ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-11-10 09:05:06

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠵᠠᠯᠠᠨ ᠠᠢᠯ ᠬᠣᠲᠠ ᠵᠢᠨ ᠡᠯ ᠳ᠋ᠣᠣ ᠾᠧ ᠭᠣᠣᠯ ᠤ᠋ᠨ ᠮᠦᠩᠭᠦ ᠲᠤᠭᠤᠯᠭ᠎ᠠ ᠴᠠᠢᠷ ᠤ᠋ᠨ ᠠᠭᠤᠷᠬᠠᠢ᠂ ᠭᠡᠭᠡᠨ ᠭᠣᠣᠯ ᠬᠣᠲᠠ ᠵᠢᠨ ᠯᠢᠦᠢ ᠶᠢᠨ ᠱᠠᠨ ᠠᠭᠤᠷᠬᠠᠢ ᠵᠢᠨ ᠬᠡᠰᠡᠭ ᠤ᠋ᠨ ᠬᠠᠷ᠎ᠠ ᠲᠤᠭᠤᠯᠭ᠎ᠠ ᠴᠠᠢᠷ ᠤ᠋ᠨ ᠠᠭᠤᠷᠬᠠᠢ ᠂ ᠵᠠᠯᠠᠢᠨᠠᠭᠤᠷ ᠲᠣᠭᠣᠷᠢᠭ ᠤ᠋ᠨ ᠯᠢᠩ ᠴᠢᠤᠸᠠᠨ ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ᠋ ᠳᠡᠰ ᠤ᠋ᠨ ᠪᠣᠬᠢᠷᠲᠤᠯ ᠦᠭᠡᠢ ᠠᠭᠤᠷᠬᠠᠢ ᠪᠡᠷ ᠰᠣᠩᠭᠣᠭᠳᠠᠪᠠ᠃ ᠡᠢᠨ ᠬᠦ᠌᠂ ᠤᠳᠤᠬᠠᠨ ᠪᠤᠯᠳᠠᠯ᠎ᠠ ᠬᠥᠯᠥᠨ ᠪᠤᠢᠷ ᠬᠣᠲᠠ ᠨᠢ ᠥᠪᠡᠷᠲᠡᠭᠡᠨ ᠵᠠᠰᠠᠬᠤ ᠣᠷᠣᠨ ᠤ᠋ ᠳᠡᠰ ᠡᠴᠡ ᠳᠡᠭᠡᠭᠰᠢᠬᠢ ᠪᠣᠬᠢᠷᠲᠤᠯ ᠦᠭᠡᠢ ᠠᠭᠤᠷᠬᠠᠢ ᠵᠢ ᠨᠡᠢᠲᠡ 30 ᠪᠦᠳᠦᠭᠡᠨ ᠪᠠᠢᠭᠤᠯᠵᠤ᠂ ᠡᠭᠦᠨ ᠳ᠋ᠤ᠌ ᠲᠣᠮᠣ ᠬᠡᠯᠪᠡᠷᠢ ᠵᠢᠨ ᠠᠭᠤᠷᠬᠠᠢ ᠪᠠᠭᠲᠠᠬᠤ ᠮᠥᠷᠲᠡᠭᠡᠨ ᠪᠠᠰᠠ ᠳᠤᠮᠳᠠ ᠬᠡᠯᠪᠡᠷᠢ ᠵᠢᠨ ᠠᠭᠤᠷᠬᠠᠢ ᠪᠠᠭᠳᠠᠵᠤ᠂ ᠨᠡᠭᠦᠷᠡᠰᠤ᠂ ᠴᠢᠯᠠᠭᠤᠨ ᠲᠣᠰᠣ᠂ ᠥᠩᠭᠡᠲᠦ ᠲᠡᠮᠦᠷᠯᠢᠭ᠂ ᠲᠡᠮᠦᠷᠯᠢᠭ ᠪᠤᠰᠤ ᠵᠡᠷᠭᠡ ᠬᠦᠷᠢᠶ᠎ᠡ ᠴᠠᠷᠠᠭ᠎ᠠ ᠵᠢᠨ ᠣᠯᠠᠨ ᠠᠭᠤᠷᠬᠠᠢ ᠵᠢᠨ ᠲᠥᠷᠥᠯ ᠳ᠋ᠤ ᠬᠤᠯᠪᠤᠭᠳᠠᠵᠠᠢ ᠃

ᠣᠢᠷ᠎ᠠ ᠵᠢᠨ ᠵᠢᠯ ᠡᠴᠡ ᠨᠡᠭᠠᠰᠢ᠂ ᠬᠥᠯᠥᠨ ᠪᠤᠢᠷ ᠬᠣᠲᠠ ᠲᠣᠭ᠎ᠠ ᠬᠡᠮᠵᠢᠶ᠎ᠡ ᠪᠠ ᠶᠠᠰᠤ ᠴᠢᠨᠠᠷ ᠢ᠋ ᠵᠡᠷᠭᠡ ᠪᠡᠷ ᠴᠢᠬᠤᠯᠠᠴᠢᠯᠠᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢᠭᠤᠯᠤᠯᠲᠠ ᠵᠢ ᠠᠬᠢᠭᠤᠯᠵᠤ᠂ 《ᠬᠥᠯᠥᠨ ᠪᠤᠢᠷ ᠬᠣᠲᠠ ᠵᠢᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢᠭᠤᠯᠤᠯᠲᠠ ᠵᠢᠨ ᠲᠥᠯᠥᠪᠵᠢᠭᠦᠯᠭᠡ》 ᠵᠡᠷᠭᠡ ᠪᠢᠴᠢᠭ ᠮᠠᠲ᠋ᠧᠷᠢᠶᠠᠯ ᠢ᠋ ᠳᠠᠷᠤᠮᠠᠯᠯᠠᠨ ᠲᠠᠷᠬᠠᠭᠠᠵᠤ᠂ 《ᠬᠥᠯᠥᠨ ᠪᠤᠢᠷ ᠬᠣᠲᠠ ᠵᠢᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ》 ᠢ᠋ ᠨᠡᠢᠲᠡᠯᠡᠨ ᠬᠡᠷᠡᠭᠵᠢᠭᠦᠯᠵᠦ᠂ ᠬᠠᠤᠯᠢᠵᠢᠯ ᠤ᠋ᠨ ᠠᠷᠭ᠎ᠠ ᠪᠡᠷ ᠠᠭᠤᠷᠬᠠᠢ ᠵᠢᠨ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ ᠵᠢ ᠬᠠᠮᠠᠭᠠᠯᠠᠵᠤ ᠪᠠᠢᠯ᠎ᠠ᠃ 2026 ᠣᠨ ᠤ᠋ 9 ᠰᠠᠷ᠎ᠠ ᠳ᠋ᠤ᠌ ᠨᠡᠢᠳᠡᠯᠡᠭᠰᠡᠨ ᠪᠦᠬᠦ ᠤᠯᠤᠰ ᠤ᠋ᠨ ᠭᠤᠷᠪᠠᠳᠤᠭᠠᠷ ᠪᠦᠯᠦᠭ ᠠᠭᠤᠷᠬᠠᠢ ᠵᠢᠨ ᠣᠷᠣᠨ ᠤ᠋ ᠠᠮᠢ ᠠᠬᠤᠢ ᠵᠢ ᠰᠡᠷᠭᠦᠭᠡᠭᠰᠡᠨ ᠨᠡᠢᠲᠡᠯᠢᠭ ᠬᠡᠷᠡᠭ ᠲᠦ᠍᠂ ᠬᠥᠯᠥᠨ ᠪᠤᠢᠷ ᠬᠣᠲᠠ ᠵᠢᠨ ᠢᠮᠢᠨ ᠤ᠋ ᠵᠠᠳᠠᠭᠠᠢ ᠠᠭᠤᠷᠬᠠᠢ ᠵᠢᠨ ᠠᠮᠢ ᠠᠬᠤᠢ ᠵᠢ ᠰᠡᠷᠭᠦᠭᠡᠭᠰᠡᠨ ᠬᠡᠷᠡᠭ ᠤ᠋ᠨ ᠵᠢᠱ᠌ᠢᠶ᠎ᠡ ᠨᠢ ᠰᠣᠩᠭᠣᠭᠳᠠᠵᠤ᠂ ᠦᠨᠳᠦᠷᠯᠢᠭ ᠬᠦᠢᠲᠡᠨ ᠲᠠᠯ᠎ᠠ ᠨᠤᠲᠤᠭ ᠤ᠋ᠨ ᠠᠭᠤᠷᠬᠠᠢ ᠵᠢᠨ ᠣᠷᠣᠨ ᠤ᠋ ᠠᠮᠢ ᠠᠬᠤᠢ ᠵᠢ ᠰᠡᠷᠭᠦᠭᠡᠬᠦ ᠦᠢᠯᠡᠳᠦᠯᠭᠡ ᠨᠢ ᠤᠯᠤᠰ ᠤ᠋ᠨ ᠨᠤᠳᠠᠯᠠᠯᠳᠠ ᠵᠢ ᠬᠦᠷᠳᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面