2026-11-02 10:51:10
ᠬᠥᠬᠡᠬᠣᠲᠠ 2025 ᠣᠨ᠎ᠡᠴᠠ ᠡᠬᠢᠯᠡᠨ ᠡᠷᠲᠡᠨ᠎ᠦ ᠮᠣᠳᠣ᠌ ᠨᠠᠷᠠᠲᠤ ᠮᠣᠳᠣ ᠶ᠋ᠢ ᠬᠢᠨᠠᠨ ᠬᠡᠮᠵᠢᠬᠦ ᠲᠥᠷᠥᠯ ᠵᠦᠢᠯ ᠢ᠋ ᠡᠬᠢᠯᠡᠭᠦᠯᠵᠤ᠂ ᠡᠨᠡ ᠵᠢᠯ ᠤ᠋ᠨ ᠡᠷᠲᠡᠨ᠎ᠦ ᠮᠣᠳᠣ᠌ ᠨᠠᠷᠠᠲᠤ ᠮᠣᠳᠣ ᠶ᠋ᠢ ᠬᠥᠳᠡᠯᠦᠩᠭᠦᠢ᠎ᠪᠡᠷ ᠬᠢᠨᠠᠨ ᠬᠡᠮᠵᠢᠬᠦ ᠠᠵᠢᠯ ᠢ᠋ 4 ᠰᠠᠷ᠎ᠠ᠎ᠠᠴᠠ ᠡᠬᠢᠯᠡᠭᠦᠯᠤᠨ᠂ ᠣᠳᠣᠬᠠᠨ ᠳ᠋ᠤ ᠬᠢᠨᠠᠨ ᠬᠡᠮᠵᠢᠬᠦ ᠠᠵᠢᠯ ᠢ᠋ ᠨᠢᠭᠡᠨᠲᠡ ᠪᠥᠬᠥ ᠲᠠᠯ᠎ᠠ᠎ᠪᠠᠷ ᠪᠡᠶᠡᠯᠡᠭᠦᠯᠪᠡ᠃ ᠲᠣᠰ ᠤᠳᠠᠭ᠎ᠠ ᠵᠢᠨ ᠬᠢᠨᠠᠨ ᠬᠡᠮᠵᠢᠬᠦ ᠬᠡᠪᠴᠢᠶ᠎ᠡ ᠨᠢ ᠪᠥᠬᠥ ᠬᠣᠲᠠ ᠵᠢᠨ 135 ᠰᠠᠭᠤᠷᠢ ᠲᠠᠷᠠᠬᠠᠢ ᠪᠤᠲᠠᠷᠬᠠᠢ ᠡᠷᠲᠡᠨ᠎ᠦ ᠮᠣᠳᠣ᠌ ᠵᠢᠴᠢ 10 ᠪᠠᠯᠠᠷ ᠤᠢ ᠶ᠋ᠢ ᠬᠠᠮᠤᠷᠴᠤ᠂ ᠰᠢᠰᠲᠧᠮᠲᠦ ᠬᠡᠭᠡᠷ᠎ᠡ ᠵᠢᠨ ᠪᠠᠢᠴᠠᠭᠠᠯᠲᠠ ᠪᠠ ᠲᠤᠷᠰᠢᠯᠲᠠ ᠵᠢᠨ ᠲᠠᠰᠤᠭ ᠤ᠋ᠨ ᠪᠠᠢᠴᠠᠭᠠᠨ ᠬᠡᠮᠵᠢᠯᠲᠡ᠎ᠪᠡᠷ ᠳᠠᠮᠵᠢᠨ᠂ ᠡᠷᠲᠡᠨ᠎ᠦ ᠮᠣᠳᠣᠨ ᠤ᠋ ᠡᠬᠢ ᠪᠠᠶᠠᠯᠢᠭ᠋ ᠢ᠋ ᠬᠠᠮᠢᠶᠠᠷᠴᠤ ᠬᠠᠮᠠᠭᠠᠯᠠᠬᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠪᠡ᠃
ᠲᠣᠰ ᠤᠳᠠᠭ᠎ᠠ ᠵᠢᠨ ᠬᠢᠨᠠᠨ ᠬᠡᠮᠵᠢᠯᠲᠡ᠎ᠳᠦ ᠲᠤᠬᠠᠢ ᠵᠢᠨ ᠭᠠᠵᠠᠷ ᠲᠤᠨᠢ ᠪᠠᠢᠴᠠᠭᠠᠬᠤ ᠪᠠ ᠰᠢᠨᠵᠢᠯᠡᠬᠦ ᠤᠬᠠᠭᠠᠨᠴᠢ᠎ᠪᠠᠷ ᠰᠢᠯᠭᠠᠨ ᠪᠠᠢᠴᠠᠭᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠣᠯᠠᠨ ᠬᠡᠮᠵᠢᠯᠲᠦ ᠲᠣᠭ᠎ᠠ ᠪᠠᠷᠢᠮᠲᠠ᠎ᠶᠢ ᠪᠥᠬᠥ ᠲᠠᠯ᠎ᠠ᠎ᠪᠠᠷ ᠴᠤᠭᠯᠠᠭᠤᠯᠪᠠ᠃ ᠡᠷᠲᠡᠨ᠎ᠦ ᠮᠣᠳᠣᠨ ᠤ᠋ ᠦᠨᠳᠦᠰᠦᠨ ᠮᠡᠳᠡᠭᠡ ᠵᠠᠩᠭᠢ᠎ᠶᠢ ᠬᠠᠷᠭᠤᠭᠤᠯᠤᠨ ᠪᠠᠢᠴᠠᠭᠠᠵᠤ᠂ ᠮᠣᠳᠣᠨ ᠤ᠋ ᠲᠥᠷᠥᠯ᠂ ᠨᠠᠰᠤ ᠵᠢᠯ᠂ ᠥᠨᠳᠥᠷ ᠤ᠋ᠨ ᠬᠡᠮᠵᠢᠶ᠎ᠡ᠂ ᠬᠡᠯᠪᠡᠷᠢ ᠳᠦᠷᠰᠦ᠂ ᠤᠷᠭᠤᠯᠲᠠ ᠵᠢᠨ ᠪᠠᠢᠳᠠᠯ᠂ ᠭᠠᠵᠠᠷ ᠵᠦᠢ ᠵᠢᠨ ᠪᠠᠢᠷᠢᠯᠠᠯ ᠵᠡᠷᠭᠡ ᠦᠨᠳᠦᠰᠦᠨ ᠲᠠᠩᠰᠠ ᠡᠪᠬᠡᠮᠡᠯ᠎ᠦᠨ ᠮᠡᠳᠡᠭᠡ ᠵᠠᠩᠭᠢ᠎ᠶᠢ ᠲᠡᠮᠳᠡᠭᠯᠡᠪᠡ; ᠮᠣᠳᠣᠨ ᠤ᠋ ᠤᠷᠭᠤᠯᠲᠠ ᠵᠢᠨ ᠪᠠᠢᠳᠠᠯ ᠢ᠋ ᠰᠤᠳᠤᠯᠤᠨ ᠮᠠᠭᠠᠳᠯᠠᠵᠤ᠂ ᠮᠣᠳᠣᠨ ᠤ᠋ ᠡᠰᠢ ᠵᠢᠨ ᠪᠦᠷᠢᠨ ᠪᠦᠲᠦᠨ ᠴᠢᠨᠠᠷ᠂ ᠮᠣᠳᠣᠨ ᠤ᠋ ᠬᠠᠯᠢᠰᠤ ᠵᠢᠨ ᠪᠠᠢᠳᠠᠯ᠂ ᠰᠠᠯᠠᠭ᠎ᠠ ᠨᠠᠪᠴᠢ ᠪᠣᠯᠣᠨ ᠦᠨᠳᠦᠰᠦ ᠵᠢᠨ ᠰᠢᠰᠲᠧᠮ᠎ᠦᠨ ᠤᠷᠭᠤᠯᠲᠠ ᠵᠢᠨ ᠪᠠᠢᠳᠠᠯ ᠢ᠋ ᠪᠠᠢᠴᠠᠭᠠᠵᠤ᠂ ᠣᠳᠣ ᠶ᠋ᠢᠨ ᠪᠠᠢᠭ᠎ᠠ ᠬᠠᠮᠠᠭᠠᠯᠠᠯᠲᠠ ᠵᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ ᠦᠷ᠎ᠡ ᠪᠦᠲᠦᠮᠵᠢ᠎ᠶᠢ ᠡᠮᠬᠢᠯᠡᠪᠡ; ᠡᠷᠳᠡᠨ᠎ᠤ ᠮᠤᠳᠤᠨ᠎ᠤ ᠬᠦᠷᠦᠰᠦ ᠰᠢᠷᠤᠢ ᠵᠢᠨ ᠣᠷᠴᠢᠨ ᠲᠣᠭᠣᠷᠢᠨ ᠬᠢᠭᠡᠳ ᠬᠥᠨᠥᠭᠡᠯᠲᠤ ᠠᠮᠢᠳᠤ ᠪᠣᠳᠠᠰ ᠤ᠋ᠨ ᠲᠦᠭᠰᠢᠭᠦᠷᠢ᠎ᠶᠢ ᠵᠢᠭ᠍ᠰᠠᠭᠠᠨ ᠪᠠᠢᠴᠠᠭᠠᠵᠤ᠂ ᠡᠯ᠎ᠡ ᠲᠥᠷᠥᠯ᠎ᠦᠨ ᠡᠪᠡᠳᠴᠢᠨ ᠬᠣᠷᠣᠬᠠᠢ ᠵᠢᠨ ᠬᠥᠨᠥᠭᠡᠯ᠎ᠦᠨ ᠳᠠᠯᠳᠠ ᠭᠡᠮ ᠢ᠋ ᠰᠢᠭ᠌ᠰᠢᠨ ᠪᠠᠢᠴᠠᠭᠠᠪᠠ; ᠹᠢᠽᠢᠺ ᠬᠢᠮᠢ ᠵᠢᠨ ᠤᠬᠠᠭᠠᠨ ᠤ᠋ ᠭᠦᠢᠴᠡᠳᠬᠡᠯ ᠲᠣᠭ᠎ᠠ ᠵᠢᠨ ᠲᠤᠷᠰᠢᠯᠲᠠ ᠵᠢᠨ ᠬᠢᠨᠠᠨ ᠬᠡᠮᠵᠢᠯᠲᠡ᠎ᠶᠢ ᠥᠷᠨᠢᠭᠦᠯᠵᠦ᠂ ᠬᠥᠷᠥᠰᠥ ᠰᠢᠷᠣᠢ ᠵᠢᠨ ᠶᠠᠰᠤ ᠴᠢᠨᠠᠷ᠂ ᠬᠦᠴᠢᠯ ᠱᠦᠯᠲᠦ ᠵᠢᠨ ᠬᠡᠮᠵᠢᠶ᠎ᠡ᠂ ᠬᠦᠴᠦ ᠰᠢᠮ᠎ᠡ᠂ ᠠᠽᠣᠲ ᠹᠣᠰᠹᠣᠷ ᠺᠠᠯᠢ ᠵᠢᠨ ᠠᠭᠤᠯᠤᠭᠳᠠᠴᠠ ᠵᠢᠴᠢ ᠪᠢᠴᠢᠯ ᠡᠯᠧᠮᠧᠨ᠋ᠲ ᠵᠡᠷᠭᠡ ᠬᠠᠮᠢᠶ᠎ᠠ ᠪᠦᠬᠦᠢ ᠲᠣᠭ᠎ᠠ ᠪᠠᠷᠢᠮᠲᠠ᠎ᠶᠢ ᠬᠡᠮᠵᠢᠨ ᠲᠣᠭᠲᠠᠭᠠᠵᠤ᠂ ᠸᠢᠷᠦ᠋ᠰ᠎ᠦᠨ ᠬᠥᠨᠥᠭᠡᠯ᠂ ᠪᠠᠺᠲᠧᠷᠢ ᠵᠢᠨ ᠡᠪᠡᠳᠴᠢᠨ᠎ᠦ ᠲᠥᠷᠥᠯ ᠬᠡᠯᠪᠡᠷᠢ᠎ᠶᠢ ᠢᠯᠭᠠᠨ ᠲᠣᠳᠣᠯᠠᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠦᠨᠳᠦᠰᠦᠯᠡᠨ ᠡᠷᠲᠡᠨ᠎ᠦ ᠮᠣᠳᠣᠨ ᠤ᠋ ᠡᠷᠡᠭᠦᠯ ᠮᠡᠨᠳᠦ ᠵᠢᠨ ᠬᠢᠷᠢ ᠬᠡᠮᠵᠢᠶ᠎ᠡ᠎ᠶᠢ ᠶᠡᠷᠦᠩᠬᠡᠢᠯᠡᠨ ᠰᠤᠳᠤᠯᠤᠨ ᠮᠠᠭᠠᠳᠯᠠᠵᠤ᠂ ᠳᠦᠷᠪᠡᠨ ᠳᠡᠰ ᠤ᠋ᠨ ᠤᠷᠭᠤᠴᠠ ᠵᠢᠨ ᠪᠠᠢᠳᠠᠯ ᠤ᠋ᠨ ᠵᠡᠷᠭᠡ ᠳᠡᠰ ᠢ᠋ ᠲᠤᠭᠲᠠᠭᠠᠵᠤ᠂ ᠤᠷᠭᠤᠯᠲᠠ ᠵᠢᠨ ᠠᠰᠠᠭᠤᠳᠠᠯ ᠤ᠋ᠨ ᠪᠣᠶ ᠪᠣᠯᠤᠭᠰᠠᠨ ᠰᠢᠯᠲᠠᠭᠠᠨ ᠢ᠋ ᠵᠠᠳᠠᠯᠤᠨ᠂ ᠳᠠᠯᠳᠠ ᠭᠡᠮ ᠢ᠋ ᠤᠷᠢᠳᠴᠢᠯᠠᠨ ᠮᠠᠭᠠᠳᠯᠠᠵᠤ᠂ 《ᠣᠨ ᠤ᠋ ᠪᠠᠢᠴᠠᠭᠠᠯᠲᠠ ᠬᠢᠨᠠᠨ ᠬᠡᠮᠵᠢᠯᠲᠡ ᠵᠢᠨ ᠦᠷ᠎ᠡ ᠪᠦᠲᠦᠭᠡᠯ᠎ᠦᠨ ᠮᠡᠳᠡᠭᠦᠯᠦᠯᠲᠡ》 ᠶ᠋ᠢ ᠪᠦᠷᠢᠯᠳᠦᠭᠦᠯᠪᠡ᠃
ᠬᠢᠨᠠᠨ ᠬᠡᠮᠵᠢᠯᠲᠡ ᠵᠢᠨ ᠦᠷᠡᠳ᠋ᠦᠩ ᠨᠢ ᠡᠷᠲᠡᠨ᠎ᠦ ᠮᠣᠳᠣ ᠶ᠋ᠢ ᠨᠠᠷᠢᠯᠢᠭ᠍ᠵᠢᠭᠤᠯᠤᠨ ᠬᠠᠮᠢᠶᠠᠷᠴᠤ ᠬᠠᠮᠠᠭᠠᠯᠠᠬᠤ᠂ ᠰᠢᠨᠵᠢᠯᠡᠬᠦ ᠤᠬᠠᠭᠠᠨᠴᠢ᠎ᠪᠠᠷ ᠰᠡᠷᠭᠦᠭᠡᠨ ᠢᠳᠡᠷᠵᠢᠭᠦᠯᠬᠦ ᠳ᠋ᠤ ᠪᠠᠲᠤ ᠪᠡᠬᠢ ᠲᠣᠭ᠎ᠠ ᠪᠠᠷᠢᠮᠲᠠ ᠵᠢᠨ ᠲᠤᠯᠭᠠᠭᠤᠷᠢᠯᠠᠯ ᠬᠠᠩᠭᠠᠪᠠ᠃ ᠬᠢᠨᠠᠨ ᠬᠡᠮᠵᠢᠭᠰᠡᠨ ᠦᠷ᠎ᠡ ᠳ᠋ᠦᠩ᠎ᠳᠦ ᠲᠦᠰᠢᠭᠯᠡᠨ᠂《ᠨᠢᠭᠡ ᠮᠣᠳᠣ᠌ ᠳ᠋ᠤ ᠨᠢᠭᠡ ᠵᠦᠢᠯ ᠤ᠋ᠨ ᠠᠷᠭ᠎ᠠ ᠪᠤᠳᠤᠯᠭ᠎ᠠ ᠲᠤᠭᠲᠠᠭᠠᠬᠤ》ᠬᠠᠮᠢᠶᠠᠷᠴᠤ ᠬᠠᠮᠠᠭᠠᠯᠠᠬᠤ ᠲᠥᠰᠥᠯ ᠢ᠋ ᠨᠠᠢᠳᠠᠪᠤᠷᠢᠵᠢᠭᠤᠯᠵᠤ᠂ ᠬᠠᠮᠠᠭᠠᠯᠠᠬᠤ᠂ ᠰᠡᠷᠭᠦᠭᠡᠬᠦ᠂ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ᠎ᠶᠢ ᠴᠢᠭᠯᠡᠯᠲᠤ ᠴᠢᠨᠠᠷᠲᠠᠢ᠎ᠪᠠᠷ ᠲᠣᠭᠲᠠᠭᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃