2026-11-04 11:13:48
ᠨᠠᠮᠤᠷ᠎ᠤᠨ ᠬᠥᠨ ᠪᠤᠯᠵᠤ᠂ ᠬᠤᠷᠴᠢᠨ ᠨᠤᠲᠤᠬ᠎ᠲᠦ ᠰᠡᠷᠢᠭᠥᠨ ᠰᠠᠯᠬᠢᠨ ᠰᠡᠪᠡᠯᠵᠡᠨ᠎ᠡ᠃ ᠲᠦᠩᠯᠢᠶᠣᠣ ᠬᠤᠲᠠ᠎ᠶᠢᠨ ᠺᠠᠢᠯᠤ ᠰᠢᠶᠠᠨ᠎ᠤ ᠰᠢᠶᠣᠣ ᠵᠢᠶᠧ ᠵᠢᠢ ᠪᠠᠯᠭᠠᠰᠤᠨ᠎ᠤ (ᠳᠠ ᠲᠠᠩ) ᠮᠧᠩ ᠳ᠋ᠦᠩ ᠰᠢᠨ᠎ᠡ ᠡᠨᠧᠷᠭᠢ᠎ᠶᠢᠨ ᠬᠢᠵᠠᠭᠠᠷᠳᠥ ᠺᠤᠮᠫᠠᠨᠢ ᠵᠢᠨ ᠠᠵᠢᠯ ᠦᠢᠯᠡᠰ᠎ᠦᠨ ᠬᠡᠯᠲᠡᠰ᠎ᠦᠨ ᠯᠢᠦᠢ ᠶᠤᠧᠠᠨ ᠰᠠᠯᠬᠢᠨ ᠬᠦᠴᠦᠨ᠎ᠦ ᠴᠠᠬᠢᠯᠭᠠᠨ᠎ᠤ ᠲᠠᠯᠠᠪᠠᠢ᠎ᠳᠤ ᠠᠷᠪᠢᠨ ᠴᠠᠭᠠᠨ ᠥᠩᠭᠡ ᠲᠠᠢ ᠰᠠᠷᠬᠢᠷᠠᠭᠤᠯ ᠰᠥᠨᠳᠡᠷᠯᠡᠨ᠂ ᠰᠠᠯᠬᠢᠨ᠎ᠤ ᠠᠶ᠎ᠠ᠎ᠪᠠᠷ ᠠᠯᠭᠤᠷᠬᠠᠨ ᠡᠷᠭᠢᠯᠳᠦᠨ᠎ᠡ᠃ ᠠᠵᠢᠯᠲᠠᠳ ᠭᠠᠷ᠎ᠲᠠᠭᠠᠨ ᠬᠡᠮᠵᠢᠭᠦᠷᠯᠢᠭ ᠲᠥᠬᠦᠭᠡᠷᠦᠮᠵᠢ ᠠᠳᠬᠤᠭᠠᠳ᠂ ᠴᠠᠬᠢᠯᠭᠠᠨ ᠲᠤᠤᠷ᠎ᠤᠨ ᠤᠲᠠᠰᠤ ᠵᠢᠴᠢ ᠰᠠᠷᠬᠢᠷᠠᠭᠤᠯᠢ ᠲᠣᠭᠣᠷᠢᠨ ᠪᠠᠢᠴᠠᠭᠠᠵᠤ᠂ ᠪᠣᠬᠢᠷᠲᠤᠯ ᠦᠭᠡᠢ ᠴᠠᠬᠢᠯᠭᠠᠨ᠎ᠢ ᠦᠷᠭᠦᠯᠵᠢᠯᠡᠨ ᠭᠠᠷᠭᠠᠬᠤ᠎ᠳᠤ ᠡᠮᠥᠨ᠎ᠡ ᠹᠷᠣᠨᠲ᠎ᠤᠨ ᠪᠠᠲᠤᠯᠠᠭ᠎ᠠ ᠬᠠᠩᠭᠠᠵᠤ ᠪᠠᠢᠯ᠎ᠠ᠃
(ᠳᠠ ᠲᠠᠩ) ᠮᠧᠩ ᠳ᠋ᠥᠩ ᠰᠢᠨ᠎ᠡ ᠡᠨᠧᠷᠭᠢ᠎ᠶᠢᠨ ᠬᠢᠵᠠᠭᠠᠷᠳᠥ ᠺᠤᠮᠫᠠᠨᠢ ᠵᠢᠨ ᠠᠵᠢᠯ ᠦᠢᠯᠡᠰ᠎ᠦᠨ ᠬᠡᠯᠲᠡᠰ᠎ᠦᠨ ᠯᠢᠦᠢ ᠶᠤᠧᠠᠨ ᠰᠠᠯᠬᠢᠨ ᠬᠦᠴᠦᠨ᠎ᠦ ᠴᠠᠬᠢᠯᠭᠠᠨ᠎ᠤ ᠲᠠᠯᠠᠪᠠᠢ᠎ᠶᠢᠨ ᠳᠠᠷᠤᠭ᠎ᠠ ᠸᠠᠩ ᠽᠠᠢ ᠹᠧᠢ᠄《ᠰᠠᠯᠬᠢᠨ᠎ᠤ ᠡᠨᠧᠷᠭᠢ ᠪᠤᠯ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ ᠭᠠᠳᠠᠭᠰᠢᠯᠠᠭᠤᠯᠬᠤ ᠦᠭᠡᠢ ᠴᠡᠪᠡᠷ ᠡᠨᠧᠷᠭᠢ᠎ᠳᠦ ᠪᠠᠭᠲᠠᠨ᠎ᠠ᠂ 2021 ᠣᠨ᠎ᠳᠤ ᠠᠰᠢᠭ᠍ᠯᠠᠯᠲᠠ᠎ᠳᠤ ᠣᠷᠣᠭᠰᠠᠨ᠎ᠠᠴᠠ ᠨᠠᠭᠠᠰᠢ ᠮᠠᠨ᠎ᠤ ᠰᠠᠯᠬᠢᠨ ᠬᠦᠴᠦᠨ᠎ᠦ ᠴᠠᠬᠢᠯᠭᠠᠨ᠎ᠤ ᠲᠠᠯᠠᠪᠠᠢ ᠨᠡᠢ᠍ᠢᠳᠡ 7.21 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ ᠪᠤᠢ》 ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃ ᠡᠨᠡ ᠨᠢ ᠢᠯᠴᠢ᠎ᠶᠢᠨ ᠴᠠᠬᠢᠯᠭᠠᠨ᠎ᠤ ᠡᠬᠢ ᠪᠠᠶᠠᠯᠢᠬ᠎ᠤᠨ ᠬᠣᠷᠣᠭᠳᠠᠯ᠎ᠤᠨ ᠪᠠᠷᠢᠮᠵᠢᠶ᠎ᠠ᠎ᠪᠠᠷ ᠪᠤᠳᠤᠪᠠᠯ᠂ ᠪᠠᠷᠢᠮᠵᠢᠶᠠᠲᠤ ᠨᠡᠭᠦᠷᠡᠰᠦ᠎ᠶᠢ 21.8 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ 57.8 ᠲᠦᠮᠡᠨ ᠲᠣᠨ ᠪᠠᠭᠠᠰᠬᠠᠬᠰᠠᠨᠤ ᠬᠠᠮᠲᠤ᠂ ᠬᠦᠬᠦᠷ᠎ᠦᠨ ᠳᠠᠪᠬᠤᠷ ᠢᠰᠦᠯ᠂ ᠠᠽᠣᠲ᠎ᠤᠨ ᠢᠰᠦᠮᠡᠭ ᠵᠡᠷᠭᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢ ᠴᠦ᠍ ᠪᠠᠭᠠᠰᠬᠠᠨ᠂ ᠠᠭᠠᠷ ᠮᠠᠨᠳᠠᠯ᠎ᠤᠨ ᠪᠣᠬᠢᠷᠲᠤᠯ᠎ᠢ ᠪᠦᠲᠦᠮᠵᠢᠲᠡᠶ ᠪᠠᠭᠠᠰᠬᠠᠨ᠂ ᠣᠷᠣᠨ ᠪᠦᠰᠡ᠎ᠶᠢᠨ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠵᠤ᠂ ᠴᠠᠬᠢᠯᠭᠠᠨ ᠭᠠᠷᠭᠠᠬᠤ ᠦᠢᠯᠡᠳᠪᠦᠷᠢᠯᠡᠯ ᠬᠢᠭᠡᠳ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠵᠢᠨ ᠬᠠᠮᠵᠢᠯᠴᠠᠨ ᠬᠥᠭᠵᠢᠭᠦᠯᠬᠦ᠎ᠶᠢ ᠪᠡᠶᠡᠯᠡᠭᠦᠯᠦᠭᠰᠡᠨ ᠪᠠᠢᠨ᠎ᠠ᠃
ᠬᠡᠷᠪᠡ ᠰᠠᠯᠬᠢᠨ ᠬᠦᠴᠦᠨ᠎ᠦ ᠴᠠᠬᠢᠯᠭᠠᠨ᠎ᠢ ᠬᠥᠴᠥᠳᠥ ᠰᠠᠯᠬᠢᠨ᠎ᠤ ᠪᠡᠯᠡᠭᠯᠡᠭᠰᠡᠨ ᠪᠣᠬᠢᠷᠲᠤᠯ ᠦᠭᠡᠢ ᠬᠥᠳᠡᠯᠭᠡᠬᠦ ᠡᠨᠧᠷᠭᠢ ᠭᠡᠵᠦ ᠬᠡᠯᠡᠬᠦ᠎ᠳᠦ ᠬᠦᠷᠪᠡᠯ᠂ ᠭᠡᠷᠡᠯᠴᠢ ᠴᠡᠨᠡᠭ᠎ᠦᠨ ᠠᠵᠤ ᠦᠢᠯᠡᠰ ᠪᠤᠯ ᠳᠠᠷᠤᠢ ᠢᠪᠡᠭᠡᠯᠳᠥ ᠨᠡᠷᠡᠨ᠎ᠤ ᠰᠤᠶᠤᠷᠬᠠᠭᠰᠠᠨ ᠠᠮᠢ ᠠᠬᠤᠢ᠎ᠶᠢᠨ ᠴᠡᠪᠡᠷ ᠠᠰᠢᠭ᠋ ᠭᠡᠯᠳᠠᠢ᠃ ᠡᠢᠨᠬᠦ ᠰᠠᠯᠬᠢ ᠪᠠ ᠭᠡᠷᠡᠯ ᠨᠢ ᠬᠠᠷᠢᠯᠴᠠᠨ ᠨᠥᠬᠥᠪᠦᠷᠢᠯᠡᠵᠦ᠂ ᠬᠠᠮᠵᠢᠯᠴᠠᠵᠤ ᠬᠥᠴᠥᠯᠡᠨ᠂ ᠡᠨᠡ ᠨᠤᠲᠤᠬ᠎ᠲᠦ ᠤᠯᠠᠨ ᠡᠰᠢᠲᠦ ᠬᠠᠮᠵᠢᠯᠴᠠᠭᠰᠠᠨ ᠰᠢᠨ᠎ᠡ ᠡᠨᠧᠷᠭᠢ᠎ᠶᠢᠨ ᠬᠥᠭᠵᠢᠯᠲᠡ᠎ᠶᠢᠨ ᠪᠠᠢᠷᠢᠰᠢᠯ᠎ᠢ ᠪᠦᠷᠢᠯᠳᠦᠭᠦᠯᠵᠦ ᠪᠠᠢᠨ᠎ᠠ᠃
ᠶᠡᠬᠡᠲᠠᠯ᠎ᠠ ᠪᠠᠯᠭᠠᠰᠤᠨ᠎ᠤ ᠹᠧᠩ ᠬᠤᠧᠠᠩ ᠯᠢᠩ ᠭᠡᠷᠡᠯᠴᠢ ᠴᠡᠨᠡᠭ᠎ᠦᠨ ᠴᠠᠬᠢᠯᠭᠠᠨ ᠦᠷᠳᠡᠭᠡᠨ᠎ᠳᠦ ᠭᠡᠷᠡᠯᠴᠢ ᠴᠡᠨᠡᠭ᠎ᠦᠨ ᠬᠠᠪᠲᠠᠰᠤ ᠨᠤᠭᠤᠳ ᠲᠡᠷᠢ ᠲᠡᠭᠰᠢ ᠬᠠᠷᠠᠭ᠎ᠠ ᠮᠤᠬᠤᠭᠠᠨ ᠵᠢᠭᠰᠠᠵᠤ᠂ ᠨᠡᠷᠡᠨ᠎ᠦ ᠭᠡᠷᠡᠯ ᠳᠣᠣᠷ᠎ᠠ ᠬᠢᠯᠳᠠᠭᠠᠨᠠᠨ ᠬᠠᠷᠠᠬᠳᠠᠨ᠎ᠠ᠃ ᠠᠵᠢᠯᠲᠠᠳ ᠭᠣᠣᠯ ᠡᠵᠡᠮᠰᠢᠯ᠎ᠦᠨ ᠲᠠᠰᠤᠭ᠎ᠲᠤ ᠲᠥᠬᠦᠭᠡᠷᠦᠮᠵᠢ᠎ᠶᠢᠨ ᠠᠵᠢᠯᠯᠠᠭᠠᠨ᠎ᠤ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠬᠢᠨᠠᠨ ᠬᠡᠮᠵᠢᠵᠦ᠂ ᠴᠠᠬᠢᠯᠭᠠᠨ ᠭᠠᠷᠭᠠᠵᠤ ᠪᠠᠢᠭ᠎ᠠ ᠪᠠᠢᠳᠠᠯ᠎ᠢ ᠣᠨᠣᠪᠴᠢᠲᠠᠢ ᠡᠵᠡᠮᠳᠡᠨ᠂ ᠭᠡᠷ᠎ᠦᠨ ᠭᠠᠳᠠᠨᠠᠬᠢ ᠲᠥᠬᠦᠭᠡᠷᠦᠮᠵᠢ᠎ᠶᠢ ᠲᠣᠭᠣᠷᠢᠨ ᠪᠠᠢᠴᠠᠭᠠᠬᠤ᠂ ᠠᠷᠠᠴᠢᠯᠠᠨ ᠬᠠᠮᠠᠭᠠᠯᠠᠬᠤ ᠪᠠ ᠭᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠵᠡᠷᠭᠡ᠎ᠪᠡᠷ ᠥᠷᠨᠢᠭᠦᠯᠵᠦ᠂ ᠭᠡᠷᠡᠯᠴᠢ ᠴᠡᠨᠡᠭ᠎ᠦᠨ ᠴᠠᠬᠢᠯᠭᠠᠨ ᠦᠷᠳᠡᠭᠡᠨ᠎ᠤ ᠥᠨᠳᠥᠷ ᠪᠦᠲᠦᠮᠵᠢᠲᠡᠢ ᠠᠵᠢᠯᠯᠠᠬᠤ᠎ᠶᠢ ᠪᠦᠬᠦ ᠲᠠᠯ᠎ᠠ᠎ᠪᠠᠷ ᠪᠠᠲᠤᠯᠠᠵᠤ ᠪᠠᠢᠯ᠎ᠠ᠃
ᠺᠠᠢᠯᠤ ᠵᠢᠨ ᠱᠧᠨ ᠨᠧᠩ ᠤᠮᠠᠷᠠᠲᠤ᠎ᠶᠢᠨ ᠬᠡᠷᠡᠯᠴᠢ ᠴᠡᠨᠡᠭ᠎ᠦᠨ ᠬᠢᠵᠠᠭᠠᠷᠲᠤ ᠺᠣᠮᠫᠠᠨᠢ᠎ᠶᠢᠨ ᠠᠮᠤᠷ ᠲᠦᠪᠰᠢᠨ᠎ᠦ ᠭᠣᠣᠯ ᠬᠠᠮᠢᠶᠠᠷᠤᠭ᠍ᠴᠢ ᠸᠠᠩ ᠶᠠ ᠰᠢᠨᠦ ᠲᠠᠨᠢᠯᠴᠠᠭᠤᠯᠤᠭᠰᠠᠨ᠎ᠢᠶᠠᠷ᠂ ᠹᠧᠩ ᠬᠤᠧᠠᠩ ᠯᠢᠩ᠎ᠦᠨ ᠬᠡᠷᠡᠯᠴᠢ ᠴᠡᠨᠡᠭ᠎ᠦᠨ ᠴᠠᠬᠢᠯᠭᠠᠨ ᠦᠷᠳᠡᠬᠡ 2018 ᠣᠨ᠎ᠤ 6 ᠰᠠᠷ᠎ᠠ᠎ᠳᠤ ᠴᠠᠬᠢᠯᠭᠠᠨ ᠲᠣᠣᠷ᠎ᠲᠤ ᠨᠡᠢᠯᠡᠭᠰᠡᠨ᠎ᠡᠴᠡ ᠤᠳᠤ ᠪᠣᠯᠲᠠᠯ᠎ᠠ ᠲᠣᠣᠷ᠎ᠲᠤ ᠣᠷᠣᠭᠤᠯᠤᠭᠰᠠᠨ ᠶᠡᠷᠦᠩᠬᠡᠢ ᠴᠠᠬᠢᠯᠭᠠᠨ᠎ᠤ ᠬᠡᠮᠵᠢᠶ᠎ᠡ 3.75 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠵᠢᠯ᠎ᠦᠨ ᠳᠤᠮᠳᠠᠴᠢ ᠲᠣᠣᠷ᠎ᠲᠤ ᠣᠷᠣᠭᠰᠠᠨ ᠴᠠᠬᠢᠯᠭᠠᠨ᠎ᠤ ᠬᠡᠮᠵᠢᠶ᠎ᠡ 0.42 ᠳ᠋ᠦᠩᠰᠢᠭᠤᠷ ᠺᠢᠯᠣᠸᠠᠲ ᠴᠠᠭ᠎ᠲᠦ ᠬᠦᠷᠴᠦ᠂ ᠡᠨᠡ ᠨᠢ ᠢᠯᠴᠢ᠎ᠶᠢᠨ ᠴᠠᠬᠢᠯᠭᠠᠨ᠎ᠲᠠᠢ ᠬᠠᠷᠢᠴᠠᠭᠤᠯᠪᠠᠯ᠂ ᠵᠢᠯ ᠪᠦᠷᠢ 1.16 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠠᠷᠪᠢᠯᠠᠭᠰᠠᠨ᠎ᠲᠠᠢ ᠲᠡᠩᠴᠡᠨ᠎ᠡ᠃《ᠭᠡᠷᠡᠯᠴᠢ ᠴᠡᠨᠡᠭ ᠳᠠᠬᠢᠨ ᠡᠭᠦᠰᠴᠦ ᠪᠣᠯᠬᠤ ᠡᠨᠧᠷᠭᠢ᠎ᠶᠢᠨ ᠰᠤᠷᠪᠤᠯᠵᠢ᠎ᠶᠢ ᠭᠦᠢᠴᠡᠳ ᠠᠰᠢᠭ᠍ᠯᠠᠵᠤ᠂ ᠳᠠᠬᠢᠨ ᠡᠭᠦᠰᠴᠦ ᠦᠯᠦ ᠪᠣᠯᠬᠤ ᠴᠢᠯᠠᠭᠤᠵᠢᠮᠠᠯ᠎ᠤᠨ ᠡᠬᠢ ᠪᠠᠶᠠᠯᠢᠭ᠋᠎ᠢ ᠠᠷᠪᠢᠯᠠᠬᠤ ᠵᠣᠷᠢᠯᠭ᠎ᠠ ᠵᠢ ᠪᠡᠶᠡᠯᠡᠭᠥᠯᠥᠨ᠂ ᠣᠷᠴᠢᠨ ᠠᠬᠤᠢ᠎ᠶᠢᠨ ᠪᠣᠬᠢᠷᠲᠤᠯ᠎ᠢ ᠶᠡᠬᠡᠪᠡᠷ ᠪᠠᠭᠠᠰᠬᠠᠵᠤ ᠴᠢᠳᠠᠨ᠎ᠠ》 ᠭᠡᠵᠤ ᠸᠠᠩ ᠶᠠ ᠰᠢᠨ ᠬᠡᠯᠡᠵᠤ ᠪᠠᠢᠯ᠎ᠠ᠃
ᠺᠠᠢᠯᠤ ᠰᠢᠶᠠᠨ ᠰᠠᠯᠬᠢ ᠪᠠ ᠬᠡᠷᠡᠯ᠎ᠤᠨ ᠡᠬᠢ ᠪᠠᠶᠠᠯᠢᠭ᠋ ᠡᠯᠪᠡᠭ ᠣᠷᠣᠨ᠎ᠳᠤ ᠣᠷᠣᠰᠢᠵᠤ᠂ ᠰᠢᠨ᠎ᠡ ᠡᠨᠧᠷᠭᠢ᠎ᠶᠢᠨ ᠬᠥᠭᠵᠢᠯᠲᠡ᠎ᠶᠢᠨ ᠳᠠᠪᠠᠭᠤᠯᠢᠭ᠋ ᠲᠠᠯ᠎ᠠ ᠪᠡᠷ ᠳᠤᠪᠤᠢᠮ᠎ᠠ ᠪᠠᠢᠳᠠᠭ᠃ ᠰᠠᠯᠬᠢᠨ᠎ᠤ ᠡᠨᠧᠷᠭᠢ᠎ᠶᠢᠨ ᠡᠬᠢ ᠪᠠᠶᠠᠯᠢᠭ᠋᠎ᠤᠨ ᠲᠠᠯ᠎ᠠ᠎ᠪᠠᠷ᠂ ᠬᠣᠶᠠᠳᠤᠭᠠᠷ ᠲᠥᠷᠥᠯ᠎ᠦᠨ ᠰᠠᠯᠬᠢᠨ᠎ᠤ ᠡᠬᠢ ᠪᠠᠶᠠᠯᠢᠭ᠋᠎ᠲᠤ ᠬᠠᠷᠢᠶᠠᠯᠠᠭᠳᠠᠵᠤ᠂ 70 ᠡᠴᠡ 140 ᠮᠧᠲᠷ ᠥᠨᠳᠥᠷ ᠲᠡᠬᠢ ᠳᠤᠮᠳᠠᠴᠢ ᠰᠠᠯᠬᠢᠨ᠎ᠤ ᠬᠤᠷᠳᠤᠴᠠ ᠨᠢ ᠰᠧᠺᠦ᠋ᠨ᠋ᠳ᠋ ᠪᠥᠷᠢ 7 ᠡᠴᠡ 7.5 ᠮᠧᠲᠷ᠎ᠲᠦ ᠬᠦᠷᠴᠦ᠂ ᠰᠠᠯᠬᠢᠨ ᠬᠦᠴᠦᠨ᠎ᠤ ᠨᠢᠭ᠍ᠲᠠᠴᠠ ᠨᠢ ᠲᠡᠭᠰᠢ ᠳᠥᠷᠪᠡᠯᠵᠢᠨ ᠮᠧᠲᠷ ᠪᠥᠷᠢ ᠳ᠋ᠤ 300 ᠡᠴᠡ 420 ᠸᠠᠲ᠎ᠲᠦ ᠬᠥᠷᠳᠡᠭ᠃ ᠡᠭᠦᠨ᠎ᠦ ᠬᠠᠮᠲᠤ᠂ ᠨᠡᠷᠡᠨ᠎ᠦ ᠡᠨᠧᠷᠭᠢ ᠨᠢ ᠮᠥᠨᠬᠦ ᠬᠣᠶᠠᠳᠤᠭᠠᠷ ᠲᠥᠷᠥᠯ᠎ᠦᠨ ᠡᠬᠢ ᠪᠠᠶᠠᠯᠢᠭ᠋᠎ᠤᠨ ᠣᠷᠣᠨ᠎ᠳᠤ ᠬᠠᠷᠢᠶᠠᠯᠠᠭᠳᠠᠵᠤ᠂ ᠵᠢᠯ᠎ᠦᠨ ᠶᠡᠷᠦᠩᠬᠡᠢ ᠰᠠᠴᠤᠷᠠᠯᠲᠠ ᠨᠢ ᠪᠠᠷᠤᠭ ᠲᠡᠭᠰᠢ ᠳᠥᠷᠪᠡᠯᠵᠢᠨ ᠮᠧᠲᠷ ᠪᠥᠷᠢ ᠳ᠋ᠤ 1600 ᠺᠢᠯᠣᠸᠠᠲ ᠴᠠᠭ᠎ᠲᠦ ᠬᠥᠷᠴᠥ᠂ ᠵᠢᠯ᠎ᠦᠨ ᠳᠤᠮᠳᠠᠴᠢ ᠨᠡᠷᠡᠨ᠎ᠦ ᠲᠤᠰᠤᠯᠲᠠ᠎ᠶᠢᠨ ᠴᠠᠭ᠎ᠤᠨ ᠲᠣᠭ᠎ᠠ ᠨᠢ ᠪᠠᠷᠤᠭ 3000 ᠴᠠᠭ ᠪᠠᠢᠳᠠᠭ᠃
ᠣᠢᠷ᠎ᠠ᠎ᠶᠢᠨ ᠵᠢᠯ ᠳ᠋ᠤ᠂ ᠺᠠᠢᠯᠤ ᠰᠢᠶᠠᠨ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠵᠤ᠂ ᠤᠯᠤᠰ᠎ᠤᠨ《ᠨᠡᠭᠦᠷᠡᠰᠦᠳᠦ᠋ᠷᠦᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠦ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭᠵᠢᠭᠤᠯᠬᠤ》 ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠥᠨ᠂ ᠰᠢᠨ᠎ᠡ ᠡᠨᠧᠷᠭᠢ᠎ᠶᠢᠨ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ᠎ᠦᠨ ᠰᠢᠨ᠎ᠡ ᠡᠨᠧᠷᠭᠢ᠎ᠶᠢᠨ ᠲᠦᠷᠦᠯ ᠵᠦᠢᠯ᠎ᠢ ᠲᠣᠭᠲᠠᠭᠤᠨ᠎ᠢᠶᠠᠷ ᠠᠬᠢᠭᠤᠯᠤᠨ᠂ ᠡᠨᠧᠷᠭᠢ᠎ᠶᠢᠨ ᠳᠠᠪᠠᠭᠤᠯᠢᠭ᠋᠎ᠢ ᠠᠵᠤ ᠠᠬᠤᠢ᠂ ᠠᠵᠤ ᠦᠢᠯᠡᠰ ᠪᠣᠯᠣᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠳᠠᠢᠴᠢᠯᠠᠵᠤ᠂ ᠰᠢᠶᠠᠨ᠎ᠤ ᠤᠷᠤᠨ᠎ᠤ ᠴᠢᠨᠠᠷ ᠰᠠᠢᠲᠠᠢ ᠬᠥᠭᠵᠢᠯᠲᠡ᠎ᠳᠦ ᠥᠨᠢ ᠤᠳᠠᠭᠠᠨ᠎ᠤ ᠪᠣᠬᠢᠷᠲᠤᠯ ᠦᠭᠡᠢ ᠠᠮᠢᠵᠢᠷᠠᠯ᠎ᠤᠨ ᠬᠦᠴᠦᠨ᠎ᠢ ᠨᠡᠮᠡᠷᠢᠯᠡᠵᠡᠢ᠃
ᠣᠲᠣ᠌ ᠪᠣᠯᠲᠠᠯ᠎ᠠ᠂ ᠪᠥᠬᠥ ᠰᠢᠶᠠᠨ᠎ᠳᠤ 16 ᠰᠢᠨ᠎ᠡ ᠡᠨᠧᠷᠭᠢ᠎ᠶᠢᠨ ᠠᠵᠤ ᠠᠬᠤᠢᠯᠠᠯ ᠬᠤᠷᠠᠨ ᠨᠤᠲᠤᠬᠰᠢᠵᠤ᠂ ᠲᠤᠬᠠᠢᠯᠠᠭᠰᠠᠨ ᠠᠵᠢᠯ ᠨᠢ ᠰᠠᠯᠬᠢᠨ ᠬᠦᠴᠦᠨ᠎ᠦ ᠴᠠᠬᠢᠯᠭᠠᠨ᠎ᠢ ᠨᠡᠭᠡᠭᠡᠨ ᠬᠥᠭᠵᠢᠭᠦᠯᠬᠦ᠂ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ᠂ ᠡᠨᠧᠷᠭᠢ ᠬᠠᠳᠠᠭᠠᠯᠠᠬᠤ᠎ᠶᠢ ᠢᠵᠢ ᠪᠦᠷᠢᠳᠦᠭᠦᠯᠬᠦ᠂ ᠰᠢᠨ᠎ᠡ ᠡᠨᠧᠷᠭᠢ᠎ᠶᠢᠨ ᠰᠤᠷᠪᠤᠯᠵᠢ᠎ᠶᠢ ᠡᠵᠡᠩᠨᠡᠵᠤ ᠬᠠᠮᠠᠭᠠᠯᠠᠬᠤ ᠵᠡᠷᠭᠡ ᠪᠥᠬᠥ ᠠᠵᠤ ᠦᠢᠯᠡᠰ᠎ᠦᠨ ᠬᠡᠯᠬᠢᠶᠡᠨ᠎ᠤ ᠬᠦᠷᠢᠶ᠎ᠡ ᠴᠠᠷᠠᠭ᠎ᠠ ᠵᠢ ᠬᠠᠮᠤᠷᠴᠥ᠂ ᠪᠥᠬᠥ ᠰᠢᠶᠠᠨ᠎ᠤ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ᠎ᠦᠨ ᠲᠣᠣᠷ᠎ᠲᠤ ᠨᠡᠢᠯᠡᠭᠦᠯᠦᠭᠰᠡᠨ ᠶᠡᠷᠦᠩᠬᠡᠢ ᠬᠡᠪᠴᠢᠶ᠎ᠡ 260 ᠲᠦᠮᠡᠨ ᠺᠢᠯᠣᠸᠠᠲ᠎ᠲᠤ ᠬᠦᠷᠪᠡ᠂ ᠡᠭᠦᠨ᠎ᠳᠦ ᠰᠠᠯᠬᠢᠨ ᠬᠦᠴᠦᠨ᠎ᠦ ᠴᠠᠬᠢᠯᠭᠠᠨ᠎ᠤ ᠲᠣᠣᠷ᠎ᠲᠤ ᠨᠡᠢᠯᠡᠭᠦᠯᠦᠭᠰᠡᠨ ᠬᠡᠮᠵᠢᠶ᠎ᠡ 236 ᠲᠦᠮᠡᠨ ᠺᠢᠯᠣᠸᠠᠲ᠎ᠲᠤ ᠬᠦᠷᠴᠦ᠂ ᠬᠡᠷᠡᠯᠴᠢ ᠴᠡᠨᠡᠭ᠎ᠦᠨ ᠲᠣᠣᠷ᠎ᠲᠤ ᠨᠡᠢᠯᠡᠭᠦᠯᠦᠭᠰᠡᠨ ᠬᠡᠮᠵᠢᠶ᠎ᠡ 24 ᠲᠦᠮᠡᠨ ᠺᠢᠯᠣᠸᠠᠲ᠎ᠲᠤ ᠬᠦᠷᠴᠡᠢ᠃ ᠰᠡᠬᠦᠢᠨ ᠰᠦᠨᠳᠡᠷᠯᠡᠭᠰᠡᠨ ᠰᠡᠷᠬᠢᠷᠠᠭᠤᠯ᠂ ᠬᠡᠰᠡᠭᠷᠡᠨ ᠵᠢᠭᠳᠡᠷᠡᠬᠦ ᠬᠡᠷᠡᠯᠴᠢ ᠴᠡᠨᠡᠭ᠎ᠦᠨ ᠬᠠᠪᠲᠠᠰᠤ ᠨᠢᠭᠡᠨᠲᠡ ᠤᠮᠠᠷᠠᠲᠤ ᠬᠢᠯᠢ᠎ᠶᠢᠨ ᠬᠥᠬᠡ ᠲᠡᠭᠷᠢ᠂ ᠰᠢᠮᠡᠳᠥ ᠬᠥᠷᠥᠰᠥ᠂ ᠴᠡᠪᠡᠷ ᠠᠭᠠᠷ᠎ᠢ ᠰᠠᠬᠢᠨ ᠬᠠᠮᠠᠭᠠᠯᠠᠬᠤ ᠠᠮᠢ ᠠᠬᠤᠢ᠎ᠶᠢᠨ ᠬᠠᠯᠬᠠᠪᠴᠢ ᠪᠣᠯᠵᠤ᠂ ᠰᠢᠶᠠᠨ᠎ᠤ ᠬᠡᠪᠴᠢᠶᠡᠨ᠎ᠦ ᠪᠣᠬᠢᠷᠲᠤᠯ ᠦᠭᠡᠢ ᠬᠥᠭᠵᠢᠯᠲᠡ᠎ᠶᠢᠨ ᠰᠢᠨᠵᠢ ᠲᠡᠮᠳᠡᠭᠪᠣᠯᠤᠭᠰᠠᠨ ᠪᠠᠢᠨ᠎ᠠ᠃
《ᠡᠨᠡ ᠵᠢᠯ᠎ᠡᠴᠡ ᠨᠠᠭᠠᠰᠢ᠂ ᠪᠦᠬᠦ ᠰᠢᠶᠠᠨ᠎ᠤ ᠰᠢᠨ᠎ᠡ ᠡᠨᠧᠷᠭᠢ᠎ᠶᠢᠨ ᠰᠤᠷᠪᠤᠯᠵᠢ ᠵᠢᠨ ᠴᠠᠬᠢᠯᠭᠠᠨ ᠭᠠᠷᠭᠠᠬᠰᠠᠨ ᠶᠡᠷᠦᠩᠬᠡᠢ ᠬᠡᠮᠵᠢᠶ᠎ᠡ 30.98 ᠳ᠋ᠦᠩᠰᠢᠭᠤᠷ ᠺᠢᠯᠣᠸᠠᠲ ᠴᠠᠭ᠎ᠲᠤ ᠬᠦᠷᠴᠡᠢ᠂ ᠡᠭᠦᠨ ᠳ᠋ᠤ ᠰᠠᠯᠬᠢᠨ ᠬᠦᠴᠦᠨ᠎ᠦ ᠴᠠᠬᠢᠯᠭᠠᠨ᠎ᠤ ᠬᠡᠮᠵᠢᠶ᠎ᠡ 28.71 ᠳ᠋ᠦᠩᠰᠢᠭᠤᠷ ᠺᠢᠯᠣᠸᠠᠲ ᠴᠠᠭ᠂ ᠭᠡᠷᠡᠯᠴᠢ ᠴᠡᠨᠡᠭ᠎ᠦᠨ ᠴᠠᠬᠢᠯᠭᠠᠨ᠎ᠤ ᠬᠡᠮᠵᠢᠶ᠎ᠡ 2.27 ᠳ᠋ᠦᠩᠰᠢᠭᠤᠷ ᠺᠢᠯᠣᠸᠠᠲ ᠴᠠᠭ᠎ᠲᠦ ᠬᠥᠷᠴᠡᠢ》 ᠭᠡᠵᠤ ᠺᠠᠢᠯᠤ ᠰᠢᠶᠠᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠡᠨᠧᠷᠭᠢ᠎ᠶᠢᠨ ᠠᠯᠪᠠᠨ ᠭᠡᠷ᠎ᠦᠨ ᠠᠵᠢᠯᠲᠠᠨ ᠯᠢ ᠪᠦᠦ ᡁᠢ ᠲᠠᠨᠢᠯᠴᠠᠭᠤᠯᠤᠯ᠎ᠠ᠃ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》 ᠵᠢᠨ ᠬᠤᠭᠤᠴᠠᠭᠠᠨ᠎ᠤ ᠰᠡᠭᠦᠯᠴᠢ ᠪᠣᠯᠬᠤ᠎ᠳᠤ ᠺᠠᠢᠯᠤ ᠰᠢᠶᠠᠨ ᠰᠢᠨ᠎ᠡ᠎ᠪᠡᠷ ᠨᠡᠮᠡᠭᠳᠡᠭᠰᠡᠨ ᠡᠨᠧᠷᠭᠢ᠎ᠶᠢᠨ ᠰᠤᠷᠪᠤᠯᠵᠢ᠎ᠶᠢᠨ ᠲᠣᠣᠷ᠎ᠲᠤ ᠨᠡᠢᠯᠡᠭᠦᠯᠬᠦ ᠮᠠᠰᠢᠨ ᠴᠣᠭᠴᠠᠯᠠᠪᠤᠷᠢ᠎ᠶᠢᠨ ᠬᠡᠮᠵᠢᠶ᠎ᠡ ᠵᠢ 135 ᠲᠦᠮᠡᠨ ᠺᠢᠯᠣᠸᠠᠲ᠎ᠲᠤ ᠬᠦᠷᠭᠡᠵᠤ᠂ ᠪᠥᠬᠥ ᠰᠢᠶᠠᠨ᠎ᠤ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠲᠣᠣᠷ᠎ᠲᠤ ᠨᠡᠢᠯᠡᠭᠦᠯᠬᠦ ᠬᠡᠪᠴᠢᠶ᠎ᠡ ᠵᠢ ᠨᠡᠶ᠋ᠢᠲᠡ 370 ᠲᠦᠮᠡᠨ ᠺᠢᠯᠣᠸᠠᠲ᠎ᠢ ᠳᠠᠪᠠᠭᠤᠯᠤᠨ᠂ ᠵᠢᠯ᠎ᠦᠨ ᠴᠡᠪᠡᠷ ᠡᠨᠧᠷᠭᠢ᠎ᠶᠢᠨ ᠰᠤᠷᠪᠤᠯᠵᠢ᠎ᠶᠢᠨ ᠴᠠᠬᠢᠯᠭᠠᠨ ᠭᠠᠷᠭᠠᠬᠤ ᠬᠡᠮᠵᠢᠶ᠎ᠡ ᠵᠢ 90 ᠳ᠋ᠦᠩᠰᠢᠭᠤᠷ ᠺᠢᠯᠣᠸᠠᠲ ᠴᠠᠭ᠎ᠢ ᠳᠠᠪᠠᠭᠤᠯᠬᠤ ᠬᠠᠷᠠᠯᠳᠠ ᠲᠤᠬᠳᠠᠭᠠᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠤᠯᠭᠠᠭᠤᠷᠢᠯᠠᠬᠤ ᠴᠢᠳᠠᠪᠤᠷᠢ ᠪᠠᠨ ᠤᠯᠠᠮ ᠨᠢᠭᠡ ᠠᠯᠬᠤᠮ ᠨᠡᠮᠡᠭᠳᠡᠬᠥᠯᠬᠥ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃