ᠪᠠᠢᠩᠭᠤᠵᠢᠭᠤᠯᠤᠨ ᠶᠠᠷᠢᠬᠤ᠂ ᠠᠮᠢ ᠠᠬᠤᠢ ᠵᠢᠨ ᠪᠣᠯᠪᠠᠰᠤᠨ ᠤ᠋ ᠣᠢᠯᠠᠭᠠᠭᠳᠠᠬᠤᠨ ᠢ᠋ ᠤᠯᠠᠮᠵᠢᠯᠠᠬᠤ᠂ ᠪᠠᠭᠠᠴᠤᠳ ᠬᠡᠦᠬᠡᠳ ᠲᠦ᠍ ᠴᠠᠬᠤᠯᠠᠢ ᠶ᠋ᠢ ᠤᠢᠯᠠᠭᠠᠭᠤᠯᠬᠤ ᠵᠡᠷᠭᠡ ᠪᠦᠬᠦ ᠠᠷᠠᠳ ᠤ᠋ᠨ ᠠᠮᠢ ᠠᠬᠤᠢ ᠵᠢᠨ ᠰᠤᠷᠭᠠᠨ ᠬᠥᠮᠦᠵᠢᠯ ᠤ᠋ᠨ ᠳᠠᠪᠴᠠᠩ ᠪᠤᠯᠭᠠᠨ ᠠᠰᠢᠭᠯᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃