2026-11-05 11:50:45
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷᠦᠨ ᠲᠣᠪᠴᠢᠶ᠎ᠠ ᠡᠴᠡ ᠣᠢᠯᠠᠭᠠᠭᠰᠠᠨ ᠵᠢᠡᠷ᠂ ᠬᠠᠮᠤᠭ ᠤ᠋ᠨ ᠰᠢᠨ᠎ᠡ ᠨᠡᠢᠲᠡᠯᠡᠭᠰᠡᠨ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠣᠶ ᠰᠢᠭᠤᠢ ᠪᠠ ᠨᠤᠲᠤᠭ ᠪᠡᠯᠴᠢᠭᠡᠷ ᠢ᠋ ᠬᠠᠮᠠᠭᠠᠯᠠᠨ ᠠᠰᠢᠭ᠍ᠯᠠᠬᠤ ᠲᠥᠯᠦᠪᠵᠢᠭᠦᠯᠭᠡ》 ᠶ᠋ᠢ ᠦᠨᠳᠦᠰᠦᠯᠡᠪᠡᠯ᠂ ᠬᠣᠢᠰᠢᠳᠠ ᠵᠢᠨ 5 ᠵᠢᠯ ᠳ᠋ᠤ᠂ ᠥᠪᠥᠷ ᠮᠣᠩᠭᠣᠯ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠡᠭᠦᠷᠭᠡ ᠶ᠋ᠢ 1.57 ᠳ᠋ᠦᠩᠰᠢᠭᠤᠷ ᠮᠤ᠌ ᠡᠴᠡ ᠳᠡᠭᠡᠭᠰᠢ ᠪᠡᠶᠡᠯᠡᠭᠦᠯᠵᠦ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨᠦ ᠬᠠᠯᠬᠠᠪᠴᠢ ᠶ᠋ᠢ ᠤᠯᠠᠮ ᠨᠢᠭᠡ ᠠᠯᠬᠤᠮ ᠪᠠᠲᠤ ᠴᠣᠭᠴᠠᠯᠠᠬᠤ ᠪᠣᠯᠣᠨ᠎ᠠ᠃
ᠮᠠᠨ ᠤ᠋ ᠤᠷᠤᠨ ᠳ᠋ᠤ ᠪᠠᠳᠠᠢ ᠵᠢᠨ ᠵᠢᠷᠠᠨ᠂ ᠲᠡᠭᠷᠢ᠂ ᠤᠯᠠᠭᠠᠨᠪᠤᠬ᠎ᠠ᠂ ᠬᠥᠪᠴᠢ ᠳᠥᠷᠪᠡᠨ ᠶᠡᠬᠡ ᠡᠯᠡᠰᠦ ᠪᠠ ᠮᠤᠤᠠᠤᠰᠤ᠂ ᠬᠤᠯᠠᠨ ᠰᠢᠷᠭ᠎ᠠ ᠳᠠᠭ᠎ᠠ᠂ ᠬᠣᠷᠴᠢᠨ᠂ ᠬᠥᠯᠥᠨ ᠪᠣᠶ᠋ᠢᠷ ᠵᠡᠷᠭᠡ ᠳᠥᠷᠪᠡᠨ ᠶᠡᠬᠡ ᠡᠯᠡᠰᠦᠷᠬᠡᠭ ᠭᠠᠵᠠᠷ ᠲᠠᠢ ᠪᠠᠢᠵᠤ᠂ ᠠᠮᠢ ᠠᠬᠤᠢ ᠶ᠋ᠢ ᠵᠠᠰᠠᠬᠤ ᠡᠭᠦᠷᠭᠡ ᠬᠠᠲᠠᠭᠤ ᠪᠡᠷᠬᠡ ᠪᠠᠢᠳᠠᠭ᠃ ᠬᠣᠢᠰᠢᠳᠠ ᠵᠢᠨ 5 ᠵᠢᠯ ᠳ᠋ᠤ᠂ ᠮᠠᠨ ᠤ᠋ ᠤᠷᠤᠨ ᠡᠯᠡᠰᠦᠷᠬᠡᠭᠵᠢᠯ ᠢ᠋ᠰᠡᠷᠭᠡᠢᠯᠡᠨ ᠡᠯᠡᠰᠦ ᠶ᠋ᠢ ᠵᠠᠰᠠᠬᠤᠪᠠᠷ ᠭᠣᠣᠯ ᠰᠢᠪᠲᠤᠯᠤᠯᠲᠠ ᠵᠢᠨ ᠴᠢᠭᠯᠡᠯ ᠪᠣᠯᠭᠠᠵᠤ᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩᠦᠨ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠪᠥᠬᠥ ᠲᠠᠯᠠᠪᠠᠷ ᠰᠠᠢᠲᠤᠷ ᠬᠢᠵᠦ᠂ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ ᠶ᠋ᠢ ᠵᠢᠷᠤᠮᠵᠢᠭᠤᠯᠤᠨ ᠬᠥᠭᠵᠢᠭᠦᠯᠵᠦ᠂ ᠨᠤᠲᠤᠭ ᠪᠡᠯᠴᠢᠭᠡᠷ ᠢ᠋ ᠵᠠᠰᠠᠨ ᠰᠡᠷᠭᠦᠭᠡᠵᠤ ᠡᠯᠡᠰᠦ ᠶ᠋ᠢ ᠵᠠᠰᠠᠬᠤ᠂ ᠵᠠᠮ ᠵᠢᠡᠷ ᠡᠯᠡᠰᠦ ᠶ᠋ᠢ ᠵᠠᠰᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠢᠡᠷ ᠡᠯᠡᠰᠦ ᠶ᠋ᠢ ᠵᠠᠰᠠᠬᠤ ᠶ᠋ᠢ ᠥᠷᠭᠡᠳᠬᠡᠨ ᠬᠡᠷᠡᠭᠵᠢᠭᠦᠯᠵᠦ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠶ᠋ᠢ ᠴᠢᠩᠭᠠᠳᠬᠠᠬᠤ ᠪᠡᠷ ᠪᠤᠢ᠃ ᠡᠭᠦᠨ ᠳ᠋ᠤ᠂ ᠬᠠᠲᠤᠨ ᠭᠣᠣᠯ ᠤ᠋ᠨ ᠶᠡᠬᠡ ᠲᠤᠬᠤᠢ ᠵᠢᠨ ᠪᠣᠭᠣᠮᠲᠠ ᠰᠢᠪᠲᠤᠯᠬᠤ ᠣᠷᠣᠨᠳᠤ ᠬᠠᠲᠤᠨ ᠭᠣᠣᠯ ᠤ᠋ᠨ ᠡᠷᠭᠢ ᠳᠠᠭᠠᠤ ᠡᠯᠡᠰᠦ ᠶ᠋ᠢ ᠵᠠᠰᠠᠬᠤᠠᠵᠢᠯ ᠢ᠋ ᠠᠬᠢᠭᠤᠯᠵᠤ᠂ ᠬᠣᠷᠴᠢᠨ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠣᠷᠣᠨᠳᠤ ᠨᠡᠭᠦᠳᠡᠯ ᠡᠯᠡᠰᠦᠷᠬᠡᠭ ᠭᠠᠵᠠᠷ ᠤ᠋ᠨ ᠢᠨᠵᠧᠨᠧᠷᠢᠩᠦᠨ ᠠᠷᠭ᠎ᠠ ᠬᠡᠮᠵᠢᠶ᠎ᠡ ᠶ᠋ᠢ ᠪᠦᠬᠦᠨ ᠢ᠋ ᠪᠦᠷᠬᠦᠭᠦᠯᠬᠦ ᠶ᠋ᠢ ᠪᠡᠶᠡᠯᠡᠭᠦᠯᠤᠨ᠂ ᠾᠸ ᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯᠦᠨ ᠬᠥᠪᠡᠭᠡ ᠵᠠᠬ᠎ᠠ ᠵᠢᠨ ᠬᠤᠷᠢᠭᠯᠠᠯᠲᠠ ᠵᠢᠨ ᠣᠷᠣᠨᠳᠤ ᠬᠠᠷ᠎ᠠ ᠭᠣᠣᠯ ᠤ᠋ᠨ ᠳᠣᠣᠷᠠᠳᠤ ᠤᠷᠤᠰᠬᠠᠯ᠂ ᠡᠵᠡᠨ᠎ᠡ ᠵᠢᠨ ᠨᠣᠭᠣᠭᠠᠨ ᠪᠦᠷᠢᠳᠦ ᠵᠢᠨ ᠬᠥᠪᠡᠭᠡ ᠵᠠᠬ᠎ᠠ ᠵᠢᠨ ᠠᠮᠢ ᠠᠬᠤᠢ ᠵᠢᠨ ᠬᠣᠩᠭᠢᠯ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠤᠨ᠎ᠠ᠃
ᠥᠪᠥᠷ ᠮᠣᠩᠭᠣᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠶᠠᠰᠤ ᠴᠢᠨᠠᠷ ᠤ᠋ᠨ ᠬᠠᠮᠢᠶᠠᠷᠤᠯᠲᠠ ᠶ᠋ᠢ ᠴᠢᠩᠭᠠᠳᠬᠠᠵᠤ᠂ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢᠨ ᠣᠷᠳᠣ᠌ ᠬᠤᠭᠤᠴᠠᠭᠠᠨ ᠤ᠋ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠵᠢᠨ ᠲᠣᠭᠲᠠᠴᠠ ᠶ᠋ᠢ ᠪᠠᠢᠭᠤᠯᠤᠨ ᠪᠦᠷᠢᠨᠰᠢᠭᠦᠯᠵᠦ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠪᠦᠲᠦᠭᠡᠨ ᠪᠠᠢᠭᠤᠯᠤᠯᠲᠠ ᠬᠠᠮᠢᠶᠠᠷᠤᠯᠲᠠ ᠶ᠋ᠢ ᠨᠢᠭᠡ ᠴᠣᠭᠴᠠᠵᠢᠭᠤᠯᠬᠤ ᠰᠢᠨ᠎ᠡ ᠠᠷᠭ᠎ᠠ ᠵᠠᠮ ᠢ᠋ ᠬᠠᠢᠨ ᠰᠦᠪᠡᠭᠴᠢᠯᠡᠵᠦ᠂ ᠨᠠᠩ ᠣᠯᠠᠨ ᠮᠠᠯᠴᠢᠨ ᠲᠠᠷᠢᠶᠠᠴᠢᠨ ᠢ᠋ ᠳᠠᠶ᠋ᠢᠴᠢᠯᠠᠨ ᠠᠮᠢ ᠠᠬᠤᠢ ᠵᠢᠨ ᠪᠦᠲᠦᠭᠡᠨ ᠪᠠᠢᠭᠤᠯᠤᠯᠲᠠ ᠪᠠ ᠰᠡᠭᠦᠯᠴᠢ ᠵᠢᠨ ᠬᠤᠭᠤᠴᠠᠭᠠᠨ ᠤ᠋ ᠬᠠᠮᠢᠶᠠᠷᠤᠯᠲᠠ ᠬᠠᠮᠠᠭᠠᠯᠠᠯᠲᠠᠳᠤ ᠣᠷᠣᠯᠴᠠᠭᠤᠯᠬᠤ ᠪᠡᠷ ᠪᠤᠢ᠃ 2030 ᠣᠨ ᠪᠣᠯᠲᠠᠯ᠎ᠠ ᠮᠠᠨ ᠤ᠋ ᠤᠷᠤᠨ᠂ ᠬᠠᠲᠤᠨ ᠭᠣᠣᠯ ᠤ᠋ᠨ ᠶᠡᠬᠡ ᠲᠤᠬᠤᠢ ᠵᠢᠨ ᠪᠣᠭᠣᠮᠲᠠ ᠰᠢᠪᠲᠤᠯᠬᠤ ᠣᠷᠣᠨ ᠤ᠋ ᠠᠮᠢ ᠠᠬᠤᠢ ᠶ᠋ᠢ ᠰᠢᠰᠲᠧᠮᠲᠠᠢ ᠵᠠᠰᠠᠵᠤ᠂ ᠬᠣᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠥᠨᠥᠭᠡᠯᠲᠡ ᠵᠢᠨ ᠤᠷᠤᠨ ᠳ᠋ᠡᠬᠢ ᠡᠯᠡᠰᠦᠷᠬᠡᠭ ᠭᠠᠵᠠᠷ ᠢ᠋ ᠦᠨᠳᠦᠰᠦᠨᠡᠴᠡ ᠨᠢ ᠵᠠᠰᠠᠵᠤ᠂ ᠾᠸ ᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯᠦᠨ ᠬᠥᠪᠡᠭᠡ ᠵᠠᠬ᠎ᠠ ᠵᠢᠨ ᠬᠣᠷᠢᠭ᠍ᠯᠠᠯᠲᠠ ᠵᠢᠨ ᠳᠠᠢᠯᠠᠯᠳᠤᠭᠠᠨ ᠤ᠋ ᠣᠷᠣᠨᠳ᠋ᠡᠬᠢ ᠡᠯᠡᠰᠦ ᠮᠠᠩᠬ᠎ᠠ ᠡᠮᠦᠨᠡᠰᠢ ᠨᠡᠭᠦᠵᠤ ᠵᠡᠭᠦᠨᠰᠢ ᠥᠷᠭᠡᠳᠬᠦ ᠬᠠᠨᠳᠤᠰᠢ ᠶ᠋ᠢ ᠪᠦᠲᠦᠮᠵᠢᠲᠡᠶ ᠬᠣᠷᠢᠭ᠍ᠯᠠᠬᠤ ᠪᠡᠷ ᠲᠦᠯᠦᠪᠯᠡᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃