2026-11-05 11:35:19
ᠣᠢᠷᠠᠳᠤ᠂ ᠲᠦᠮᠡᠳ ᠵᠡᠭᠦᠨ ᠬᠣᠰᠢᠭᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠬᠠᠮᠢᠶᠠᠷᠤᠨ ᠡᠵᠡᠮᠳᠡᠬᠦ᠂ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠬᠦ ᠪᠠ ᠡᠷᠲᠡᠨ ᠤ᠋ ᠮᠣᠳᠣ᠌ ᠨᠡᠷᠡᠳᠦ ᠮᠣᠳᠣ᠌ ᠶ᠋ᠢ ᠬᠠᠮᠠᠭᠠᠯᠠᠬᠤ ᠵᠡᠷᠭᠡ ᠭᠣᠣᠯᠳᠠᠯᠭᠠᠲᠠᠢ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠲᠤᠷᠠᠭᠰᠠᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠥᠷᠨᠢᠭᠦᠯᠪᠡ᠃
ᠠᠵᠢᠯᠯᠠᠭ᠎ᠠ ᠨᠢ ᠪᠥᠬᠥ ᠬᠣᠰᠢᠭᠤᠨ ᠤ᠋ ᠬᠡᠪᠴᠢᠶᠡᠨᠳᠡᠬᠢ ᠪᠡᠯᠴᠢᠭᠡᠷᠯᠡᠭᠦᠯᠬᠦ ᠶ᠋ᠢ ᠴᠠᠭᠠᠵᠠᠯᠠᠬᠤ ᠲᠥᠷᠥ ᠵᠢᠨ ᠪᠣᠳᠣᠯᠭ᠎ᠠ ᠵᠢᠨ ᠱᠠᠭᠠᠷᠳᠠᠯᠭ᠎ᠠ ᠪᠣᠯᠣᠨ ᠨᠠᠮᠤᠷ ᠡᠪᠦᠯ ᠤ᠋ᠨ ᠤᠯᠠᠷᠢᠯ ᠤ᠋ᠨ ᠲᠦᠢᠮᠡᠷᠢ ᠰᠡᠷᠭᠡᠢᠯᠡᠬᠦ ᠬᠦᠨᠳᠦ ᠬᠡᠴᠡᠭᠦᠦ ᠪᠠᠢᠳᠠᠯ ᠤ᠋ᠨ ᠲᠣᠭᠣᠷᠢᠨᠳᠤ᠂ ᠡᠷᠲᠡᠨ ᠤ᠋ ᠮᠣᠳᠣ᠌ ᠨᠠᠷᠠᠲᠤ ᠮᠣᠳᠣ᠌ ᠶ᠋ᠢ ᠬᠠᠮᠠᠭᠠᠯᠠᠬᠤ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠠᠭᠤᠯᠭ᠎ᠠ ᠶ᠋ᠢ ᠠᠭᠤᠰᠤᠯᠴᠠᠭᠤᠯᠵᠤ᠂ ᠣᠯᠠᠨ ᠵᠦᠢᠯ ᠤ᠋ᠨ ᠠᠷᠭ᠎ᠠ ᠬᠡᠮᠵᠢᠶ᠎ᠡ ᠶ᠋ᠢ ᠵᠡᠷᠭᠡᠪᠡᠷ ᠬᠡᠷᠡᠭᠯᠡᠵᠤ ᠤᠬᠠᠭᠤᠯᠭ᠎ᠠ ᠬᠢᠬᠦ ᠪᠡᠷ ᠳᠠᠮᠵᠢᠨ᠂ ᠣᠯᠠᠨ ᠲᠦᠮᠡᠨ ᠤ᠋ ᠠᠮᠢ ᠠᠬᠤᠢ ᠶ᠋ᠢ ᠬᠠᠮᠠᠭᠠᠯᠠᠬᠤ ᠦᠵᠡᠯ ᠤᠬᠠᠮᠰᠠᠷ ᠪᠣᠯᠣᠨ ᠬᠠᠤᠯᠢ ᠪᠡᠷ ᠵᠠᠰᠠᠬᠤ ᠦᠵᠡᠯᠲᠡ ᠶ᠋ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠥ ᠨᠡᠢᠭᠡᠮ ᠵᠢᠡᠷ ᠵᠢᠡᠨ ᠬᠠᠮᠲᠤ ᠪᠡᠷ ᠣᠷᠣᠯᠴᠠᠬᠤ᠂ ᠣᠯᠠᠨ ᠵᠢᠡᠷ ᠵᠢᠡᠨ ᠰᠡᠷᠭᠡᠢᠯᠡᠨ ᠵᠠᠰᠠᠬᠤ ᠣᠶ ᠰᠢᠭᠤᠢ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ᠋ ᠢ᠋ ᠬᠠᠮᠠᠭᠠᠯᠠᠬᠤ ᠠᠭᠤᠷ ᠠᠮᠢᠰᠬᠤᠯ ᠢ᠋ ᠪᠣᠶ ᠪᠣᠯᠭᠠᠬᠤ ᠶ᠋ᠢ ᠵᠤᠷᠢᠪᠠ᠃
ᠠᠵᠢᠯᠯᠠᠭᠠᠳᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠭᠠᠷ ᠠᠪᠤᠯᠭ᠎ᠠ ᠲᠠᠷᠬᠠᠭᠠᠬᠤ ᠵᠡᠷᠭᠡ ᠠᠷᠭ᠎ᠠ ᠬᠡᠯᠪᠡᠷᠢᠪᠡᠷ ᠤᠯᠠᠨ ᠲᠦᠮᠡᠨᠳᠦ ᠬᠠᠨᠳᠤᠭᠤᠯᠤᠨ ᠲᠥᠪᠯᠡᠷᠡᠩᠭᠦᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠲᠤᠬᠢᠷᠠᠭᠤᠯᠬᠤ ᠵᠢᠨ ᠬᠠᠮᠲᠤ᠂ ᠡᠯ᠎ᠡ ᠲᠦᠷᠦᠯ ᠤ᠋ᠨ ᠤᠬᠠᠭᠤᠯᠭ᠎ᠠ ᠵᠢᠨ ᠮᠠᠲᠧᠷᠢᠶᠠᠯ ᠢ᠋ ᠨᠡᠢ᠍ᠢᠳᠡ 300 ᠭᠠᠷᠤᠢ ᠬᠤᠪᠢ ᠲᠠᠷᠬᠠᠭᠠᠪᠠ᠃ ᠡᠭᠦᠨ ᠡᠴᠡ ᠭᠠᠳᠠᠨ᠎ᠠ ᠠᠵᠢᠯᠲᠠᠳ 《ᠬᠥᠬᠡᠬᠣᠲᠠ ᠵᠢᠨ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠳᠦᠷᠢᠮ》 ᠵᠢᠴᠢ ᠢᠵᠢ ᠪᠦᠷᠢᠳᠦᠭᠰᠡᠨ ᠲᠥᠷᠥ ᠵᠢᠨ ᠪᠣᠳᠣᠯᠭ᠎ᠠ ᠵᠢᠨ ᠲᠤᠬᠠᠢ ᠭᠣᠣᠯᠳᠠᠯᠭᠠᠲᠠᠢ ᠲᠠᠢᠯᠤᠮᠵᠢ ᠬᠢᠬᠦ ᠵᠢᠨ ᠳᠠᠭᠠᠤ 《ᠡᠷᠲᠡᠨ ᠤ᠋ ᠮᠣᠳᠣ᠌ ᠨᠠᠷᠠᠲᠤ ᠮᠣᠳᠣ᠌ ᠶ᠋ᠢ ᠬᠠᠮᠠᠭᠠᠯᠠᠬᠤ ᠳᠦᠷᠢᠮ》᠂ ᠡᠷᠲᠡᠨ ᠤ᠋ ᠮᠣᠳᠣ᠌ ᠨᠠᠷᠠᠲᠤ ᠮᠣᠳᠣ᠌ ᠶ᠋ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠱᠠᠲᠤ ᠬᠤᠪᠢᠶᠠᠨ ᠬᠠᠮᠠᠭᠠᠯᠠᠬᠤ ᠳᠦᠷᠢᠮ ᠵᠢᠴᠢ ᠡᠪᠳᠡᠨ ᠰᠦᠢᠳᠭᠡᠬᠦ ᠶ᠋ᠢ ᠬᠤᠷᠢᠭᠯᠠᠬᠤ ᠲᠤᠬᠠᠢ ᠠᠭᠤᠯᠭ᠎ᠠ ᠪᠠ ᠰᠢᠭᠤᠢᠲᠤ ᠣᠷᠣᠨᠳ᠋ᠤ ᠭᠠᠯ ᠰᠡᠷᠭᠡᠢᠯᠡᠬᠦ 《ᠶᠢᠰᠦ ᠶ᠋ᠢ ᠥᠯᠥ ᠵᠥᠪᠰᠢᠶᠡᠷᠡᠬᠦ》 ᠲᠣᠭᠲᠠᠭᠠᠯ ᠵᠡᠷᠭᠡ ᠵᠢᠨ ᠲᠤᠭᠤᠷᠢᠨ ᠳ᠋ᠤ ᠨᠠᠷᠢᠨ ᠤᠬᠠᠭᠤᠯᠤᠨ ᠲᠠᠢᠯᠪᠤᠷᠢᠯᠠᠪᠠ᠃ ᠲᠤᠰ ᠤᠳᠠᠭᠠᠨ ᠤ᠋ ᠠᠵᠢᠯᠯᠠᠭ᠎ᠠ ᠪᠡᠷ ᠳᠠᠮᠵᠢᠨ᠂ ᠣᠯᠠᠨ ᠲᠦᠮᠡᠨ ᠤ᠋ ᠣᠶ ᠰᠢᠭᠤᠢ ᠪᠠ ᠨᠤᠲᠤᠭ ᠪᠡᠯᠴᠢᠭᠡᠷ ᠢ᠋ ᠬᠠᠮᠠᠭᠠᠯᠠᠬᠤ ᠦᠵᠡᠯ ᠤᠬᠠᠮᠰᠠᠷ ᠢ᠋ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠢ᠋ ᠬᠥᠲᠥᠯᠥᠨ ᠵᠢᠯᠤᠭᠣᠳᠴᠤ ᠪᠠᠢᠭᠠᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ᠋ ᠤᠬᠠᠮᠰᠠᠷᠡᠴᠡᠪᠠᠨ ᠵᠢᠷᠤᠮᠯᠠᠨ᠂ ᠤᠮᠠᠷᠠᠲᠤ ᠬᠢᠯᠢ ᠵᠢᠨ ᠠᠮᠢ ᠠᠬᠤᠢ ᠵᠢᠨ ᠠᠮᠤᠷ ᠲᠦᠪᠰᠢᠨ ᠢ᠋ ᠬᠠᠮᠲᠤ ᠪᠡᠷ ᠰᠠᠬᠢᠨ ᠬᠠᠮᠠᠭᠠᠯᠠᠬᠤ ᠳ᠋ᠤ ᠬᠦᠴᠦᠨ ᠨᠠᠮᠡᠷᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃