ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-11-10 09:04:48

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠰᠢᠯᠢ ᠵᠢᠨ ᠭᠤᠤᠯ ᠠᠢᠮᠠᠭ ᠤ᠋ᠨ ᠰᠥᠨᠢᠳ ᠵᠡᠭᠦᠨ ᠬᠣᠰᠢᠭᠤᠨ ᠤ᠋ ᠬᠣᠶᠠᠷ ᠵᠤᠷᠪᠤᠰ ᠡᠯᠡᠰᠤ ᠵᠢ ᠳᠤᠭᠤᠯᠤᠭᠰᠠᠨ ᠵᠠᠰᠠᠮᠠᠯ ᠵᠠᠮ ᠨᠢ ᠪᠠᠶᠠᠨᠨᠠᠭᠤᠷ ᠪᠠᠯᠭᠠᠰᠤᠨ ᠤ᠋ ᠬᠤᠯᠠᠨ ᠰᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ᠎ᠲᠤ ᠪᠥᠬᠥ ᠱᠤᠭᠤᠮ ᠢ᠋ᠢᠠᠷ ᠠᠵᠢᠯ ᠳᠠᠭᠤᠰᠪᠠ᠃ ᠡᠨᠡ ᠬᠦ᠌ ᠲᠥᠷᠥᠯ ᠵᠦᠢᠯ ᠨᠢ ᠪᠠᠷᠤᠭ 3 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠶ᠋ᠢ ᠵᠠᠰᠠᠵᠤ᠂ ᠪᠥᠬᠥ ᠬᠣᠰᠢᠭᠤᠨ ᠤ᠋ ᠡᠯᠡᠰᠦᠷᠬᠡᠭ ᠭᠠᠵᠠᠷ ᠤ᠋ᠨ ᠵᠠᠮ ᠬᠠᠷᠢᠯᠴᠠᠭ᠎ᠠ ᠶ᠋ᠢ ᠲᠠᠰ ᠳᠡᠪᠰᠢᠭᠦᠯᠤᠨ᠂ ᠠᠮᠢ ᠠᠬᠤᠢ ᠶ᠋ᠢᠨ ᠵᠠᠰᠠᠯᠲᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠋ ᠢ᠋ ᠨᠡᠮᠡᠭᠳᠡᠭᠦᠯᠬᠦ ᠶ᠋ᠢ ᠠᠬᠢᠭᠤᠯᠤᠨ᠂ ᠨᠤᠲᠤᠭ ᠪᠡᠯᠴᠢᠭᠡᠷ᠎ᠦᠨ ᠠᠮᠢ ᠠᠬᠤᠢ ᠶ᠋ᠢ ᠬᠠᠮᠠᠭᠠᠯᠠᠵᠤ᠂ ᠮᠠᠯᠴᠢᠳ ᠤ᠋ᠨ ᠣᠷᠣᠯᠭ᠎ᠠ ᠶ᠋ᠢ ᠨᠡᠮᠡᠭᠳᠡᠭᠦᠯᠦᠨ᠂ ᠮᠠᠯᠵᠢᠬᠤ ᠣᠷᠣᠨ ᠤ᠋ ᠴᠢᠨᠠᠷ ᠰᠠᠢᠲᠠᠢ ᠬᠥᠭᠵᠢᠯᠲᠡ ᠳ᠋ᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

ᠲᠥᠷᠥᠯ ᠵᠦᠢᠯ ᠤ᠋ᠨ ᠶᠡᠷᠦᠩᠬᠡᠢ ᠪᠡᠯᠡ ᠣᠷᠣᠭᠤᠯᠤᠯᠲᠠ ᠨᠢ 3300 ᠭᠠᠷᠤᠢ ᠲᠦᠮᠡᠨ ᠲᠥᠭᠥᠷᠢᠭ ᠲᠦ᠍ ᠬᠦᠷᠴᠦ᠂ ᠡᠯᠡᠰᠦ ᠶ᠋ᠢ ᠳᠤᠭᠤᠯᠤᠭᠰᠠᠨ ᠵᠠᠰᠠᠮᠠᠯ ᠵᠠᠮ ᠤ᠋ᠨ ᠪᠦᠬᠦ ᠣᠷᠳᠣ᠌ ᠨᠢ 49.1 ᠺᠢᠯᠣᠮᠧᠲᠷ ᠪᠤᠢ᠃ ᠳᠤᠰ ᠬᠣᠶᠠᠷ ᠵᠤᠷᠪᠤᠰ ᠵᠠᠰᠠᠮᠠᠯ ᠵᠠᠮ ᠤ᠋ᠨ ᠪᠦᠳᠦᠭᠡᠨ ᠪᠠᠢᠭᠤᠯᠤᠯᠳᠠ ᠵᠢ ᠡᠯᠡᠰᠦᠷᠬᠡᠭ ᠭᠠᠵᠠᠷ ᠲᠡᠬᠢ ᠪᠦᠲᠦᠭᠡᠨ ᠪᠠᠢᠭᠤᠯᠤᠯᠲᠠ ᠶ᠋ᠢᠨ ᠪᠠᠷᠢᠮᠵᠢᠶ᠎ᠠ᠎ᠲᠠᠢ ᠤᠶᠠᠯᠳᠤᠭᠤᠯᠬᠤ ᠵᠢᠨ ᠬᠠᠮᠳᠤ ᠵᠠᠮ ᠨᠡᠪᠲᠡᠷᠡᠯᠭᠡ ᠶ᠋ᠢᠨ ᠬᠡᠷᠡᠭᠴᠡᠭᠡ ᠱᠠᠭᠠᠷᠳᠠᠯᠭ᠎ᠠ ᠪᠠ ᠨᠤᠲᠤᠭ ᠪᠡᠯᠴᠢᠭᠡᠷ᠎ᠦᠨ ᠠᠮᠢ ᠠᠬᠤᠢ ᠶ᠋ᠢᠨ ᠬᠠᠮᠠᠭᠠᠯᠠᠯᠲᠠ ᠶ᠋ᠢ ᠴᠦ᠍ ᠪᠤᠳᠤᠯᠬᠢᠯᠠᠵᠠᠢ᠃ ᠵᠠᠰᠠᠮᠠᠯ ᠵᠠᠮ ᠨᠢ ᠡᠯᠡᠰᠦᠷᠬᠡᠭ ᠣᠷᠣᠨ ᠤ᠋ ᠵᠠᠮ ᠬᠠᠷᠢᠯᠴᠠᠭ᠎ᠠ᠎ᠵᠢᠨ 《ᠡᠴᠦᠰ᠎ᠦᠨ ᠨᠢᠭᠡ ᠺᠢᠯᠤᠮᠧᠲᠷ》 ᠢ᠋ ᠨᠠᠪᠲᠠᠷᠡᠭᠦᠯᠵᠦ᠂ ᠨᠡᠭᠦᠳᠡᠯ ᠡᠯᠡᠰᠦ ᠨᠢ ᠵᠠᠮ ᠬᠠᠷᠢᠯᠴᠠᠭ᠎ᠠ ᠵᠢ ᠬᠠᠰᠢᠵᠤ ᠪᠠᠢᠭ᠎ᠠ ᠬᠦᠴᠢᠷ ᠠᠰᠠᠭᠤᠳᠠᠯ ᠢ᠋ ᠰᠢᠢᠳᠪᠦᠷᠢᠯᠡᠨ᠂ ᠵᠠᠮ ᠳᠠᠭᠠᠤ ᠶ᠋ᠢᠨ ᠮᠠᠯᠴᠢᠳ ᠤ᠋ᠨ ᠶᠠᠪᠤᠵᠤ ᠰᠠᠭᠤᠬᠤ᠂ ᠦᠬᠡᠷ ᠬᠤᠨᠢᠨ ᠮᠢᠬ᠎ᠠ ᠪᠣᠯᠣᠨ ᠴᠠᠭᠠᠨ ᠢᠳᠡᠭᠡ ᠵᠡᠷᠭᠡ ᠮᠠᠯ ᠤ᠋ᠨ ᠠᠰᠢᠭ᠋ ᠰᠢᠮ᠎ᠡ ᠶ᠋ᠢ ᠭᠠᠳᠠᠭ᠍ᠰᠢ ᠵᠥᠭᠡᠭᠡᠪᠦᠷᠢᠯᠡᠬᠦ ᠳ᠋ᠤ ᠨᠡᠩ ᠲᠦᠬᠦᠮ ᠦᠵᠡᠭᠦᠯᠵᠦ᠂ ᠮᠠᠯ ᠠᠵᠤ ᠠᠬᠤᠢ᠂ ᠠᠮᠢ ᠠᠬᠤᠢ ᠶ᠋ᠢᠨ ᠵᠢᠭᠤᠯᠴᠢᠯᠠᠯ ᠤ᠋ᠨ ᠬᠥᠭᠵᠢᠯᠲᠡ ᠶ᠋ᠢ ᠪᠦᠲᠦᠮᠵᠢᠲᠡᠢ ᠲᠠᠢ᠍ᠢᠴᠢᠯᠠᠪᠠ᠃ ᠡᠭᠦᠨ ᠤ᠋ ᠬᠠᠮᠲᠤ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠵᠢ ᠵᠠᠰᠠᠬᠤ ᠵᠢ ᠠᠬᠢᠭᠤᠯᠵᠤ᠂ ᠡᠯᠡᠰᠦᠷᠬᠡᠭ ᠭᠠᠵᠠᠷ ᠤ᠋ᠨ ᠤᠷᠭᠤᠮᠠᠯ ᠤ᠋ᠨ ᠪᠦᠷᠬᠦᠴᠡ ᠠᠶᠠᠨᠳᠠᠭᠠᠨ ᠰᠡᠷᠭᠦᠬᠦ ᠳ᠋ᠤ ᠨᠥᠬᠥᠴᠡᠯ ᠪᠦᠷᠢᠯᠳᠦᠭᠦᠯᠵᠦ ᠥᠭᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面