ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-11-11 11:20:08

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄ 3

ᠣᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ᠎ᠲᠠᠢ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢᠯᠢᠬ ᠣᠶ ᠶ᠋ᠢ ᠬᠠᠮᠠᠭᠠᠯᠠᠨ ᠰᠡᠷᠭᠦᠭᠡᠬᠦ ᠬᠡᠷᠡᠭᠵᠢᠭᠦᠯᠬᠦ ᠲᠥᠰᠥᠯ》 (ᠳᠤᠤᠷ᠎ᠠ 《ᠲᠦᠰᠦᠯ 》 ᠭᠡᠵᠤ ᠲᠤᠪᠴᠢᠯᠠᠨ᠎ᠠ) ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠪᠠᠢᠭᠠᠯᠢᠯᠢᠬ ᠣᠶ ᠪᠠ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠣᠷᠣᠨ ᠬᠤᠪᠢᠶᠠᠷᠢᠯᠠᠯ᠂ ᠡᠬᠢ ᠪᠠᠶᠠᠯᠢᠭ ᠢ᠋ ᠬᠠᠮᠢᠶᠠᠷᠴᠤ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠡᠷ ᠰᠡᠷᠭᠦᠭᠡᠬᠦ᠂ ᠬᠡᠯᠪᠡᠷᠢ ᠪᠡᠨ ᠬᠤᠪᠢᠷᠠᠭᠤᠯᠤᠨ ᠬᠥᠭᠵᠢᠭᠦᠯᠬᠦ᠂ ᠲᠤᠯᠭᠠᠭᠤᠷᠢᠯᠠᠨ ᠪᠠᠲᠤᠯᠠᠬᠤ ᠲᠠᠪᠤᠨ ᠶᠡᠬᠡ ᠭᠣᠣᠯ ᠡᠭᠦᠷᠭᠡ ᠵᠢᠨ ᠲᠣᠭᠣᠷᠢᠨ ᠳ᠋ᠤ᠂ ᠪᠣᠳᠠᠲᠠᠢ ᠨᠠᠢᠳᠠᠪᠤᠷᠢᠵᠢᠭᠤᠯᠬᠤ 14 ᠵᠦᠢᠯ ᠤ᠋ᠨ ᠠᠷᠭ᠎ᠠ ᠬᠡᠮᠵᠢᠶ᠎ᠡ ᠶ᠋ᠢ ᠪᠠᠢᠷᠢᠯᠠᠭᠤᠯᠵᠤ᠂ ᠪᠥᠬᠥ ᠣᠷᠣᠨ᠎ᠤ ᠪᠠᠢᠭᠠᠯᠢᠯᠢᠬ ᠣᠶ ᠶ᠋ᠢ ᠬᠠᠮᠠᠭᠠᠯᠠᠵᠤ ᠰᠡᠷᠭᠦᠭᠡᠬᠦ ᠠᠵᠢᠯ᠎ᠢ ᠪᠥᠬᠥ ᠲᠠᠯ᠎ᠠ ᠪᠡᠷ ᠠᠬᠢᠭᠤᠯᠪᠠ᠃

《ᠲᠥᠰᠥᠯ》 ᠎ᠳ᠋ᠤ 2030 ᠣᠨ ᠪᠣᠯᠬᠤ ᠳ᠋ᠤ 4500 ᠲᠦᠮᠡᠨ ᠮᠦ᠍ ᠡᠴᠡ ᠳᠡᠭᠡᠭᠰᠢᠬᠢ ᠣᠶ ᠰᠢᠭᠤᠢ ᠶ᠋ᠢ ᠶᠡᠷᠦᠩᠬᠡᠢᠯᠡᠨ ᠵᠠᠰᠠᠨ ᠰᠡᠷᠭᠦᠭᠡᠵᠦ᠂ ᠪᠠᠢᠭᠠᠯᠢᠯᠢᠬ ᠣᠶ ᠵᠢᠨ ᠲᠠᠯᠠᠪᠠᠶ ᠶ᠋ᠢ 2.68 ᠳ᠋ᠦᠩᠰᠢᠭᠤᠷ ᠮᠦ᠍ ᠲᠣᠭᠲᠠᠭᠤᠨ ᠪᠠᠢᠯᠭᠠᠨ᠎ᠠ;2035 ᠣᠨ ᠪᠣᠯᠬᠤ ᠳ᠋ᠤ 7200 ᠲᠦᠮᠡᠨ ᠮᠤ᠌ ᠡᠴᠡ ᠳᠡᠭᠡᠭᠰᠢᠬᠢ ᠣᠶ ᠰᠢᠭᠤᠢ ᠶ᠋ᠢ ᠶᠡᠷᠦᠩᠬᠡᠢᠯᠡᠨ ᠰᠡᠷᠭᠦᠭᠡᠬᠦ ᠠᠵᠢᠯ ᠢ᠋᠎ᠪᠡᠶᠡᠯᠡᠭᠦᠯᠵᠦ᠂ ᠪᠠᠢᠭᠠᠯᠢᠯᠢᠬ ᠣᠶ ᠶ᠋ᠢ ᠬᠠᠮᠢᠶᠠᠷᠴᠤ ᠬᠠᠮᠠᠭᠠᠯᠠᠬᠤ ᠡᠭᠦᠷᠭᠡ ᠶ᠋ᠢ ᠪᠡᠶᠡᠯᠡᠭᠦᠯᠦᠭᠰᠡᠨ ᠨᠣᠷᠮ᠎ᠠ ᠶ᠋ᠢ ᠣᠷᠳᠣ᠌ ᠬᠤᠭᠤᠴᠠᠭ᠎ᠠ ᠪᠡᠷ 100% ᠳ᠋ᠤ ᠬᠦᠷᠭᠡᠬᠦ ᠬᠣᠶᠠᠷ ᠵᠦᠢᠯ ᠤ᠋ᠨ ᠱᠠᠲᠤᠴᠢ ᠴᠢᠨᠠᠷᠲᠠᠢ ᠬᠠᠲᠠᠭᠤ ᠭᠦᠢᠴᠡᠳᠬᠡᠯ ᠲᠣᠭ᠎ᠠ ᠶ᠋ᠢ ᠲᠣᠳᠣᠷᠬᠠᠢ ᠲᠣᠭᠲᠠᠭᠠᠪᠠ᠃

ᠲᠣᠰ ᠤᠳᠠᠭ᠎ᠠ ᠵᠢᠨ 《ᠲᠥᠰᠥᠯ》 ᠎ᠳ᠋ᠤ ᠠᠩᠬ᠎ᠠ ᠤᠳᠠᠭ᠎ᠠ ᠠᠮᠢ ᠠᠬᠤᠢ ᠵᠢᠨ ᠣᠷᠣᠨ ᠪᠠᠢᠷᠢ ᠵᠢᠨ ᠴᠢᠬᠤᠯᠠ ᠴᠢᠨᠠᠷ ᠵᠡᠷᠭᠡ ᠪᠠᠷᠢᠮᠵᠢᠶ᠎ᠠ ᠶᠣᠰᠣᠭᠠᠷ ᠪᠥᠬᠥ ᠣᠷᠣᠨ᠎ᠤ ᠪᠠᠢᠭᠠᠯᠢᠯᠢᠬ ᠣᠶ ᠶ᠋ᠢ 0.3 ᠳ᠋ᠦᠩᠰᠢᠭᠤᠷ ᠮᠦ᠍ ᠭᠣᠣᠯᠳᠠᠯᠭ᠎ᠠ᠎ᠲᠠᠢ ᠬᠠᠮᠠᠭᠠᠯᠠᠯᠲᠠ ᠵᠢᠨ ᠣᠷᠣᠨ ᠪᠦᠰᠡ ᠪᠣᠯᠭᠠᠨ ᠬᠤᠪᠢᠶᠠᠵᠤ᠂ 3.1 ᠳ᠋ᠦᠩᠰᠢᠭᠤᠷ ᠮᠦ᠍ ᠡᠩ ᠤ᠋ᠨ ᠬᠠᠮᠠᠭᠠᠯᠠᠯᠲᠠ ᠵᠢᠨ ᠣᠷᠣᠨ ᠪᠦᠰᠡ ᠳ᠋ᠤ ᠲᠥᠷᠥᠯ ᠬᠤᠪᠢᠶᠠᠨ ᠵᠦᠷᠢᠶᠡᠴᠢᠯᠡᠭᠰᠡᠨ ᠬᠠᠮᠢᠶᠠᠷᠤᠯᠲᠠ ᠡᠵᠡᠮᠳᠡᠯ᠎ᠢ ᠬᠡᠷᠡᠭᠵᠢᠭᠦᠯᠤᠨ᠂ ᠡᠩ ᠤ᠋ᠨ ᠣᠷᠣᠨ ᠪᠦᠰᠡ ᠳ᠋ᠤ ᠲᠣᠭᠲᠠᠭᠠᠯ  ᠳ᠋ᠤ ᠨᠡᠢᠴᠡᠭᠰᠡᠨ ᠤᠷᠢᠲᠠᠯ ᠳᠣᠣᠷ᠎ᠠ ᠣᠶ ᠲᠤᠳᠤᠷᠠᠬᠢ ᠠᠵᠤ ᠠᠬᠤᠢ᠂ ᠠᠮᠢ ᠠᠬᠤᠢ ᠵᠢᠨ ᠵᠢᠭᠤᠯᠴᠢᠯᠠᠯ ᠵᠡᠷᠭᠡ ᠪᠣᠬᠢᠷᠲᠤᠯ ᠦᠭᠡᠢ ᠠᠵᠤ ᠦᠢᠯᠡᠰ ᠎ᠢ ᠵᠣᠬᠢᠬᠤ ᠬᠡᠮᠵᠢᠶ᠎ᠡ᠎ᠪᠡᠷ ᠬᠥᠭᠵᠢᠭᠦᠯᠵᠦ ᠪᠣᠯᠣᠨ᠎ᠠ; ᠪᠠᠢᠭᠠᠯᠢᠯᠢᠬ ᠣᠶ ᠬᠢᠭᠡᠳ ᠨᠡᠶ᠋ᠢᠲᠡ ᠵᠢᠨ ᠠᠰᠠᠷᠠᠮᠵᠢ ᠵᠢᠨ ᠣᠶ ᠵᠢᠨ ᠬᠠᠮᠢᠶᠠᠷᠤᠯᠲᠠ ᠶ᠋ᠢ ᠨᠢᠭᠡᠳᠬᠡᠬᠦ ᠶ᠋ᠢ ᠠᠬᠢᠭᠤᠯᠵᠤ᠂ ᠣᠯᠠᠨ ᠲᠥᠷᠥᠯ ᠤ᠋ᠨ ᠣᠶ ᠰᠢᠭᠤᠢ ᠵᠢᠨ ᠲᠤᠰᠬᠠᠢ ᠨᠥᠬᠥᠪᠦᠷᠢ ᠶ᠋ᠢ ᠡᠮᠬᠢᠯᠡᠨ ᠨᠡᠢᠯᠡᠭᠦᠯᠵᠦ᠂ ᠣᠶ ᠰᠢᠭᠤᠢ ᠵᠢᠨ ᠠᠮᠢ ᠠᠬᠤᠢ ᠶ᠋ᠢ ᠬᠠᠮᠠᠭᠠᠯᠠᠨ ᠰᠡᠷᠭᠦᠭᠡᠬᠦ  ᠨᠥᠬᠥᠪᠦᠷᠢ  ᠶ᠋ᠢ ᠨᠢᠭᠡᠳᠦᠯᠲᠡᠢ  ᠪᠠᠢᠭᠤᠯᠤᠨ᠂  3 ᠲᠦᠮᠡ ᠭᠠᠷᠤᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠵᠢᠨ ᠣᠷᠣᠨ᠎ᠢ ᠵᠠᠭᠠᠭᠯᠠᠨ ᠲᠣᠭᠲᠠᠭᠠᠵᠤ᠂ ᠤᠯᠤᠰ ᠎ᠤᠨ ᠥᠮᠴᠢᠯᠡᠯᠲᠦ ᠣᠶ ᠰᠢᠭᠤᠢ ᠵᠢᠨ ᠨᠢᠭᠡᠴᠢ ᠵᠢᠨ ᠠᠵᠢᠯᠲᠠᠨ ᠠᠵᠢᠯᠴᠢᠨ᠎ᠤ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ ᠎ᠢ ᠤᠷᠢᠳ ᠵᠢᠡᠷ ᠪᠠᠲᠤ ᠰᠠᠬᠢᠨ᠎ᠠ; ᠪᠥᠬᠥ ᠦᠶᠡᠯᠡᠯ ᠤ᠋ᠨ ᠬᠤᠭᠤᠴᠠᠭᠠᠨ᠎ᠳᠠᠬᠢ ᠪᠠᠢᠭᠠᠯᠢᠯᠢᠬ ᠤᠢ ᠵᠢᠨ ᠡᠵᠡᠩᠨᠡᠯᠲᠡ ᠵᠢᠨ ᠤᠢᠯᠠᠭᠠᠭᠳᠠᠬᠤᠨ᠎ᠢ ᠪᠠᠷᠢᠮᠲᠠᠯᠠᠵᠤ᠂ 16 ᠢᠵᠢ ᠭᠠᠵᠠᠷ ᠤᠷᠤᠨ᠎ᠳᠤᠨᠢ ᠲᠤᠬᠢᠷᠠᠭᠤᠯᠤᠨ ᠰᠡᠷᠭᠦᠭᠡᠬᠦ ᠵᠠᠭᠪᠤᠷ᠎ᠢ ᠪᠣᠯᠪᠠᠰᠤᠷᠠᠭᠤᠯᠤᠨ ᠪᠦᠷᠢᠯᠳᠦᠭᠦᠯᠵᠦ᠂ 5 ᠵᠢᠱ᠌ᠢᠶ᠎ᠡ ᠦᠵᠡᠭᠦᠯᠬᠦ ᠵᠠᠭᠪᠤᠷ᠎ᠢ ᠪᠣᠶ ᠪᠣᠯᠭᠠᠨ᠂ ᠪᠠᠢᠭᠠᠯᠢᠯᠢᠬ ᠣᠶ ᠵᠢᠨ ᠠᠮᠢ ᠠᠬᠤᠢ ᠵᠢᠨ ᠶᠠᠰᠤ ᠴᠢᠨᠠᠷ ᠎ᠢ ᠨᠠᠷᠢᠯᠢᠭ ᠣᠨᠣᠪᠴᠢᠲᠠᠶ ᠪᠡᠷ ᠳᠡᠭᠡᠭᠰᠢᠯᠡᠭᠦᠯᠬᠦ ᠵᠡᠷᠭᠡ ᠭᠤᠷᠪᠠᠨ ᠵᠦᠢᠯ ᠤ᠋ᠨ ᠰᠢᠪᠲᠤᠯᠤᠯᠲᠠ ᠵᠢᠨ ᠴᠢᠨᠠᠷᠲᠠᠢ ᠰᠢᠨ᠎ᠡ ᠡᠭᠦᠳᠦᠯᠲᠡ ᠵᠢᠨ ᠲᠣᠬᠢᠷᠠᠭᠤᠯᠤᠯᠲᠠ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面