2026-10-29 11:27:33
ᠤᠢᠷ᠎ᠠ ᠶ᠋ᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠡ ᠶ᠋ᠢᠨ ᠲᠢᠩᠬᠢᠮ ᠪᠤᠰᠤᠳ ᠮᠤᠵᠢ ᠶ᠋ᠢᠨ ᠲᠤᠷᠰᠢᠯᠭ᠎ᠠ ᠶ᠋ᠢ ᠬᠦᠢᠴᠡᠳ ᠪᠠᠶ᠋ᠢᠴᠠᠭᠠᠨ ᠰᠤᠳᠤᠯᠤᠭᠰᠠᠨ ᠪᠠ ᠰᠤᠷᠤᠯᠴᠠᠨ ᠲᠣᠯᠢ ᠪᠣᠯᠭᠠᠭᠰᠠᠨ ᠰᠠᠭᠤᠷᠢᠨ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ ᠦᠨ ᠲᠣᠨᠣᠬᠯᠠᠯ᠎ᠤᠨ ᠠᠩᠬᠠᠳᠠᠭᠴᠢ (ᠢᠵᠢ) ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠤᠨ ᠲᠦᠷᠦᠬᠦᠦ ᠪᠦᠯᠦᠭ᠎ᠦᠨ ᠦᠢᠯᠡᠳᠬᠦᠨ᠎ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶ᠋ᠢᠨ ᠠᠷᠭ᠎ᠠ》 ᠳ᠋ᠤ ᠰᠢᠰᠲ᠋ᠧᠮᠲᠦ᠍ ᠴᠢᠨᠠᠷᠲᠠᠶ ᠵᠠᠰᠠᠪᠤᠷᠢ ᠣᠷᠣᠭᠤᠯᠵᠤ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠠᠢ ᠃
ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠮᠡᠷᠭᠡᠵᠢᠯ᠎ᠦᠨ ᠲᠣᠨᠣᠭᠯᠠᠯ᠎ᠤᠨ ᠠᠩᠬᠠᠳᠠᠭᠴᠢ(ᠢᠵᠢ) ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠤᠨ ᠲᠦᠷᠦᠬᠦᠦ ᠪᠦᠯᠦᠭ᠎ᠦᠨ ᠦᠢᠯᠡᠳᠬᠦᠨ᠎ᠢ ᠮᠠᠭᠠᠳᠯᠠᠨ ᠲᠣᠭᠲᠠᠭᠠᠬᠤ ᠬᠡᠪᠴᠢᠶ᠎ᠡ ᠶ᠋ᠢ ᠥᠷᠭᠡᠳᠬᠡᠵᠦ᠂ ᠮᠠᠭᠠᠳᠯᠠᠨ ᠲᠣᠭᠲᠠᠭᠠᠬᠤ ᠦᠶᠡᠯᠡᠯ᠎ᠢ ᠰᠢᠯᠢᠳᠡᠭᠵᠢᠭᠦᠯᠵᠠᠢ᠃ ᠡᠬᠦᠨ᠎ᠤ ᠬᠠᠮᠲᠤ᠌᠂ ᠲᠥᠷᠥ ᠶ᠋ᠢᠨ ᠪᠣᠳᠣᠯᠭ᠎ᠠ ᠶ᠋ᠢᠨ ᠬᠠᠮᠵᠢᠯᠴᠠᠭ᠎ᠠ ᠶ᠋ᠢ ᠴᠢᠩᠭᠠᠳᠬᠠᠵᠦ ᠂ ᠣᠶ᠋ᠢᠷ᠎ᠠ ᠶ᠋ᠢᠨ ᠬᠣᠶᠠᠷ ᠵᠢᠯ᠎ᠦᠨ ᠳᠣᠲᠣᠷ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠶᠠᠮᠤᠨ᠎ᠤ ᠠᠩᠬᠠᠳᠠᠭᠴᠢ (ᠢᠵᠢ) ᠴᠢᠬᠤᠯᠠ ᠶᠡᠬᠡ ᠮᠡᠷᠭᠡᠵᠢᠯ᠎ᠦᠨ ᠲᠣᠨᠣᠭᠯᠠᠯ᠂ ᠲᠦᠷᠦᠭᠦᠦ ᠪᠦᠯᠦᠭ᠎ᠦᠨ ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠤᠨ ᠳᠠᠭᠠᠳᠬᠠᠯ᠎ᠤᠨ ᠨᠥᠬᠥᠪᠥᠷᠢ ᠶ᠋ᠢᠨ ᠬᠢᠷᠢ ᠬᠡᠮ᠎ᠢ ᠤᠯᠤᠬᠰᠠᠨ ᠠᠵᠤ ᠠᠬᠤᠶ᠋ᠢᠯᠠᠯ᠎ᠤᠨ ᠦᠢᠯᠡᠳᠬᠦᠨ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠳᠠᠭᠴᠢ (ᠢᠵᠢ) ᠮᠡᠷᠭᠡᠵᠢᠯ᠎ᠦᠨ ᠲᠣᠨᠣᠬᠯᠠᠯ᠂ ᠲᠦᠷᠦᠭᠦᠦ ᠪᠦᠯᠦᠭ᠎ᠦᠨ ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠢᠶᠡᠷ ᠰᠢᠭᠤᠳ ᠭᠤᠶᠤᠴᠢᠯᠠᠨ ᠮᠡᠳᠡᠭᠦᠯᠬᠦ᠌ ᠶ᠋ᠢᠨ ᠬᠠᠮᠲᠤ᠌ ᠮᠠᠭᠠᠳᠯᠠᠨ ᠲᠣᠭᠲᠠᠭᠠᠵᠤ ᠪᠣᠯᠤᠨ᠎ᠠ ᠬᠡᠵᠦ ᠲᠤᠬᠳᠠᠭᠠᠨ᠂ ᠲᠥᠷᠥ ᠶ᠋ᠢᠨ ᠪᠣᠳᠣᠯᠭ᠎ᠠ ᠶ᠋ᠢᠨ ᠰᠢᠨᠵᠢᠯᠡᠬᠦ᠌ ᠤᠬᠠᠭᠠᠨᠴᠢ ᠴᠢᠨᠠᠷ᠂ ᠬᠡᠷᠡᠭᠵᠢᠬᠦᠯᠵᠦ ᠪᠤᠯᠬᠤᠢᠴᠡ ᠴᠢᠨᠠᠷ᠎ᠢ ᠪᠦᠲᠦᠮᠵᠢᠲᠡᠶ ᠴᠢᠩᠭᠠᠳᠬᠠᠵᠠᠢ᠃ ᠡᠨᠡ ᠨᠢ ᠠᠵᠤ ᠠᠬᠤᠶ᠋ᠢᠯᠠᠯ᠎ᠤᠨ ᠪᠡᠶ᠎ᠡ ᠪᠡᠨ ᠳᠠᠭᠠᠭᠠᠵᠤ ᠰᠢᠨ᠎ᠡ ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠮᠡᠷᠭᠡᠵᠢᠯ᠎ᠤᠨ ᠲᠣᠨᠣᠭᠯᠠᠯ᠎ᠢ ᠤᠯᠤᠰ᠎ᠲᠠᠭᠠᠨ ᠦᠢᠯᠡᠳᠪᠦᠷᠢᠯᠡᠬᠦ᠌ ᠵᠢᠱ᠌ᠢᠶ᠎ᠡ ᠦᠵᠡᠭᠦᠯᠬᠦ᠌ ᠬᠡᠷᠡᠭᠯᠡᠭᠡᠨ᠎ᠢ ᠠᠬᠢᠭᠤᠯᠤᠨ᠂ ᠠᠵᠤ ᠦᠢᠯᠡᠰ᠎ᠦᠨ ᠬᠡᠯᠬᠢᠶ᠎ᠡ ᠶ᠋ᠢᠨ ᠳᠤᠲᠠᠭᠤᠳᠠᠯ ᠢ ᠨᠥᠬᠥᠪᠥᠷᠢᠯᠡᠨ᠂ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ ᠶ᠋ᠢᠨ ᠬᠡᠯᠬᠢᠶ᠎ᠡ ᠶ᠋ᠢᠨ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠦᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠦᠨ᠂ ᠦᠢᠯᠡᠳᠬᠦ ᠦᠢᠯᠡᠰ᠎ᠦᠨ ᠬᠦᠴᠦᠷᠬᠡᠭ ᠤᠯᠤᠰ ᠪᠠ ᠰᠢᠨ᠎ᠡ ᠬᠡᠯᠪᠡᠷᠢ ᠶ᠋ᠢᠨ ᠠᠵᠤ ᠦᠢᠯᠡᠳᠪᠦᠷᠢᠵᠢᠯᠲᠡ ᠶ᠋ᠢᠨ ᠪᠥᠲᠥᠭᠡᠨ ᠪᠠᠶ᠋ᠢᠭᠤᠯᠤᠯᠲᠠ ᠶ᠋ᠢ ᠲᠤᠯᠭᠠᠭᠤᠷᠢᠯᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃