ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-11-10 09:04:31

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

ᠣᠢᠷ᠎ᠠ ᠳ᠋ᠤ᠂ ᠥᠪᠥᠷ ᠮᠣᠩᠭᠣᠯ ᠤ᠋ᠨ ᠣᠶ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠴᠤᠤᠯ ᠠᠵᠤ ᠦᠢᠯᠡᠳᠪᠦᠷᠢ ᠵᠢᠨ ᠺᠣᠮᠫᠠᠨᠢ ᠵᠢᠨ ᠣᠶ ᠰᠢᠭᠤᠢ ᠵᠢᠨ ᠡᠬᠢ ᠪᠠᠶᠠᠯᠢᠭ᠋ ᠤ᠋ᠨ ᠬᠠᠮᠢᠶᠠᠷᠤᠯᠲᠠ ᠵᠢᠨ ᠲᠥᠪ ᠤ᠋ᠨ ᠬᠠᠷᠢᠶᠠᠨ ᠳ᠋ᠤ ᠤᠯᠤᠰ ᠤ᠋ᠨ ᠠᠮᠢ ᠠᠬᠤᠢ᠎ᠵᠢᠨ ᠦᠷᠳᠡᠭ᠂ ᠰᠢᠨᠵᠢᠯᠡᠭᠡ ᠮᠡᠷᠭᠡᠵᠢᠯ᠎ᠤᠨ ᠦᠷᠳᠡᠭ᠂ ᠨᠡᠢᠭᠡᠮ᠎ᠤᠨ ᠦᠷᠳᠡᠭ ᠵᠡᠷᠭᠡ ᠭᠤᠷᠪᠠᠨ ᠲᠠᠯ᠎ᠠ᠎ᠵᠢᠨ ᠦᠷᠳᠡᠭ ᠲᠠᠢ ᠬᠠᠮᠠᠭᠠᠯᠠᠯᠲᠠ ᠵᠢᠨ ᠠᠮᠢᠲᠠᠨ  ᠴᠠᠤᠷᠠᠢ ᠶ᠋ᠢ ᠢᠯᠡᠷᠡᠭᠦᠯᠪᠡ ᠃

ᠴᠠᠤᠷᠠᠢ ᠪᠣᠯ ᠶᠡᠬᠡ ᠬᠢᠩᠭᠠᠨ ᠳᠠᠪᠠᠭ᠎ᠠ ᠵᠢᠨ ᠰᠢᠭᠤᠢᠲᠤ ᠣᠷᠣᠨ ᠳ᠋ᠤ ᠪᠠᠢᠩᠭᠤ ᠬᠠᠷᠠᠭᠳᠠᠳᠠᠭ ᠰᠢᠪᠠᠭᠤ ᠪᠠᠢᠵᠤ᠂ ᠨᠡᠭᠦᠳᠡᠯ ᠤ᠋ᠨ ᠰᠢᠪᠠᠭᠤᠨ᠎ᠤ ᠲᠥᠷᠥᠯ ᠳ᠋ᠤ ᠪᠠᠭᠲᠠᠬᠤ ᠦᠭᠡᠢ᠂ ᠪᠥᠬᠥ ᠪᠡᠶ᠎ᠡ ᠨᠢ ᠴᠠᠭᠠᠨ ᠲᠣᠯᠪᠣ᠎ᠲᠠᠢ ᠪᠤᠯᠬᠤᠷ ᠢᠯᠭᠠᠨ ᠲᠠᠨᠢᠬᠤ ᠳ᠋ᠤ ᠮᠠᠰᠢ ᠠᠮᠠᠷᠬᠠᠨ ᠪᠠᠢᠳᠠᠭ᠃ ᠥᠩᠭᠡᠷᠡᠭᠰᠡᠨ ᠳ᠋ᠤ ᠴᠠᠤᠷᠠᠢ᠎ᠣᠯᠠᠩᠬᠢ ᠳ᠋ᠠᠭᠠᠨ ᠠᠭᠯᠠᠭ ᠠᠭᠤᠯᠠ ᠢᠭ᠍ᠴᠤ ᠣᠶ ᠳ᠋ᠤ ᠠᠮᠢᠳᠤᠷᠠᠵᠤ᠂ ᠬᠥᠮᠥᠨ ᠬᠠᠷ᠎ᠠ ᠲᠥᠪᠯᠡᠷᠡᠭᠰᠡᠨ ᠭᠠᠵᠠᠷ ᠣᠷᠣᠨ ᠳ᠋ᠤ ᠮᠠᠰᠢ ᠴᠥᠭᠡᠨ ᠬᠠᠷᠠᠭᠳᠠᠳᠠᠭ᠃ ᠲᠤᠰ ᠤᠳᠠᠭ᠎ᠠ ᠴᠠᠤᠷᠠᠢ ᠶ᠋ᠢ  ᠢᠯᠡᠷᠡᠭᠦᠯᠦᠭᠰᠡᠨ ᠨᠢ ᠴᠤᠤᠯ ᠰᠢᠭᠤᠢᠲᠤ ᠣᠷᠣᠨ᠎ᠤ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ᠂ ᠬᠡᠭᠡᠷ᠎ᠡ ᠵᠢᠨ ᠠᠮᠢᠲᠠᠨ ᠤᠷᠭᠤᠮᠠᠯ ᠤ᠋ᠨ ᠣᠷᠣᠰᠢᠨ ᠠᠮᠢᠳᠤᠷᠠᠬᠤ ᠣᠷᠴᠢᠨ ᠲᠠᠰᠤᠷᠠᠯᠲᠠ ᠦᠭᠡᠢ ᠰᠢᠯᠢᠳᠡᠭᠵᠢᠨ᠂ ᠠᠮᠢᠳᠤ ᠪᠣᠳᠠᠰ ᠤ᠋ᠨ ᠤᠯᠠᠠ ᠶᠠᠩᠵᠤᠲᠤ ᠴᠢᠨᠠᠷ ᠲᠠᠰᠤᠷᠠᠯᠲᠠ ᠦᠭᠡᠢ ᠰᠡᠷᠭᠦᠵᠦ ᠪᠠᠢᠬᠤ ᠶ᠋ᠢ ᠭᠡᠷᠡᠴᠢᠯᠡᠪᠡ᠃ ᠡᠨᠡ ᠵᠢᠯ᠎ᠡᠴᠡ ᠨᠠᠭᠠᠰᠢ᠂ ᠴᠤᠤᠯ ᠠᠵᠤ ᠦᠢᠯᠡᠳᠪᠦᠷᠢ ᠵᠢᠨ ᠺᠣᠮᠫᠠᠨᠢ ᠡᠯ᠎ᠡ ᠵᠦᠢᠯ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ᠋ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ᠎ᠵᠢ ᠵᠤᠬᠢᠶᠠᠨ ᠪᠠᠢᠭᠤᠯᠬᠤ᠂ ᠨᠤᠭᠤ ᠭᠠᠵᠠᠷ ᠤ᠋ᠨ ᠴᠡᠴᠡᠷᠯᠢᠭ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠪᠡᠷ ᠲᠣᠭᠣᠷᠢᠨ ᠬᠠᠮᠠᠭᠠᠯᠠᠬᠤ᠂ ᠰᠢᠪᠠᠭᠤ ᠶ᠋ᠢ ᠬᠠᠮᠠᠭᠠᠯᠠᠬᠤ ᠰᠠᠨᠠᠭᠤᠯᠤᠮᠵᠢ ᠵᠢᠨ ᠫᠠᠢᠰᠠ ᠪᠠᠢᠷᠢᠯᠠᠭᠤᠯᠬᠤ᠂ ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠬᠤ ᠠᠵᠢᠯ ᠢ᠋ ᠢᠳᠡᠪᠬᠢᠲᠡᠢ ᠥᠷᠨᠢᠭᠦᠯᠬᠦ ᠵᠡᠷᠭᠡ ᠤᠯᠠᠨ ᠵᠦᠢᠯ ᠤ᠋ᠨ ᠠᠷᠭ᠎ᠠ ᠬᠡᠮᠵᠢᠶ᠎ᠡ ᠪᠡᠷ ᠳᠠᠮᠵᠢᠨ ᠬᠡᠭᠡᠷ᠎ᠡ ᠵᠢᠨ ᠠᠮᠢᠲᠠᠨ ᠢ᠋ ᠬᠠᠮᠠᠭᠠᠯᠠᠬᠤ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面