2026-11-09 10:31:20
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠣᠢᠯᠠᠭᠠᠭᠰᠠᠨ ᠵᠢᠡᠷ᠂ ᠡᠨᠡ ᠵᠢᠯ ᠤ᠋ᠨ ᠲᠦᠷᠦᠭᠦᠦ ᠭᠤᠷᠪᠠᠨ ᠤᠯᠠᠷᠢᠯ ᠳ᠋ᠤ᠂ ᠥᠪᠥᠷ ᠮᠣᠩᠭᠣᠯ 1684.74 ᠲᠦᠮᠡᠨ ᠮᠦ᠍ ᠡᠯᠡᠰᠦ ᠶ᠋ᠢ ᠰᠡᠷᠭᠡᠢᠯᠡᠨ ᠵᠠᠰᠠᠬᠤ ᠡᠭᠦᠷᠭᠡ ᠶ᠋ᠢ ᠪᠡᠶᠡᠯᠡᠭᠦᠯᠵᠦ᠂ 2026 ᠤᠨ ᠤ᠋ ᠪᠥᠬᠥ ᠵᠢᠯ ᠤ᠋ᠨ 1500.5 ᠲᠦᠮᠡᠨ ᠮᠦ᠍ ᠶᠢᠨ ᠡᠭᠦᠷᠭᠡ ᠪᠡᠨ ᠳᠠᠪᠠᠭᠤᠯᠤᠨ ᠪᠡᠶᠡᠯᠡᠭᠦᠯᠪᠡ᠃
ᠮᠠᠨ ᠤ᠋ ᠤᠷᠤᠨ ᠪᠣᠯ ᠪᠦᠬᠦ ᠤᠯᠤᠰ ᠤ᠋ᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠬᠠᠮᠤᠭ ᠤ᠋ᠨ ᠲᠥᠪᠯᠡᠷᠡᠭᠰᠡᠨ᠂ ᠬᠣᠣᠷ ᠬᠥᠨᠥᠭᠡᠯ ᠵᠢᠡᠷ ᠬᠠᠮᠤᠭ ᠤ᠋ᠨ ᠬᠦᠨᠳᠦ ᠨᠣᠴᠢᠲᠠᠢ ᠮᠤᠵᠢ ᠣᠷᠣᠨ ᠤ᠋ ᠨᠢᠭᠡ ᠪᠤᠯᠤᠨ᠎ᠠ᠃ ᠦᠪᠦᠷ ᠮᠤᠩᠭᠤᠯ ᠳ᠋ᠤ᠂ ᠪᠠᠳᠠᠢ ᠶ᠋ᠢᠨ ᠵᠢᠷᠠᠨ᠂ ᠲᠡᠭᠷᠢ ᠡᠯᠡᠰᠦ᠂ ᠤᠯᠠᠭᠠᠨᠪᠤᠬ᠎ᠠ ᠵᠢᠨ ᠡᠯᠡᠰᠦ᠂ ᠬᠥᠪᠴᠢ ᠵᠢᠨ ᠡᠯᠡᠰᠦ ᠵᠡᠷᠭᠡ ᠲᠦᠷᠪᠡᠨ ᠶᠡᠬᠡ ᠡᠯᠡᠰᠦ ᠪᠠ ᠮᠤᠤᠠᠤᠰᠤ᠂ ᠬᠤᠯᠠᠨ ᠰᠢᠷᠭ᠎ᠠ ᠲᠠᠭ᠎ᠠ᠂ ᠬᠣᠷᠴᠢᠨ᠂ ᠬᠥᠯᠥᠨ ᠪᠤᠢ᠍ᠢᠷ ᠵᠡᠷᠭᠡ ᠲᠦᠷᠪᠡᠨ ᠶᠡᠬᠡ ᠡᠯᠡᠰᠦᠷᠬᠡᠭ ᠭᠠᠵᠠᠷ ᠲᠠᠷᠬᠠᠵᠤ᠂ ᠠᠮᠢ ᠠᠬᠤᠢ ᠶ᠋ᠢᠨ ᠵᠠᠰᠠᠯᠲᠠ ᠶ᠋ᠢᠨ ᠡᠭᠦᠷᠭᠡ ᠪᠡᠷᠬᠡ ᠬᠠᠲᠠᠭᠤᠵᠢᠯᠲᠠᠢ ᠪᠠᠢᠳᠠᠭ᠃ ᠡᠨᠡ ᠵᠢᠯ ᠮᠠᠨ ᠤ᠋ ᠤᠷᠤᠨ《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠦᠷᠭᠦᠯᠵᠢᠯᠡᠨ ᠰᠠᠢᠲᠤᠷ ᠬᠢᠵᠦ᠂ ᠡᠬᠢ ᠪᠠᠶᠠᠯᠢᠭ᠋ ᠤ᠋ᠨ ᠬᠦᠴᠦᠨ ᠵᠢᠡᠨ ᠲᠥᠪᠯᠡᠷᠡᠭᠦᠯᠦᠨ ᠨᠢᠭᠡ ᠪᠦᠯᠦᠭ ᠭᠣᠣᠯᠳᠠᠯᠭᠠᠲᠠᠢ ᠢᠨᠵᠧᠨᠧᠷᠢᠩ ᠢ᠋ ᠬᠡᠷᠡᠭᠵᠢᠭᠦᠯᠬᠦ ᠪᠡᠷ ᠪᠤᠢ᠃ ᠡᠭᠦᠨᠳᠦ᠂ ᠬᠠᠲᠤᠨ ᠭᠣᠣᠯ ᠤ᠋ᠨ ᠶᠡᠬᠡ ᠲᠤᠬᠤᠢ ᠵᠢᠨ ᠪᠣᠭᠣᠮᠲᠠ ᠰᠢᠪᠲᠤᠯᠤᠯᠲᠠ ᠵᠢᠨ ᠳᠠᠢᠯᠠᠯᠳᠤᠭᠠᠨ ᠤ᠋ ᠣᠷᠣᠨ ᠪᠦᠰᠡᠳᠦ ᠠᠯᠠᠱᠠ ᠠᠭᠤᠯᠠ ᠡᠴᠡ ᠮᠤᠨᠢ ᠠᠭᠤᠯᠠ ᠬᠦᠷᠲᠡᠯᠡᠬᠢ ᠬᠠᠲᠤᠨ ᠭᠣᠣᠯ ᠤ᠋ᠨ ᠬᠣᠶᠠᠷ ᠡᠷᠭᠢ ᠳᠠᠭᠠᠤ 180 ᠺᠢᠯᠣᠮᠧᠲᠷ ᠤ᠋ᠨ ᠨᠡᠭᠦᠳᠡᠯ ᠡᠯᠡᠰᠦ ᠶ᠋ᠢ ᠰᠢᠰᠲᠧᠮᠲᠠᠢ ᠵᠠᠰᠠᠬᠤ ᠵᠡᠷᠭᠡ ᠢᠨᠵᠧᠨᠧᠷᠢᠩ ᠢ᠋ ᠭᠣᠣᠯᠳᠠᠯᠭᠠᠲᠠᠢ ᠬᠡᠷᠡᠭᠵᠢᠭᠦᠯᠵᠦ᠂ ᠬᠣᠷᠴᠢᠨ᠂ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠵᠢᠨ ᠳᠠᠢᠯᠠᠯᠳᠤᠭᠠᠨ ᠤ᠋ ᠣᠷᠣᠨ ᠪᠦᠰᠡᠳᠦ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠶ᠋ᠢᠨ ᠵᠠᠰᠠᠯᠲᠠ ᠵᠡᠷᠭᠡ ᠢᠨᠵᠧᠨᠧᠷᠢᠩ ᠢ᠋ ᠭᠣᠣᠯᠳᠠᠯᠭᠠᠲᠠᠢ ᠬᠡᠷᠡᠭᠵᠢᠭᠦᠯᠤᠨ᠂ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠵᠠᠬ᠎ᠠ ᠶ᠋ᠢᠨ ᠬᠤᠷᠢᠭᠯᠠᠯᠲᠠ ᠵᠢᠨ ᠳᠠᠢᠯᠠᠯᠳᠤᠭᠠᠨ ᠤ᠋ ᠣᠷᠣᠨ ᠪᠦᠰᠡᠳᠦ ᠪᠠᠳᠠᠢ ᠶ᠋ᠢᠨ ᠵᠢᠷᠠᠨ᠂ ᠲᠡᠭᠷᠢ ᠡᠯᠡᠰᠦ ᠶ᠋ᠢᠨ ᠬᠥᠪᠡᠭᠡ ᠵᠠᠬ᠎ᠠ ᠶ᠋ᠢ ᠴᠢᠳᠦᠷᠯᠡᠬᠦ ᠵᠡᠷᠭᠡ ᠢᠨᠵᠧᠨᠧᠷᠢᠩ ᠢ᠋ ᠭᠣᠣᠯᠳᠠᠯᠭᠠᠲᠠᠢ ᠬᠡᠷᠡᠭᠵᠢᠭᠦᠯᠵᠦ ᠪᠤᠢ᠃ ᠪᠠᠰᠠ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠭᠤ ᠭᠠᠵᠠᠷ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮᠲᠠᠢ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠬᠦ ᠶ᠋ᠢ ᠪᠠᠷᠢᠮᠲᠠᠯᠠᠨ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠣᠯᠠᠨ ᠡᠰᠢᠵᠢᠭᠰᠡᠨ ᠣᠷᠣᠭᠤᠯᠤᠯᠲᠠ ᠶ᠋ᠢᠨ ᠲᠣᠭᠲᠠᠴᠠ ᠶ᠋ᠢ ᠬᠠᠢᠨ ᠰᠦᠪᠡᠭᠴᠢᠯᠡᠵᠦ᠂ ᠨᠡᠶ᠋ᠢᠲᠡ ᠶ᠋ᠢᠨ ᠠᠰᠠᠷᠠᠮᠵᠢ ᠶ᠋ᠢᠨ ᠵᠣᠬᠢᠶᠠᠨ ᠪᠠᠢᠭᠤᠯᠤᠯᠲᠠ ᠯᠤᠭ᠎ᠠ ᠬᠠᠮᠲᠤᠷᠠᠯᠴᠠᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠶ᠋ᠢ ᠦᠷᠭᠦᠯᠵᠢᠯᠡᠨ ᠴᠢᠩᠭᠠᠳᠬᠠᠨ᠂ ᠨᠡᠢᠭᠡᠮ ᠤ᠋ᠨ ᠡᠯ᠎ᠡ ᠡᠲᠡᠭᠡᠳ ᠤ᠋ᠨ ᠬᠦᠴᠦᠨ ᠢ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠠᠵᠢᠯ ᠳᠤᠮᠳᠠ ᠦᠨᠡᠨ ᠬᠦ᠌ ᠲᠦᠪᠯᠡᠷᠡᠭᠦᠯᠪᠡ᠃
ᠥᠪᠥᠷ ᠮᠣᠩᠭᠣᠯ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤᠪᠠᠷ ᠭᠣᠣᠯ ᠰᠢᠪᠲᠤᠯᠬᠤ ᠴᠢᠭᠯᠡᠯ ᠪᠣᠯᠭᠠᠵᠤ᠂ ᠢᠨᠵᠧᠨᠧᠷᠢᠩ ᠢ᠋ ᠠᠭᠤᠰᠤᠯᠴᠠᠭᠤᠯᠬᠤ᠂ ᠨᠡᠢᠭᠡᠮ ᠢ᠋ ᠣᠷᠣᠯᠴᠠᠭᠤᠯᠬᠤ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ᠂ ᠠᠵᠤ ᠦᠢᠯᠡᠰ ᠵᠢᠡᠷ ᠳᠠᠢᠴᠢᠯᠠᠬᠤ ᠵᠡᠷᠭᠡ ᠲᠠᠯᠠᠪᠠᠷ ᠲᠣᠭᠲᠠᠴᠠ ᠶ᠋ᠢᠨ ᠰᠢᠨ᠎ᠡ ᠶ᠋ᠢ ᠡᠭᠦᠳᠦᠨ᠂ ᠡᠯ᠎ᠡ ᠲᠥᠷᠥᠯ ᠤ᠋ᠨ ᠡᠯᠧᠮᠧᠨ᠋ᠲ ᠤ᠋ᠨ ᠪᠠᠲᠤᠯᠠᠭ᠎ᠠ ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨᠦ ᠬᠠᠯᠬᠠᠪᠴᠢ ᠶ᠋ᠢ ᠤᠯᠠᠮ ᠴᠢᠨᠠᠭᠰᠢᠳᠠ ᠪᠠᠲᠤ ᠴᠣᠭᠴᠠᠯᠠᠬᠤ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃